ᠵᠦᠷᠢᠴᠡᠯ ᠵᠢᠭᠤᠷᠠᠯᠳᠤᠭᠠᠨ ᠢ ᠪᠦᠳᠤᠮᠵᠢᠳᠠᠢ ᠰᠶᠢᠳᠪᠦᠷᠢᠯᠠᠵᠦ ᠨᠡᠶᠢᠭᠡᠮ ᠤᠨ ᠠᠮᠤᠷ ᠲᠦᠪᠰᠢᠨ ᠢ ᠪᠠᠳᠤᠯᠠᠨ᠎ᠠ
ᠨᠡᠶᠢᠲᠡᠯᠡᠭᠰᠡᠨ ᠴᠠᠭ᠄
2025/5/27
    ᠠᠮᠤᠷ ᠵᠢᠷᠭᠠᠯ ᠲᠠᠢ ᠪᠠᠶᠢᠬᠤ ᠪᠣᠯ ᠤᠯᠠᠨ ᠲᠦᠮᠡᠨ ᠤ ᠬᠠᠮᠤᠬ ᠤᠨ ᠨᠠᠭᠠᠳᠦ ᠵᠠᠬ᠎ᠠ ᠶᠢᠨ ᠬᠦᠰᠡᠯ ᠡᠷᠡᠮᠡᠯᠵᠡᠯ ᠮᠥᠨ᠂ ᠪᠠᠰᠠ ᠴᠤ ᠬᠥᠭᠵᠢᠯᠲᠡ ᠶᠢᠨ ᠬᠠᠮᠤᠭ ᠤᠨ ᠪᠠᠲᠤ ᠪᠠᠬᠢ ᠰᠠᠭᠤᠷᠢ ᠮᠥᠨ᠃ ᠵᠠᠯᠠᠶᠢᠳ ᠬᠤᠰᠢᠭᠤ ᠰᠢᠨ᠎ᠡ ᠴᠠᠭ ᠦᠶ᠎ᠡ ᠶᠢᠨ ᠦᠨᠳᠦᠰᠦᠨ ᠱᠠᠲᠤᠨ ᠤ ᠵᠠᠰᠠᠯᠲᠠ ᠶᠢᠨ ᠬᠡᠷᠡᠭᠴᠡᠭᠡ ᠱᠠᠭᠠᠷᠳᠠᠯᠭ᠎ᠠ ᠲᠠᠢ ᠨᠢᠭᠲᠠ ᠤᠶᠠᠯᠳᠤᠭᠤᠯᠤᠨ᠂ ᠶᠡᠷᠦᠩᠬᠡᠶᠢᠯᠡᠨ ᠵᠠᠰᠠᠬᠤ ᠲᠥᠪ ᠤᠨ ᠵᠢᠷᠤᠮᠵᠢᠭᠰᠠᠨ ᠪᠥᠲᠥᠭᠡᠨ ᠪᠠᠶᠢᠭᠤᠯᠤᠯᠲᠠ ᠪᠠᠷ ᠰᠢᠪᠲᠤᠯᠤᠯᠲᠠ ᠶᠢᠨ ᠴᠡᠭ ᠪᠣᠯᠭᠠᠵᠤ᠂ ᠬᠤᠰᠢᠭᠤ ᠪᠠᠯᠭᠠᠰᠦ ᠬᠤᠶᠠᠷ ᠱᠠᠲᠤᠨ ᠤ ᠲᠠᠪᠴᠠᠩ ᠤᠨ ︽ᠪᠤᠳᠠᠳᠠᠢ ᠪᠦᠷᠬᠦᠭᠦᠯᠬᠦ︾ ᠠᠴᠠ ︽ᠪᠦᠲᠦᠮᠵᠢᠲᠡᠶ ᠦᠢᠯᠡᠴᠢᠯᠡᠬᠦ︾ ᠪᠣᠯᠬᠤ ᠶᠢ ᠪᠡᠶᠡᠯᠡᠭᠦᠯᠬᠦ ᠶᠢ ᠠᠬᠢᠭᠤᠯᠤᠬᠰᠠᠨ ᠪᠠᠶᠢᠨ᠎ᠠ᠃ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ᠂ ᠲᠣᠭᠲᠠᠴᠠ ᠶᠢ ᠰᠢᠯᠢᠳᠡᠭᠵᠢᠭᠦᠯᠬᠦ ᠪᠠ ᠦᠢᠯᠡᠴᠢᠯᠡᠭᠡ ᠶᠢ ᠲᠠᠰ ᠳᠡᠪᠰᠢᠭᠦᠯᠬᠦ ᠪᠠᠷ ᠳᠠᠮᠵᠢᠭᠤᠯᠤᠨ᠂ ᠵᠥᠷᠢᠴᠡᠯ ᠵᠢᠭᠤᠷᠠᠯᠳᠤᠭᠠᠨ ᠢ ᠪᠦᠳᠤᠮᠵᠢᠳᠠᠢ ᠠᠷᠢᠯᠭᠠᠨ ᠰᠶᠢᠳᠪᠦᠷᠢᠯᠡᠪᠡ᠃     ᠵᠠᠯᠠᠶᠢᠳ ᠬᠤᠰᠢᠭᠤᠨ ᠤ ᠨᠡᠶᠢᠭᠡᠮ ᠤᠨ ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ ᠲᠥᠪ ᠤᠨ ᠶᠡᠭᠡ ᠲᠢᠩᠬᠢᠮ ᠳᠤ᠂ ᠰᠢᠭᠦᠬᠦ ᠬᠤᠷᠢᠶ᠎ᠠ᠂ ᠬᠠᠤᠯᠢ ᠴᠠᠭᠠᠵᠠ ᠶᠢᠨ ᠳᠤᠪᠴᠢᠶ᠎ᠠ᠂ ᠵᠠᠬᠢᠳᠠᠯ ᠰᠤᠷᠪᠤᠯᠵᠢᠯᠠᠯ ᠤᠨ ᠳᠤᠪᠴᠢᠶ᠎ᠠ ᠵᠡᠷᠭᠡ ᠠᠴᠠ ᠦᠢᠯᠡᠴᠢᠯᠡᠭᠡᠨ ᠤ ᠴᠣᠩᠬᠤᠪᠴᠢ ᠲᠠᠢ ᠪᠠᠶᠢᠵᠦ᠂ ᠳᠡᠷᠡ ᠨᠢ ︽ᠨᠢᠭᠡ ᠯᠠ ᠡᠬᠦᠳᠡ ᠪᠠᠷ ᠤᠷᠤᠵᠦ ᠨᠢᠭᠡ ᠯᠠ ᠤᠳᠠᠭ᠎ᠠ ᠳᠤ ᠬᠦᠢᠴᠡᠳᠭᠡᠬᠦ︾ ᠶᠢ ᠦᠨᠡᠨᠬᠦ ᠪᠡᠶᠡᠯᠡᠬᠦᠯᠵᠠᠢ᠃     ︽ᠳᠤᠰ ᠲᠦᠪ ᠨᠢ ᠵᠥᠷᠢᠴᠡᠯ ᠵᠢᠭᠤᠷᠠᠯᠳᠤᠭᠠᠨ ᠢ ᠰᠢᠢᠳᠪᠦᠷᠢᠯᠡᠬᠦ ᠵᠢᠭᠰᠠᠭᠠᠯ ᠤᠨ ᠭᠠᠵᠠᠷ ᠪᠣᠯᠬᠤ ᠪᠠᠷ ᠪᠠᠷᠠᠬᠤ ᠦᠭᠡᠢ᠂ ᠪᠠᠰᠠ ᠵᠠᠷᠭᠤ ᠶᠢᠨ ᠦᠢᠯᠡᠴᠢᠯᠡᠭᠡ᠂ ᠪᠠᠶᠢᠴᠠᠭᠠᠬᠤ ᠦᠢᠯᠡᠴᠢᠯᠡᠭᠡ᠂ ᠤᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡ ᠵᠢᠴᠢ ᠵᠠᠬᠢᠳᠠᠯ ᠰᠤᠷᠪᠤᠯᠵᠢᠯᠠᠯ ᠢ ᠬᠦᠯᠢᠶᠡᠨ ᠠᠪᠴᠦ ᠰᠶᠢᠳᠪᠦᠷᠢᠯᠡᠬᠦ ᠵᠡᠷᠭᠡ ᠴᠢᠳᠠᠮᠵᠢ ᠶᠢ ᠨᠢᠭᠡᠳᠦᠯᠲᠡᠢ ᠲᠥᠯᠥᠪᠵᠢᠭᠦᠯᠵᠡᠢ᠃ ᠳᠣᠲᠣᠭᠠᠳᠤ ᠶᠢ ᠬᠠᠮᠠᠭᠠᠯᠠᠬᠤ ᠳᠤᠪᠴᠢᠶ᠎ᠠ᠂ ᠪᠠᠶᠢᠴᠠᠭᠠᠬᠤ ᠬᠤᠷᠢᠶ᠎ᠠ ᠂ ᠰᠢᠭᠦᠬᠦ ᠬᠤᠷᠢᠶ᠎ᠠ᠂ ᠬᠠᠤᠯᠢ ᠴᠠᠭᠠᠵᠠ ᠶᠢᠨ ᠳᠤᠪᠴᠢᠶ᠎ᠠ ᠵᠢᠴᠢ ᠲᠠᠷᠢᠶᠠᠯᠠᠩ ᠮᠠᠯ ᠠᠵᠤ ᠠᠬᠤᠶ ᠶᠢᠨ ᠳᠤᠪᠴᠢᠶ᠎ᠠ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠳᠤᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠳᠤᠪᠴᠢᠶ᠎ᠠ ᠵᠡᠷᠭᠡ ᠣᠯᠠᠨ ᠰᠠᠯᠠᠭ᠎ᠠ ᠮᠥᠴᠢᠷ ᠤᠳ ᠪᠠᠶᠢᠩᠭᠤ ᠰᠠᠭᠤᠬᠤ᠂ ᠡᠭᠡᠯᠵᠢᠯᠡᠨ ᠵᠢᠵᠢᠬᠦᠷᠯᠡᠬᠦ᠂ ᠳᠠᠭᠠᠵᠤ ᠰᠠᠭᠤᠬᠤ ᠵᠠᠭᠪᠤᠷ ᠢᠶᠠᠷ ᠬᠠᠮᠵᠢᠯᠴᠠᠨ ᠠᠵᠢᠯᠯᠠᠵᠤ᠂ ᠣᠯᠠᠨ ᠲᠠᠯ᠎ᠠ ᠶᠢᠨ ᠡᠬᠢ ᠪᠠᠶᠠᠯᠢᠭ ᠢ ᠭᠦᠨᠵᠡᠭᠡᠶ ᠠᠭᠤᠰᠤᠯᠴᠠᠭᠤᠯᠵᠤ᠂ ︿ᠨᠢᠭᠡ ᠡᠭᠦᠳᠡ ᠪᠠᠷ ᠣᠷᠣᠵᠤ᠂ ᠲᠦᠮᠡᠨ ᠡᠷᠦᠬᠡ ᠶᠢᠨ ᠬᠦᠴᠢᠷᠳᠠᠯ ᠢ ᠰᠢᠢᠳᠪᠦᠷᠢᠯᠡᠬᠦ﹀ ᠶᠢ ᠦᠨᠡᠨᠬᠦ ᠪᠡᠶᠡᠯᠡᠭᠦᠯᠪᠡ︾ ᠭᠡᠵᠦ ᠵᠠᠯᠠᠶᠢᠳ ᠬᠤᠰᠢᠭᠤᠨ ᠤ ᠨᠡᠶᠢᠭᠡᠮ ᠤᠨ ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ ᠲᠥᠪ ᠤᠨ ᠡᠷᠬᠢᠯᠡᠭᠴᠢ ᠵᠠᠩ ᠵᠦᠸᠧ ᠮᠧᠢ ᠲᠠᠨᠢᠯᠴᠠᠭᠤᠯᠤᠯ᠎ᠠ᠃     2024 ᠣᠨ ᠤ 12 ᠰᠠᠷ᠎ᠠ ᠶᠢᠨ 31 ᠤ ᠡᠳᠦᠷ ᠵᠢᠩᠬᠢᠨᠢ ᠪᠠᠷ ᠠᠰᠢᠬᠯᠠᠯᠳᠠ ᠳᠤ ᠤᠷᠤᠬᠰᠠᠨ ᠠᠴᠠ ᠨᠠᠭᠠᠰᠢ ᠂ ᠵᠠᠯᠠᠶᠢᠳ ᠬᠤᠰᠢᠭᠤᠨ ᠤ ᠨᠡᠶᠢᠭᠡᠮ ᠤᠨ ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ ᠲᠥᠪ ᠤᠨ ︽ᠨᠢᠭᠡ ᠦᠷᠳᠡᠭᠡᠴᠢᠯᠡᠬᠦ︾ ᠦᠢᠯᠡᠴᠢᠯᠡᠭᠡ ᠢᠯᠡᠳᠲᠡ ᠦᠷ᠎ᠡ ᠪᠦᠲᠦᠮᠵᠢ ᠤᠯᠪᠠ᠃ ᠳᠤᠰ ᠲᠥᠪ ᠨᠢᠭᠡᠨᠲᠡ ᠣᠯᠠᠨ ᠲᠦᠮᠡᠨ ᠢ 5006 ᠤᠳᠠᠭ᠎ᠠ ᠭᠥᠯᠢᠶᠡᠨ ᠠᠪᠴᠤ᠂ ᠵᠥᠷᠢᠴᠡᠯ ᠵᠢᠭᠤᠷᠠᠯᠳᠤᠭᠠᠨ ᠢ ᠠᠮᠵᠢᠯᠲᠠ ᠲᠠᠢ ᠪᠠᠷ 382 ᠤᠳᠠᠭ᠎ᠠ ᠰᠶᠢᠳᠪᠦᠷᠢᠡᠯᠵᠦ᠂ ᠭᠤᠣᠯᠳᠠᠯᠭ᠎ᠠ ᠲᠠᠢ ᠬᠥᠮᠦᠰ ᠢ 2471 ᠤᠳᠠᠭ᠎ᠠ ᠵᠢᠭᠰᠠᠭᠠᠨ ᠪᠠᠶᠢᠴᠠᠭᠠᠵᠤ᠂ ᠦᠨᠳᠦᠰᠤᠨ ᠱᠠᠳᠤᠨ ᠤ ᠨᠡᠶᠢᠭᠡᠮ ᠤᠨ ᠵᠠᠰᠠᠯᠳᠠ ᠶᠢ ᠨᠠᠩ ᠪᠠᠬᠢᠵᠢᠬᠦᠯᠦᠭᠰᠡᠨ ᠪᠠᠶᠢᠨ᠎ᠠ᠃     ᠡᠨᠡ ᠵᠢᠯ ᠤᠨ 3 ᠰᠠᠷ᠎ᠠ ᠳᠤ᠂ ᠵᠠᠯᠠᠶᠢᠳ ᠬᠤᠰᠢᠭᠤᠨ ᠤ ᠨᠢᠭᠡᠨ ᠠᠳᠠᠯ ᠠᠬᠤᠢ ᠶᠢᠨ ᠺᠣᠮᠫᠠᠨᠢ ᠬᠢᠭᠡᠳ ᠨᠢᠭᠡᠨ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠺᠣᠮᠫᠠᠨᠢ ᠨᠢ ᠠᠳᠠᠯ ᠠᠬᠤᠢ ᠶᠢᠨ ᠰᠦᠢᠳᠭᠡᠯ ᠤᠨ ᠶᠠᠪᠤᠳᠠᠯ ᠠᠴᠠ ᠪᠤᠯᠵᠦ ᠵᠢᠭᠤᠷᠠᠯᠳᠤᠭᠠᠨ ᠡᠬᠦᠰᠪᠡ᠃ ᠵᠦᠷᠢᠴᠡᠯ ᠵᠢᠭᠤᠷᠠᠯᠳᠤᠭᠠᠨ ᠨᠢ ᠭᠡᠳᠤᠨ ᠰᠠᠷ᠎ᠠ ᠦᠷᠬᠦᠯᠵᠢᠯᠡᠵᠦ ᠶᠡᠷᠦ ᠨᠢ ᠰᠶᠢᠳᠪᠦᠷᠢᠯᠡᠭᠳᠡᠵᠦ ᠳᠡᠶᠢᠯᠦᠭᠡ ᠦᠭᠡᠢ᠂ ᠬᠤᠵᠢᠮ ᠨᠢ ᠨᠡᠶᠢᠭᠡᠮ ᠤᠨ ᠠᠮᠤᠷ ᠲᠦᠪᠰᠢᠨ ᠢ ᠶᠡᠷᠦᠩᠭᠡᠶᠢᠯᠡᠨ ᠵᠠᠰᠠᠬᠤ ᠲᠦᠪ ᠤᠨ ᠡᠶᠡᠳᠡᠬᠦᠯᠭᠡ ᠳᠤᠤᠷ᠎ᠠ ᠰᠠᠶ᠋ᠢ ᠬᠤᠶᠠᠷ ᠡᠳᠡᠭᠡᠳ ᠢᠶᠠᠷ ᠢᠶᠠᠨ ᠭᠡᠯᠡᠯᠴᠡᠭᠡᠷ ᠳᠤᠬᠳᠠᠨ ᠡᠪᠰᠡᠵᠦ᠂ ᠬᠠᠮᠢᠶ᠎ᠠ ᠪᠦᠬᠦᠢ ᠰᠦᠢᠳᠭᠡᠯ ᠢᠶᠠᠨ ᠳᠤᠭ᠎ᠠ ᠶᠤᠰᠤᠭᠠᠷ ᠨᠢ ᠳᠤᠰᠢᠶᠠᠬᠰᠠᠨ ᠪᠠᠶᠢᠨ᠎ᠠ᠃ ︽ᠪᠢᠳᠡ ᠲᠤᠰᠬᠠᠶ ᠮᠡᠷᠭᠡᠵᠢᠯ ᠤᠨ ᠬᠠᠤᠯᠢ ᠲᠠᠶᠢᠯᠪᠤᠷᠢᠯᠠᠬᠤ ᠪᠠ ᠬᠦᠯᠢᠴᠡᠩᠭᠦᠶ ᠪᠠᠷ ᠨᠡᠪᠲᠡᠷᠡᠯᠴᠡᠬᠦ ᠪᠠᠷ ᠳᠡᠮᠵᠢᠨ᠂ ᠬᠤᠶᠠᠷ ᠲᠠᠯ᠎ᠠ ᠶᠢᠨ ᠵᠦᠷᠢᠴᠡᠯ ᠢ ᠠᠷᠢᠯᠭᠠᠵᠠᠢ ᠁︾ ᠭᠡᠵᠦ ᠰᠢᠭᠦᠭᠴᠢ ᠬᠠᠢ ᠴᠢᠶᠣᠤ ᠬᠤᠩ ᠶᠠᠷᠢᠪᠠ᠃     ᠢᠨᠳᠡᠷ ᠪᠠᠯᠭᠠᠰᠤᠨ ᠤ ᠨᠡᠶᠢᠭᠡᠮ ᠤᠨ ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ ᠲᠥᠪ ᠨᠢ ᠬᠠᠤᠯᠢ ᠴᠠᠭᠠᠵᠠ ᠶᠢᠨ ᠭᠠᠵᠠᠷ᠂ ᠵᠠᠬᠢᠳᠠᠯ ᠰᠤᠷᠪᠤᠯᠵᠢᠯᠠᠯ ᠤᠨ ᠠᠯᠪᠠᠨ ᠬᠡᠷ᠂ ᠨᠡᠶᠢᠭᠡᠮ ᠤᠨ ᠵᠠᠰᠠᠯᠲᠠ ᠶᠢᠨ ᠠᠯᠪᠠᠨ ᠬᠡᠷ ᠵᠡᠷᠭᠡ ᠪᠠᠶᠢᠩᠭᠤ ᠰᠠᠭᠤᠭ᠎ᠠ ᠨᠢᠭᠡᠴᠢ ᠶᠢ ᠡᠮᠬᠢᠯᠡᠨ ᠨᠡᠶᠢᠯᠡᠭᠦᠯᠵᠦ᠂ ᠲᠠᠷᠢᠶᠠᠯᠠᠩ ᠮᠠᠯ ᠠᠵᠤ ᠠᠬᠤᠶ᠂ ᠡᠮᠡᠭᠲᠡᠶᠢᠴᠦᠳ ᠤᠨ ᠬᠤᠯᠪᠣᠭ᠎ᠠ᠂ ᠠᠷᠠᠳ ᠤᠨ ᠶᠠᠪᠤᠳᠠᠯ ᠵᠡᠷᠭᠡ ᠡᠭᠡᠯᠵᠢᠯᠡᠨ ᠰᠠᠭᠤᠭ᠎ᠠ ᠰᠠᠯᠠᠭ᠎ᠠ ᠮᠥᠴᠢᠷ ᠲᠠᠢ ᠬᠤᠯᠪᠣᠭᠠᠯᠠᠨ ᠬᠥᠳᠡᠯᠦᠯᠴᠡᠵᠦ᠂ ᠠᠰᠠᠭᠤᠳᠠᠯ ᠢ ︽ᠨᠢᠭᠡ ᠥᠷᠲᠡᠭᠡ ᠪᠠᠷ ᠭᠥᠯᠢᠶᠡᠨ ᠠᠪᠬᠤ︾᠂ ᠭᠤᠮᠣᠳᠠᠯ ᠱᠠᠭᠠᠷᠳᠠᠯᠭ᠎ᠠ ᠶᠢ ︽ᠨᠢᠭᠡ ᠯᠡ ᠲᠢᠩᠬᠢᠮ ᠳᠤ ᠰᠢᠢᠳᠪᠦᠷᠢᠯᠡᠬᠦ︾ ᠶᠢ ᠪᠡᠶᠡᠯᠡᠭᠦᠯᠪᠡ᠃     ᠤᠳᠤ᠂ ᠵᠠᠯᠠᠶᠢᠳ ᠬᠤᠰᠢᠭᠤᠨ ᠳᠤ ᠬᠤᠰᠢᠭᠤᠨ ᠲᠠᠰ ᠤᠨ ᠶᠡᠷᠦᠩᠬᠡᠶᠢᠯᠡᠨ ᠵᠠᠰᠠᠬᠤ ᠲᠥᠪ 1᠂ ᠰᠢᠶᠠᠩ ᠪᠠᠯᠭᠠᠰᠤᠨ ᠤ ᠲᠠᠰ ᠤᠨ ᠶᠡᠷᠦᠩᠬᠡᠶᠢᠯᠡᠨ ᠵᠠᠰᠠᠬᠤ ᠲᠥᠪ 14 ᠲᠤᠰ ᠲᠤᠰ ᠪᠠᠶᠢᠬᠤ ᠪᠤᠯᠵᠦ᠂ ︽ᠫᠠᠶᠢᠰᠠ ᠢᠯᠠᠷᠭᠡᠶᠢᠯᠡᠯ ᠲᠠᠢ᠂ ᠲᠠᠯᠠᠪᠤᠷ ᠭᠠᠵᠠᠷ ᠲᠠᠢ᠂ ᠬᠦᠴᠦᠨ ᠲᠠᠢ᠂ ᠲᠣᠭᠲᠠᠴᠠ ᠲᠠᠢ᠂ ᠦᠷ᠎ᠡ ᠪᠦᠲᠦᠮᠵᠢ ᠲᠠᠢ︾ ᠠᠵᠢᠯᠯᠠᠬᠤ ᠶᠢ ᠪᠡᠶᠡᠯᠡᠭᠦᠯᠪᠡ᠃ ᠨᠡᠩ ᠲᠤᠷᠠᠳᠤᠭᠤᠰᠢᠳᠠᠢ ᠨᠢ᠂ ᠲᠤᠰ ᠬᠤᠰᠢᠭᠤ ᠨᠢ ︽ᠳᠤᠤᠷᠵᠢᠭᠤᠯᠤᠬᠴᠢ ᠶᠢᠨ ᠨᠠᠮ ᠤᠨ ᠳᠤᠭᠤᠶᠢᠯᠠᠩ + ᠳᠤᠤᠷᠵᠢᠭᠤᠯᠤᠬᠴᠢ + ᠠᠰᠠᠷ ︵ᠨᠢᠭᠡᠴᠢ᠂ ᠬᠤᠯᠪᠣᠭᠠᠲᠤ ᠡᠷᠦᠬᠡ︶ ᠤᠨ ᠳᠠᠷᠤᠭ᠎ᠠ︾ ᠶᠢᠨ ᠵᠠᠰᠠᠯᠲᠠ ᠶᠢᠨ ᠲᠣᠭᠲᠠᠴᠠ ᠶᠢ ᠪᠦᠷᠢᠯᠳᠤᠬᠦᠯᠵᠦ᠂ ᠠᠮᠤᠷ ᠲᠦᠪᠰᠢᠨ ᠤ ᠰᠡᠷᠭᠡᠶᠢᠯᠡᠯᠲᠡ ᠶᠢᠨ ᠲᠣᠤᠷ ᠢ ᠨᠢᠭᠲᠠ ᠰᠦᠯᠵᠢᠵᠦ ᠪᠠᠶᠢᠨ᠎ᠠ᠃     ᠵᠥᠷᠢᠴᠡᠯ ᠢ ᠵᠢᠭᠰᠠᠭᠠᠨ ᠪᠠᠶᠢᠴᠠᠭᠠᠬᠤ ᠠᠴᠠ ᠵᠢᠭᠤᠷᠠᠯᠳᠤᠭᠠᠨ ᠢ ᠰᠢᠢᠳᠪᠦᠷᠢᠯᠡᠬᠦ ᠬᠦᠷᠲᠡᠯ᠎ᠡ᠂ ᠬᠠᠤᠯᠢ ᠪᠠᠷ ᠵᠠᠰᠠᠬᠤ ᠠᠴᠠ ᠤᠨᠢᠨ ᠳᠡᠭᠡᠷ᠎ᠡ ᠨᠢ ᠵᠠᠰᠠᠬᠤ ᠬᠦᠷᠲᠡᠯ᠎ᠡ᠂ ᠵᠠᠯᠠᠶᠢᠳ ᠬᠤᠰᠢᠭᠤ ᠤᠯᠠᠨ ᠲᠦᠮᠡᠨ ᠤ ᠭᠤᠮᠣᠳᠠᠯ ᠱᠠᠭᠠᠷᠳᠠᠯᠭ᠎ᠠ ᠶᠢ ᠲᠡᠭᠦᠰ ᠠᠮᠵᠢᠯᠲᠠ ᠲᠠᠢ ᠰᠢᠢᠳᠪᠦᠷᠢᠯᠡᠵᠦ᠂ ᠠᠮᠤᠷ ᠲᠦᠪᠰᠢᠨ ᠤ ᠰᠢᠨ᠎ᠠ ᠭᠡᠪ ᠪᠠᠶᠢᠳᠡᠯ ᠢ ᠪᠤᠢ ᠪᠤᠯᠭᠠᠵᠦ ᠪᠤᠢ᠃                       · ᠬᠤ᠋ ᡁᠢ ᠮᠢᠨ    ᠡᠣ ᠰᠢ ᠶᠤᠤ ·
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号