ᠵᠠᠯᠠᠶᠢᠳ ᠬᠤᠰᠢᠭᠤ ᠠᠵᠢᠯ ᠣᠯᠭᠤᠯᠲᠠ ᠶᠢ ᠠᠬᠢᠭᠤᠯᠬᠤ ᠶᠠᠷᠢᠯᠴᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/5/27
     ᠣᠶᠢᠷ᠎ᠠ ᠳᠤ᠂ ᠵᠠᠯᠠᠶᠢᠳ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠠᠵᠢᠯ ᠣᠯᠭᠤᠯᠲᠠ ᠶᠢᠨ ᠤᠶᠢᠯᠡᠴᠢᠯᠡᠭᠡᠨ ᠤ ᠲᠥᠪ ᠤᠨ ᠬᠢᠨ ᠠᠵᠢᠯ ᠣᠯᠭᠤᠯᠲᠠ ᠶᠢ ᠠᠬᠢᠭᠤᠯᠬᠤ ᠠᠵᠢᠯᠯᠠᠭ᠎ᠠ— ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠳᠤ ᠦᠢᠯᠡᠴᠢᠯᠡᠬᠦ ︽ᠲᠥᠷᠥ ᠶᠢᠨ ᠪᠣᠳᠣᠯᠭ᠎ᠠ ᠶᠢᠨ ᠬᠠᠮᠠᠭᠠᠯᠠᠯ︾ ᠤᠨ ᠶᠠᠷᠢᠯᠴᠠᠬᠤ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠠᠢ᠃ ᠠᠵᠢᠯ ᠣᠯᠭᠤᠵᠤ ᠤᠶᠢᠯᠡᠰ ᠪᠤᠰᠬᠠᠬᠤ ᠲᠥᠷᠥ ᠶᠢᠨ ᠪᠣᠳᠣᠯᠭ᠎ᠠ ᠶᠢ ᠤᠬᠠᠭᠤᠯᠤᠨ᠂ ᠠᠵᠢᠯ ᠣᠯᠭᠤᠬᠤ  ᠤᠶᠢᠯᠡᠴᠢᠯᠡᠭᠡᠨ ᠤ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠬᠥᠭᠵᠢᠯᠲᠡ ᠳᠤ ᠲᠥᠷᠥ ᠶᠢᠨ ᠪᠣᠳᠣᠯᠭ᠎ᠠ ᠶᠢᠨ ᠬᠥᠳᠡᠯᠭᠡᠬᠦ ᠬᠦᠴᠦᠨ ᠨᠡᠮᠡᠷᠢᠯᠡᠪᠡ᠃      ᠲᠣᠰ ᠤᠳᠠᠭᠠᠨ ᠤ ᠠᠵᠢᠯᠯᠠᠭ᠎ᠠ ᠳᠤ ᠨᠡᠶᠢᠲᠡ 20 ᠵᠢᠵᠢᠭ ᠠᠵᠤ ᠠᠬᠤᠶᠢᠯᠠᠯ ᠣᠷᠣᠯᠴᠠᠵᠠᠶ᠃ ᠶᠠᠷᠢᠯᠴᠠᠬᠤ ᠬᠤᠷᠠᠯ ᠳᠡᠭᠡᠷ᠎ᠡ᠂ ᠵᠠᠯᠠᠶᠢᠳ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ᠤᠨ ᠠᠵᠢᠯᠲᠠᠳ ᠠᠵᠤ ᠠᠬᠤᠶᠢᠯᠠᠯ ᠤᠨ ᠬᠥᠭᠵᠢᠯᠲᠡ ᠶᠢᠨ ᠬᠡᠷᠡᠭᠴᠡᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠦᠢᠯᠡᠰ  ᠪᠤᠰᠬᠠᠬᠤ ᠪᠠᠳᠤᠯᠠᠭᠠᠳᠤ ᠵᠢᠭᠡᠯᠡᠯᠭᠡ᠂ ᠵᠠᠯᠠᠭᠤᠴᠤᠳ ᠤᠨ ᠳᠠᠳᠤᠯᠭ᠎ᠠ᠂ ᠠᠵᠢᠯ ᠣᠯᠭᠤᠯᠲᠠ ᠶᠢᠨ ᠤᠷ᠎ᠠ ᠴᠢᠳᠠᠪᠤᠷᠢ ᠶᠢᠨ ᠪᠣᠯᠪᠠᠰᠤᠷᠠᠯ ᠵᠡᠷᠭᠡ ᠠᠵᠤ ᠠᠬᠤᠶᠢᠯᠠᠯ ᠳᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢᠨ ᠲᠣᠭᠤᠷᠢᠨ ᠳᠤ ᠨᠠᠷᠢᠨ ᠨᠢᠮᠪᠠᠶ ᠤᠬᠠᠭᠤᠯᠤᠨ ᠲᠠᠶᠢᠯᠪᠤᠷᠢᠯᠠᠵᠤ᠂ ᠲᠥᠷᠥ ᠶᠢᠨ ᠪᠣᠳᠣᠯᠭ᠎ᠠ ᠶᠢᠨ ᠬᠡᠷᠡᠭᠯᠡᠭᠡᠨ ᠤ ᠬᠡᠪᠴᠢᠶ᠎ᠡ᠂ ᠭᠠᠷᠲᠠᠨ ᠭᠦᠢᠴᠡᠳᠭᠡᠬᠦ ᠶᠠᠪᠤᠴᠠ ᠵᠡᠷᠭᠡ ᠠᠭᠤᠯᠭ᠎ᠠ ᠳᠤ ᠭᠦᠨᠵᠡᠭᠡᠶ ᠪᠥᠭᠡᠳ ᠣᠶᠢᠯᠠᠭᠠᠮᠵᠢᠲᠠᠶ ᠲᠠᠶᠢᠯᠤᠮᠵᠢ ᠬᠢᠵᠠᠢ᠃ ᠠᠵᠤ ᠠᠬᠤᠶᠢᠯᠠᠯ ᠤᠨ ᠲᠥᠷᠥ ᠶᠢᠨ ᠪᠣᠳᠣᠯᠭ᠎ᠠ ᠶᠢ ᠮᠡᠳᠡᠪᠡᠰᠤ ᠵᠣᠬᠢᠬᠤ ᠶᠢ ᠪᠦᠷᠢᠨ ᠮᠡᠳᠡᠬᠦ ᠶᠢ ᠪᠠᠳᠤᠯᠠᠵᠤ᠂ ᠲᠥᠷᠥ ᠶᠢᠨ ᠪᠣᠳᠣᠯᠭ᠎ᠠ ᠶᠢᠨ ᠠᠰᠢᠭ ᠲᠤᠰᠠ ᠶᠢ ᠨᠠᠷᠢᠯᠢᠭ ᠣᠨᠣᠴᠠᠲᠠᠶ ᠪᠠᠷ ᠵᠠᠬ᠎ᠠ ᠳᠡᠯᠭᠡᠭᠦᠷ ᠤᠨ ᠭᠤᠤᠯ ᠴᠣᠭᠴᠠ ᠳᠤ ᠰᠢᠭᠤᠳ ᠬᠦᠷᠭᠡᠬᠦ ᠶᠢ ᠦᠨᠡᠨ ᠬᠦ ᠠᠬᠢᠭᠤᠯᠵᠤ᠂ ᠠᠵᠤ ᠠᠬᠤᠶᠢᠯᠠᠯ ᠳᠤ ᠲᠥᠷᠥ ᠶᠢᠨ ᠪᠣᠳᠣᠯᠭ᠎ᠠ ᠶᠢᠨ ᠪᠣᠳᠠᠲᠤ ᠠᠰᠢᠭ ᠲᠤᠰᠠ ᠶᠢ ᠭᠦᠢᠴᠡᠳ ᠡᠳ᠋ᠯᠡᠭᠦᠯᠪᠡ᠃    ᠵᠠᠯᠠᠶᠢᠳ ᠬᠤᠰᠢᠭᠤ ᠲᠣᠰ ᠤᠳᠠᠭᠠᠨ ᠤ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ᠂ ︽ᠲᠥᠷᠥ ᠶᠢᠨ ᠪᠣᠳᠣᠯᠭ᠎ᠠ ᠪᠠᠷ ᠬᠥᠮᠦᠨ ᠢ ᠡᠷᠢᠬᠦ᠂ ᠦᠢᠯᠡᠴᠢᠯᠡᠭᠡ ᠶᠢ ᠬᠡᠷ ᠲᠤᠨᠢ ᠬᠦᠷᠭᠡᠬᠦ︾ ᠲᠣᠭᠲᠠᠴᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠲᠤᠰᠬᠠᠶ ᠰᠡᠳᠦᠪ ᠢᠶᠠᠷ ᠬᠠᠪᠰᠤᠷᠤᠨ ᠵᠢᠯᠣᠭᠤᠳᠬᠤ᠂ ᠲᠤᠰᠬᠠᠶ ᠱᠠᠯᠠᠪᠳᠠᠭᠤᠯᠤᠨ ᠵᠢᠯᠣᠭᠤᠳᠬᠤ ᠪᠠᠷ ᠳᠠᠮᠵᠢᠭᠤᠯᠤᠨ᠂ ᠠᠵᠤ ᠠᠬᠤᠶᠢᠯᠠᠯ ᠳᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠨᠠᠷᠢᠯᠢᠭ ᠣᠨᠣᠴᠠᠲᠠᠶ ᠪᠠᠷ ᠰᠢᠭᠤᠳ ᠬᠦᠷᠭᠡᠬᠦ ᠶᠢ ᠠᠬᠢᠭᠤᠯᠵᠤ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠴᠢᠨᠠᠷ ᠰᠠᠶᠢᠲᠠᠶ ᠬᠥᠭᠵᠢᠯᠲᠡ ᠶᠢ ᠪᠥᠬᠦ ᠬᠦᠴᠦᠨ ᠢᠶᠠᠷ ᠢᠶᠠᠨ ᠬᠠᠮᠠᠭᠠᠯᠠᠨ᠎ᠠ᠃
 
ᠢᠷᠡᠯᠲᠡ᠄ ᠵᠠᠯᠠᠶᠢᠳ ᠤᠨ ᠸᠢᠴᠠᠲ ᠮᠡᠳᠡᠭᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号