ᠳᠤᠮᠳᠠᠳᠤ ᠤᠯᠤᠰ ᠤᠨ ᠡᠪ ᠬᠠᠮᠲᠤ ᠨᠠᠮ ᠤᠨ ᠵᠠᠯᠠᠶᠢᠳ ᠬᠤᠰᠢᠭᠤᠨ ᠤ ᠬᠤᠷᠢᠶ᠎ᠠ ᠪᠠᠶᠢᠩᠭᠤ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/5/23
           5 ᠰᠠᠷ᠎ᠠ ᠶᠢᠨ 22 ᠤᠨ ᠡᠳᠦᠷ᠂ ᠵᠠᠯᠠᠶᠢᠳ ᠬᠤᠰᠢᠭᠤᠨ ᠤ ᠨᠠᠮ ᠤᠨ ᠬᠤᠷᠢᠶ᠎ᠠ ᠶᠢᠨ ᠱᠦᠵᠢ ᠴᠢ ᠯᠢᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠵᠠᠯᠠᠶᠢᠳ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ 2025 ᠣᠨ ᠤ ᠠᠷᠪᠠᠨ ᠭᠤᠷᠪᠠᠳᠤᠭᠠᠷ ᠤᠳᠠᠭᠠᠨ ᠤ ᠬᠤᠷᠠᠯ ᠵᠢᠴᠢ ᠬᠤᠰᠢᠭᠤᠨ ᠤ ᠨᠠᠮ ᠤᠨ ᠬᠤᠷᠢᠶ᠎ᠠ ᠶᠢᠨ ᠡᠳ᠋ ᠤᠨ ᠵᠠᠰᠠᠭ ᠠᠵᠤ ᠠᠬᠤᠶ ᠶᠢᠨ ᠵᠥᠪᠯᠡᠯ ᠤᠨ ᠬᠤᠷᠠᠯ᠂ ᠬᠤᠰᠢᠭᠤᠨ ᠤ ᠨᠠᠮ ᠤᠨ ᠬᠤᠷᠢᠶ᠎ᠠ ᠶᠢᠨ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠤᠳᠤᠷᠢᠳᠬᠤ ᠳᠤᠭᠤᠶᠢᠯᠠᠩ ᠤᠨ 2025 ᠣᠨ ᠤ ᠬᠤᠶᠠᠳᠤᠭᠠᠷ ᠤᠳᠠᠭᠠᠨ ᠤ ᠬᠤᠷᠠᠯ ᠢ ᠡᠷᠭᠢᠯᠡᠨ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠬᠤᠯᠪᠣᠭᠳᠠᠯ ᠪᠥᠬᠦᠶ ᠴᠢᠬᠤᠯᠠ ᠶᠠᠷᠢᠶ᠎ᠠ ᠪᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠵᠢᠴᠢ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶ᠎ᠠ ᠶᠢᠨ ᠬᠠᠮᠢᠶ᠎ᠠ ᠪᠥᠬᠦᠶ ᠬᠤᠷᠠᠯ ᠪᠠ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠠᠮᠢᠶ᠎ᠠ ᠪᠥᠬᠦᠶ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠠᠮᠢᠶ᠎ᠠ ᠪᠥᠬᠦᠶ ᠪᠢᠴᠢᠭ ᠮᠠᠲ᠋ᠧᠷᠢᠶᠠᠯ ᠢ ᠰᠤᠳᠤᠯᠤᠨ ᠬᠢᠨᠠᠨ ᠵᠥᠪᠯᠡᠵᠦ᠂ ᠲᠠᠷᠠᠭᠠᠴᠢ ᠶᠢᠨ ᠠᠯᠬᠤᠮ ᠤᠨ ᠠᠵᠢᠯ ᠢᠶᠠᠨ ᠳᠣᠭᠢᠷᠠᠭᠤᠯᠤᠨ ᠪᠠᠶᠢᠷᠢᠯᠠᠭᠤᠯᠪᠠ᠃    ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠠᠶᠢᠳᠤᠷ ᠰᠤᠷᠤᠯᠴᠠᠨ ᠣᠶᠢᠯᠠᠭᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ︽ᠪᠦᠰᠡᠯᠡᠯᠲᠡ ᠰᠢᠪᠲᠤᠯᠬᠤ︾ ᠢᠨᠵᠧᠨᠧᠷᠢᠩ ᠢ ᠦᠷᠭᠦᠯᠵᠢᠯᠡᠨ ᠠᠬᠢᠭᠤᠯᠵᠤ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠰᠠᠶᠢᠳᠤᠷ ᠬᠥᠭᠵᠢᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠤᠨ ᠬᠤᠪᠢᠷᠠᠭᠤᠯᠤᠯᠲᠠ ᠶᠢ ᠲᠦᠷᠭᠡᠳᠬᠡᠨ ᠠᠬᠢᠭᠤᠯᠬᠤ ᠬᠡᠷᠡᠭᠲᠡᠢ᠃ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠶᠢ ᠴᠢᠨᠠᠷ ᠰᠠᠶᠢᠲᠠᠢ ᠥᠨᠳᠥᠷ ᠪᠦᠲᠦᠮᠵᠢᠲᠡᠢ ᠠᠬᠢᠭᠤᠯᠵᠤ᠂ ᠠᠵᠤ ᠠᠬᠤᠢ ᠶᠢᠨ ᠠᠵᠢᠯᠯᠠᠭᠠᠨ ᠢ ᠰᠠᠶᠢᠲᠤᠷ ᠠᠳᠬᠤᠬᠤ ᠬᠠᠷᠢᠭᠤᠴᠠᠯᠭᠠᠲᠤ ᠰᠡᠳᠬᠢᠯᠭᠡ ᠪᠣᠯᠤᠨ ᠲᠤᠯᠭᠠᠮ᠎ᠠ ᠪᠤᠳᠤᠯ ᠢᠶᠠᠨ ᠴᠢᠩᠭᠠᠳᠬᠠᠵᠤ᠂ ᠠᠷᠠᠯᠵᠢᠶᠠᠴᠢᠨ ᠤᠷᠢᠵᠤ ᠪᠡᠯᠡ ᠮᠦᠩᠬᠦ ᠣᠷᠣᠭᠤᠯᠤᠨ ᠠᠪᠴᠢᠷᠠᠬᠤ ᠠᠵᠢᠯ ᠢ ᠴᠢᠩᠭᠠᠳᠬᠠᠵᠤ᠂ ᠬᠡᠯᠬᠢᠶ᠎ᠡ ᠶᠢ ᠤᠷᠲᠤᠳᠬᠠᠨ ᠬᠡᠯᠬᠢᠶ᠎ᠡ ᠶᠢ ᠨᠥᠬᠦᠪᠥᠷᠢᠯᠡᠵᠦ ᠬᠡᠯᠬᠢᠶ᠎ᠡ ᠶᠢ ᠴᠢᠩᠭᠠᠳᠬᠠᠬᠤ ᠪᠠᠷ ᠰᠠᠶᠢᠳᠤᠷ ᠴᠢᠷᠮᠠᠶᠢᠬᠤ ᠬᠡᠷᠡᠭᠲᠡᠢ᠃ ᠠᠶᠤᠯᠭᠦᠢ ᠦᠢᠯᠡᠳᠪᠦᠷᠢᠯᠡᠯ ᠤᠨ ᠠᠵᠢᠯ ᠢ ᠰᠠᠶᠢᠲᠤᠷ ᠠᠳᠬᠤᠵᠤ᠂ ᠡᠯ᠎ᠡ ᠲᠦᠷᠦᠯ ᠤᠨ ᠲᠦᠭᠰᠢᠭᠦᠷᠢ ᠶᠢᠨ ᠭᠡᠮ ᠰᠣᠭᠤᠭ ᠢ ᠲᠠᠷᠤᠶᠢᠬᠠᠨ ᠪᠠᠶᠢᠴᠠᠭᠠᠨ ᠰᠢᠢᠳᠪᠦᠷᠢᠯᠡᠵᠦ᠂ ᠠᠶᠤᠯᠭᠦᠢ ᠦᠢᠯᠡᠳᠪᠦᠷᠢᠯᠡᠯ ᠤᠨ ᠬᠤᠷᠢᠭ᠎ᠠ ᠱᠤᠭᠤᠮ ᠤᠯᠠᠭᠠᠨ ᠱᠤᠭᠤᠮ ᠢ ᠡᠷᠡᠰ ᠪᠠᠲᠤ ᠰᠠᠬᠢᠬᠤ ᠬᠡᠷᠡᠭᠲᠡᠢ᠃ ᠠᠵᠢᠯᠴᠢᠨ ᠤ ᠡᠪᠯᠡᠯ ᠤᠨ ᠠᠵᠢᠯ ᠳᠠᠬᠢ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠢᠮᠠᠭᠲᠠ ᠪᠠᠷᠢᠮᠲᠠᠯᠠᠵᠤ᠂ ᠡᠷᠡᠯᠬᠡᠭᠯᠡᠨ ᠤᠷᠤᠭᠰᠢᠯᠠᠬᠤ ᠬᠦᠴᠦᠨ ᠢ ᠨᠢᠭᠲᠠᠷᠠᠭᠤᠯᠵᠤ᠂ ᠬᠥᠳᠡᠯᠮᠦᠷᠢᠴᠢᠳ ᠤᠨ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠬᠠᠮᠠᠭᠠᠯᠠᠬᠤ ᠬᠡᠷᠡᠭᠲᠡᠢ᠃ ᠦᠢᠯᠡᠴᠢᠯᠡᠭᠡ ᠪᠠᠲᠤᠯᠠᠭ᠎ᠠ ᠶᠢᠨ ᠲᠦᠪᠰᠢᠨ ᠢᠶᠠᠨ ᠳᠡᠭᠡᠭᠰᠢᠯᠡᠭᠦᠯᠵᠦ᠂ ᠵᠡᠮᠳᠡᠭᠴᠦᠳ ᠢ ᠲᠡᠳᠬᠦᠵᠦ ᠵᠡᠮᠳᠡᠭᠴᠦᠳ ᠢ ᠲᠤᠰᠠᠯᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠵᠤ᠂ ᠵᠡᠮᠳᠡᠭᠴᠦᠳ ᠤᠨ ᠦᠢᠯᠡᠰ ᠤᠨ ᠪᠦᠬᠦ ᠲᠠᠯ᠎ᠠ ᠶᠢᠨ ᠬᠥᠭᠵᠢᠯᠲᠡ ᠶᠢ ᠠᠬᠢᠭᠤᠯᠬᠤ ᠬᠡᠷᠡᠭᠲᠡᠢ᠃ ᠪᠣᠳᠠᠲᠠᠶ ᠠᠵᠢᠯᠯᠠᠬᠤ ᠶᠢ ᠴᠢᠬᠤᠯᠠᠴᠢᠯᠠᠬᠤ᠂ ᠪᠣᠳᠠᠲᠤ ᠠᠮᠵᠢᠯᠲᠠ ᠶᠢ ᠴᠢᠬᠤᠯᠠᠴᠢᠯᠠᠬᠤ ᠢᠯᠡ ᠲᠣᠳᠣ ᠬᠥᠮᠦᠨ ᠬᠡᠷᠡᠭᠯᠡᠬᠦ ᠤᠳᠤᠷᠢᠳᠤᠮᠵᠢ ᠶᠢ ᠤᠯᠠᠮ ᠨᠢᠭᠡ ᠠᠯᠬᠤᠮ ᠪᠤᠢ ᠪᠣᠯᠭᠠᠵᠤ᠂ ᠤᠷᠮᠠᠰᠢᠭᠤᠯᠤᠨ ᠬᠠᠮᠠᠭᠠᠯᠠᠬᠤ ᠲᠣᠭᠲᠠᠴᠠ ᠶᠢ ᠲᠡᠭᠦᠯᠳᠡᠷᠵᠢᠭᠦᠯᠵᠦ᠂ ᠺᠠᠳ᠋ᠷ ᠤᠨ ᠬᠠᠷᠢᠭᠤᠴᠠᠯᠭ᠎ᠠ ᠡᠭᠦᠷᠭᠡᠯᠡᠬᠦ ᠳᠤ ᠲᠦᠰᠢᠭ ᠲᠤᠯᠭᠠᠭᠤᠷᠢ ᠪᠣᠯᠬᠤ ᠬᠡᠷᠡᠭᠲᠡᠶ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠪᠥᠬᠦ ᠲᠠᠯ᠎ᠠ ᠪᠠᠷ ᠥᠷᠨᠢᠭᠦᠯᠵᠦ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠶᠢ ᠪᠠᠶᠢᠩᠭᠤ ᠪᠥᠭᠡᠳ ᠣᠷᠳᠣ ᠬᠤᠭᠤᠴᠠᠭ᠎ᠠ ᠪᠠᠷ ᠠᠬᠢᠭᠤᠯᠬᠤ ᠬᠡᠷᠡᠭᠲᠡᠶ᠃ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭᠠᠨ ᠤ ᠰᠤᠷᠤᠯᠴᠠᠯᠭ᠎ᠠ ᠬᠥᠮᠦᠵᠢᠯ ᠢ ᠦᠷᠭᠦᠯᠵᠢᠯᠡᠨ ᠰᠠᠶᠢᠲᠤᠷ ᠠᠳᠬᠤᠵᠤ᠂ ᠰᠤᠷᠤᠯᠴᠠᠬᠤ ᠪᠠᠶᠢᠴᠠᠭᠠᠬᠤ ᠥᠭᠡᠷᠡᠴᠢᠯᠡᠬᠦ ᠶᠢ ᠠᠬᠢᠭᠤᠯᠬᠤ ᠲᠠᠯ᠎ᠠ ᠪᠠᠷ ᠲᠠᠬᠢᠨ ᠭᠦᠨᠵᠡᠭᠡᠶᠢᠷᠡᠭᠦᠯᠵᠦ᠂ ᠰᠤᠷᠲᠠᠯ ᠴᠢᠬᠡᠴᠢ ᠣᠪᠣᠷ ᠲᠥᠪ᠂ ᠠᠵᠢᠯ ᠬᠢᠵᠦ ᠦᠢᠯᠡᠰ ᠪᠤᠰᠬᠠᠬᠤ ᠰᠠᠶᠢᠨ ᠰᠠᠶᠢᠬᠠᠨ ᠤᠯᠤᠰ ᠲᠦᠷᠦ ᠶᠢᠨ ᠠᠮᠢ ᠠᠬᠤᠢ ᠶᠢ ᠪᠠᠬᠢᠵᠢᠭᠦᠯᠦᠨ ᠬᠥᠭᠵᠢᠭᠦᠯᠬᠦ ᠬᠡᠷᠡᠭᠲᠡᠢ᠃ ᠬᠡᠪᠴᠢᠶᠡᠵᠢᠯ ᠤᠨ ᠴᠢᠨᠠᠷᠲᠠᠢ ᠲᠠᠬᠢᠨ ᠶᠠᠳᠠᠭᠤᠷᠠᠬᠤ ᠶᠢ ᠡᠷᠡᠰ ᠬᠤᠷᠢᠭᠯᠠᠵᠤ᠂ ᠠᠷᠭ᠎ᠠ ᠪᠦᠬᠦᠨ ᠢ ᠰᠦᠪᠡᠭᠴᠢᠯᠡᠨ ᠲᠠᠷᠢᠶᠠᠯᠠᠩ ᠮᠠᠯ ᠠᠵᠤ ᠠᠬᠤᠢ ᠶᠢᠨ ᠦᠷ᠎ᠡ ᠠᠰᠢᠭ ᠢ ᠨᠡᠮᠡᠭᠳᠡᠭᠦᠯᠬᠦ᠂ ᠬᠥᠳᠡᠭᠡ ᠲᠣᠰᠬᠤᠨ ᠤ ᠠᠮᠢᠵᠢᠷᠠᠯ ᠤᠨ ᠬᠦᠴᠦᠨ ᠢ ᠨᠡᠮᠡᠭᠳᠡᠭᠦᠯᠬᠦ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠶᠢ ᠠᠬᠢᠭᠤᠯᠬᠤ ᠬᠡᠷᠡᠭᠲᠡᠢ ᠭᠡᠵᠤ ᠴᠢᠬᠤᠯᠠᠴᠢᠯᠠᠵᠠᠢ᠃     ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠵᠠᠯᠠᠶᠢᠳ ᠤᠨ ᠸᠢᠴᠠᠲ ᠮᠡᠳᠡᠭᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号