| ᠠᠵᠢᠯ ᠤᠯᠭᠤᠯᠳᠠ ᠪᠤᠯ ᠠᠷᠠᠳ ᠤᠨ ᠠᠮᠢᠳᠤᠷᠠᠯ ᠤᠨ ᠦᠨᠳᠦᠰᠦ ᠮᠦᠨ᠃ ᠬᠢᠩᠭᠠᠨ ᠠᠶᠢᠮᠠᠭ ᠤᠨ ᠡᠬᠦᠳᠡᠨ | ᠡᠮᠦᠨᠡᠬᠢ ᠠᠵᠢᠯ ᠤᠯᠭᠤᠯᠳᠠ ᠶᠢᠨ 160 ᠦᠢᠯᠡᠴᠢᠯᠡᠭᠡᠨ ᠤ ᠦᠷᠳᠡᠭᠡ ᠨᠢ ᠡᠯ᠎ᠡ ᠳᠦᠷᠦᠯ ᠤᠨ ᠲᠥᠷᠥ ᠶᠢᠨ | ᠪᠣᠳᠣᠯᠭ᠎ᠠ᠂ ᠠᠵᠢᠯ ᠤᠨ ᠪᠠᠶᠢᠷᠢ ᠪᠠ ᠤᠷ᠎ᠠ ᠮᠡᠷᠭᠡᠵᠢᠯ ᠢ ᠪᠦᠬᠦ ᠠᠶᠢᠮᠠᠭ ᠤᠨ ᠨᠡᠶᠢᠭᠡᠮ ᠲᠣᠭᠤᠷᠢᠭ᠂ ᠵᠡᠭᠡᠯᠢ | ᠭᠤᠳᠤᠮᠵᠢ᠂ ᠰᠢᠶᠠᠩ ᠪᠠᠯᠭᠠᠰᠤ᠂ ᠠᠶᠢᠯ ᠲᠤᠰᠬᠤᠨ ᠪᠦᠬᠦᠨ ᠳᠤ ᠬᠦᠷᠭᠡᠨ᠎ᠡ᠃ | ᠡ᠊ᠨᠳᠡ ᠶᠠᠷᠰᠢᠭ ᠲᠦᠪᠡᠭ ᠲᠠᠢ ᠠᠯᠬᠤᠮ ᠶᠠᠪᠤᠴᠠ ᠪᠠ ᠬᠡᠳᠦᠨ ᠴᠠᠭ ᠤᠨ ᠬᠦᠯᠢᠶᠡᠯᠳᠡ ᠭᠡᠵᠦ ᠪᠠᠶᠢᠬᠤ ᠦᠭᠡᠢ᠂ | ᠡᠭᠦᠳᠡᠨ ᠡᠮᠦᠨ᠎ᠡ ᠪᠠᠨ ᠠᠵᠢᠯ ᠤᠯᠭᠤᠯᠳᠠ ᠶᠢᠨ ᠬᠠᠪᠰᠤᠷᠤᠨ ᠲᠡᠳᠬᠦᠯᠳᠡ ᠶᠢ ᠬᠦᠷᠳᠡᠵᠤ᠂ ᠲᠤᠳᠤᠨᠤ | ᠦᠢᠯᠡᠴᠢᠯᠡᠭᠡ ᠨᠢ ᠠᠷᠠᠳ ᠤᠯᠠᠨ ᠢ ᠬᠠᠨᠤᠮᠵᠢᠳᠠᠢ ᠪᠤᠯᠭᠠᠵᠤ᠂ ᠠᠮᠢᠳᠤᠷᠠᠯ ᠤᠨ ᠵᠤᠯ ᠵᠢᠷᠭᠠᠯ ᠢ ᠨᠢ ᠨᠡᠮᠡᠭᠳᠡᠭᠦᠯᠦᠨ᠎ᠡ᠃ | ᠠᠵᠢᠯ ᠣᠯᠭᠤᠯᠲᠠ ᠶᠢ ᠠᠮᠢᠳᠤᠯᠢᠭ ᠪᠤᠯᠭᠠᠪᠠ | ᠬᠢᠩᠭᠠᠨ ᠠᠶᠢᠮᠠᠭ ᠤᠨ ᠡᠬᠦᠳᠡᠨ ᠡᠮᠦᠨᠡᠬᠢ ᠠᠵᠢᠯ ᠣᠯᠭᠤᠯᠲᠠ ᠶᠢᠨ ᠦᠢᠯᠡᠴᠢᠯᠡᠭᠡᠨ ᠤ ᠦᠷᠳᠡᠭᠡ ᠨᠢ ᠶᠠᠭ ᠯᠡ | ᠬᠦᠬᠦᠷᠭᠡ ᠬᠤᠯᠪᠤᠭᠠᠰᠤ ᠮᠡᠳᠦ ᠪᠠᠶᠢᠵᠦ᠂ ᠠᠵᠢᠯ ᠡᠷᠢᠭᠰᠡᠳ ᠪᠤᠯᠤᠨ ᠠᠵᠦ ᠠᠬᠤᠶᠢᠯᠠᠯ ᠤᠨ ᠬᠤᠭᠤᠷᠤᠨᠳᠦ ᠠᠵᠢᠯ | ᠤᠯᠭᠤᠯᠳᠠ ᠶᠢᠨ ᠦᠢᠯᠡᠴᠢᠯᠡᠭᠡᠨ ᠤ ︽ᠬᠠᠮᠤᠭ ᠰᠡᠬᠦᠯᠴᠢ ᠶᠢᠨ ᠨᠢᠭᠡ ᠺᠢᠯᠤᠮᠧᠲᠷ︾ ᠢ ᠠᠮᠵᠢᠯᠳᠠᠳᠠᠢ ᠨᠡᠪᠳᠡᠷᠡᠬᠦᠯᠵᠦ᠂ | ᠪᠦᠬᠦ ᠠᠶᠢᠮᠠᠭ ᠤᠨ ᠠᠵᠢᠯ ᠤᠯᠭᠤᠯᠳᠠ ᠶᠢᠨ ᠠᠵᠢᠯ ᠳᠤ ᠰᠢᠨ᠎ᠡ ᠪᠠᠶᠢᠳᠠᠯ ᠢ ᠠᠪᠴᠢᠷᠠᠭᠰᠠᠨ ᠪᠠᠶᠢᠨ᠎ᠠ᠃ | ︽ᠥᠩᠭᠡᠷᠡᠭᠰᠡᠨ ᠳᠤ ᠠᠵᠢᠯ ᠡᠷᠢᠬᠦ ᠳᠤ ᠶᠡᠭᠡ ᠶᠠᠷᠰᠢᠭ ᠲᠠᠢ ᠪᠠᠶᠢᠵᠠᠢ᠂ ᠵᠠᠪᠠᠯ ᠳᠤᠬᠠᠢ ᠶᠢᠨ ᠳᠠᠯᠠᠪᠠᠢ ᠳᠤ | ᠬᠦᠷᠴᠤ ᠠᠵᠢᠯᠴᠢᠨ ᠤᠷᠢᠵᠦ ᠬᠡᠷᠡᠭᠯᠡᠬᠦ ᠬᠤᠷᠠᠯ ᠳᠤ ᠤᠷᠤᠯᠴᠠᠬᠤ ᠬᠡᠷᠡᠭᠳᠡᠢ᠂ ᠤᠳᠤ ᠡᠬᠦᠳᠡᠨ ᠡᠮᠦᠨᠡᠬᠢ ᠠᠵᠢᠯ | ᠤᠯᠭᠤᠯᠳᠠ ᠶᠢᠨ ᠦᠢᠯᠡᠴᠢᠯᠡᠭᠡᠨ ᠤ ᠦᠷᠳᠡᠭᠡ ᠳᠤ ᠬᠦᠷᠪᠡᠯ ᠪᠤᠯᠴᠢᠬᠠᠨ᠎ᠠ᠂ ᠦᠨᠡᠭᠡᠷ ᠲᠦᠬᠦᠮ ᠪᠤᠯᠵᠠᠢ︾ ᠭᠡᠵᠦ | ᠬᠤᠷᠴᠢᠨ ᠪᠠᠷᠠᠭᠤᠨ ᠭᠠᠷᠤᠨ ᠡᠮᠦᠨᠡᠳᠦ ᠬᠤᠰᠢᠭᠤᠨ ᠤ ᠰᠢᠩ ᠺᠧ ᠨᠡᠶᠢᠭᠡᠮ ᠲᠤᠭᠤᠷᠢᠭ ᠤᠨ ᠰᠠᠭᠤᠭᠠᠯᠢ ᠠᠷᠠᠳ | ᠸᠠᠩ ᠰᠡᠴᠡᠨ ᠪᠠᠶᠠᠷᠯᠠᠨ᠎ᠠ᠃ | ᠡᠬᠦᠳᠡᠨ ᠡᠮᠦᠨᠡᠬᠢ ᠠᠵᠢᠯ ᠤᠯᠭᠤᠯᠳᠠ ᠶᠢᠨ ᠦᠢᠯᠡᠴᠢᠯᠡᠭᠡᠨ ᠤ ᠦᠷᠳᠡᠭᠡ ᠨᠢ ᠰᠠᠭᠤᠭᠠᠯᠢ ᠠᠷᠠᠳ ᠢ ᠠᠵᠢᠯ | ᠡᠷᠢᠬᠦ ᠳᠤ ᠭᠡᠷ ᠠᠴᠠ ᠪᠠᠨ ᠬᠤᠯᠠ ᠭᠠᠷᠬᠤ ᠴᠢᠬᠤᠯᠠ ᠦᠭᠡᠢ ᠪᠤᠯᠭᠠᠭᠰᠠᠨ ᠮᠦᠷᠳᠡᠭᠡᠨ ᠠᠵᠢᠯ ᠤᠨ ᠪᠠᠶᠢᠷᠢ ᠶᠢᠨ | ᠦᠨᠡᠨ ᠪᠠᠶᠢᠳᠠᠯ ᠢ ᠪᠠᠳᠤᠯᠠᠪᠠ᠃ ᠤᠳᠤᠬᠠᠨ ᠳᠤ᠂ ᠡᠶᠢᠮᠦᠷᠬᠦ ᠠᠵᠢᠯ ᠤᠯᠭᠤᠯᠳᠠ ᠶᠢᠨ ᠦᠢᠯᠡᠴᠢᠯᠡᠭᠡᠨ ᠤ | ᠦᠷᠳᠡᠭᠡ ᠶᠢ ᠬᠢᠩᠭᠠᠨ ᠠᠶᠢᠮᠠᠭ ᠨᠢᠭᠡᠨᠳᠡ 160 ᠪᠠᠶᠢᠭᠤᠯᠵᠦ᠂ 5983 ᠬᠦᠮᠦᠨ ︵ᠤᠳᠠᠭ᠎ᠠ︶ ᠳᠤ ᠠᠵᠢᠯ | ᠤᠯᠭᠤᠬᠤ ᠪᠠ ᠦᠢᠯᠡᠰ ᠪᠤᠰᠬᠠᠬᠤ ᠦᠢᠯᠡᠴᠢᠯᠡᠭᠡ ᠬᠠᠨᠭ᠍ᠭᠠᠵᠤ᠂ ᠤᠯᠠᠨ ᠲᠦᠮᠡᠨ ᠤ ᠭᠡᠷ ᠤᠨ ᠡᠬᠦᠳᠡᠨ ᠳᠡᠭᠡᠨ ᠠᠵᠢᠯ | ᠤᠯᠬᠤ ᠳᠤ ︽ᠮᠡᠳᠡᠭᠡ ᠵᠠᠩᠬᠢ ᠶᠢᠨ ᠬᠦᠮᠦᠷᠭᠡ︾ ᠪᠤᠯᠤᠭᠰᠠᠨ ᠢᠶᠠᠷ ᠪᠠᠷᠠᠬᠤ ᠦᠭᠡᠢ ᠬᠢᠩᠭᠠᠨ ᠠᠶᠢᠮᠠᠭ ᠤᠨ ᠬᠤᠳᠠ | ᠬᠦᠳᠡᠭᠡ ᠶᠢᠨ ᠤᠯᠠᠨ ᠨᠡᠶᠢᠳᠡ ᠶᠢᠨ ᠠᠵᠢᠯ ᠤᠯᠭᠤᠯᠳᠠ ᠶᠢᠨ ᠦᠢᠯᠡᠴᠢᠯᠡᠭᠡ ᠶᠢᠨ ᠲᠦᠪᠰᠢᠨ ᠢ ᠤᠯᠠᠮ ᠨᠢᠭᠡ | ᠠᠯᠬᠤᠮ ᠲᠡᠭᠡᠭᠰᠢᠯᠡᠬᠦᠯᠪᠡ᠃ | ︽ᠠᠵᠢᠯ ᠡᠷᠢᠭᠰᠡᠳ ᠪᠠᠷᠤᠭ ᠡᠳᠦᠷ ᠪᠦᠷᠢ ᠡ᠊ᠨᠳᠡ ᠢᠷᠡᠵᠦ ᠠᠵᠢᠯ ᠡᠷᠢᠳᠡᠭ᠂ ᠪᠢᠳᠡ ᠲᠡᠳᠡᠨ ᠤ ᠶᠠᠮᠠᠷ ᠠᠵᠢᠯ | ᠬᠢᠵᠦ ᠥᠩᠭᠡᠷᠡᠭᠰᠡᠨ᠂ ᠠᠵᠢᠯ ᠤᠯᠬᠤ ᠰᠠᠨᠠᠭ᠎ᠠ ᠵᠣᠷᠢᠯᠲᠠ ᠵᠡᠷᠭᠡ ᠮᠡᠳᠡᠭᠡ ᠵᠠᠩᠭᠢ ᠶᠢ ᠤᠶᠢᠯᠠᠭᠠᠭᠰᠠᠨ ᠤ ᠲᠠᠷᠠᠭ᠎ᠠ | ᠠᠵᠤ ᠠᠬᠤᠶᠢᠯᠠᠯ ᠤᠨ ᠠᠵᠢᠯᠴᠢᠨ ᠬᠡᠷᠡᠭᠯᠡᠬᠦ ᠬᠡᠷᠡᠭᠴᠡᠭᠡ ᠶᠢ ᠦᠨᠳᠦᠰᠦᠯᠡᠨ ᠲᠤᠬᠢᠷᠠᠮᠵᠢᠳᠡᠢ ᠠᠵᠢᠯ ᠤᠨ ᠪᠠᠶᠢᠷᠢ ᠲᠠᠢ | ᠪᠤᠯᠪᠠᠯ ᠲᠤᠰᠬᠠᠶᠢᠯᠠᠨ ᠭᠠᠷ ᠤᠳᠠᠰᠦ ᠪᠠᠷ ᠮᠡᠳᠡᠭᠳᠡᠨ᠎ᠡ︾ ᠭᠡᠵᠦ ᠵᠠᠯᠠᠶᠢᠳ ᠬᠤᠰᠢᠭᠤᠨ ᠤ ᠪᠠᠶᠠᠨᠭᠤᠤᠯ ᠪᠠᠯᠭᠠᠰᠦ ᠶᠢᠨ | ᠡᠬᠦᠳᠡᠨ ᠡᠮᠦᠨᠡᠬᠢ ᠠᠵᠢᠯ ᠤᠯᠭᠤᠯᠳᠠ ᠶᠢᠨ ᠦᠢᠯᠡᠴᠢᠯᠡᠭᠡᠨ ᠤ ᠦᠷᠳᠡᠭᠡ ᠶᠢᠨ ᠬᠠᠷᠢᠭᠤᠴᠠᠯᠭᠠᠳᠠᠨ ᠰᠢᠨ ᠬᠠᠢ ᠶᠠᠨ | ᠬᠡᠯᠡᠨ᠎ᠡ᠃ | ᠬᠢᠩᠭᠠᠨ ᠠᠶᠢᠮᠠᠭ ᠤᠨ ᠡᠭᠦᠳᠡᠨ ᠡᠮᠦᠨᠡᠬᠢ ᠠᠵᠢᠯ ᠣᠯᠭᠤᠯᠲᠠ ᠶᠢᠨ ᠦᠢᠯᠡᠴᠢᠯᠡᠭᠡᠨ ᠤ ᠥᠷᠲᠡᠭᠡ ᠨᠢ | ᠦᠨᠳᠦᠰᠦᠨ ᠱᠠᠲᠤᠨ ᠤ ᠲᠣᠤᠷᠵᠢᠭᠤᠯᠤᠭᠰᠠᠨ ᠬᠠᠮᠢᠶᠠᠷᠤᠯᠲᠠ ᠳᠤ ᠲᠦᠰᠢᠭᠯᠡᠨ᠂ ᠲᠦᠷᠦ ᠶᠢᠨ ᠪᠤᠳᠤᠯᠭ᠎ᠠ ᠶᠢᠨ | ᠵᠦᠪᠯᠡᠯᠭᠡ ᠦᠭᠬᠦ᠂ ᠠᠵᠢᠯ ᠤᠨ ᠪᠠᠶᠢᠷᠢ ᠶᠢᠨ ᠲᠠᠨᠢᠯᠴᠠᠭᠤᠯᠭ᠎ᠠ ᠬᠢᠬᠦ᠂ ᠮᠡᠷᠭᠡᠵᠢᠯ ᠴᠢᠳᠠᠪᠤᠷᠢ ᠶᠢᠨ ᠪᠤᠯᠪᠠᠰᠤᠷᠠᠯ | ᠬᠦᠷᠳᠡᠭᠡᠬᠦ᠂ ᠦᠢᠯᠡᠰ ᠪᠤᠰᠬᠠᠬᠤ ᠵᠢᠯᠤᠭᠤᠳᠤᠯᠭ᠎ᠠ ᠬᠢᠬᠦ᠂ ᠡᠷᠭᠡ ᠠᠰᠢᠭ ᠤᠨ ᠪᠠᠳᠤᠯᠠᠭ᠎ᠠ ᠬᠠᠩᠭᠠᠬᠤ ᠵᠡᠷᠭᠡ ᠶᠢ ᠨᠢᠭᠡ | ᠴᠤᠭᠴᠠᠵᠢᠭᠤᠯᠵᠦ᠂ ᠶᠡᠭᠡ ᠲᠡᠭᠡᠳᠦ ᠰᠤᠷᠭᠠᠭᠤᠯᠢ ᠠᠴᠠ ᠲᠡᠬᠦᠰᠦᠭᠰᠡᠳ᠂ ᠴᠡᠷᠢᠭ ᠠᠴᠠ ᠬᠠᠯᠠᠭᠳᠠᠭᠰᠡᠳ᠂ | ᠵᠡᠮᠳᠡᠭᠴᠤᠳ᠂ ᠠᠵᠢᠯ ᠠᠯᠳᠠᠭᠰᠡᠳ ᠲᠤ ᠪᠤᠳᠠᠳᠤ ᠪᠠᠶᠢᠳᠠᠯ ᠳᠤᠨᠢ ᠨᠡᠶᠢᠴᠡᠬᠦᠯᠦᠨ ᠠᠵᠢᠯ ᠤᠯᠬᠤ ᠲᠦᠰᠦᠯ | ᠬᠠᠩᠭᠠᠬᠤ ᠪᠤᠯᠤᠨ᠎ᠠ᠃ | ︽ᠦᠢᠯᠡᠴᠢᠯᠡᠭᠡᠨ ᠤ ᠥᠷᠲᠡᠭᠡ ᠶᠢᠨ ᠭᠤᠣᠯᠯᠠᠬᠤ ᠳᠠᠪᠠᠭᠤᠯᠢᠭ ᠨᠢ ᠲᠠᠷᠤᠢ ᠨᠠᠷᠢᠯᠢᠭ ᠣᠨᠣᠴᠠᠲᠠᠶ ᠪᠠᠶᠢᠵᠤ᠂ | ᠲᠣᠮᠣ ᠳ᠋ᠠᠶᠢᠲ᠋ᠠ ᠶᠢᠨ ᠲᠠᠪᠴᠠᠩ ᠢᠶᠠᠷ ᠲᠠᠮᠵᠢᠨ᠂ ᠬᠠᠷᠢᠶ᠎ᠠ ᠣᠷᠣᠨ ᠤ ᠰᠠᠭᠤᠭᠠᠯᠢ ᠠᠷᠠᠳ ᠤᠨ ᠠᠵᠢᠯ ᠤᠯᠬᠤ | ᠬᠡᠷᠡᠭᠴᠡᠭᠡ ᠶᠢ ᠬᠥᠳᠡᠯᠦᠩᠭᠦᠶ ᠪᠠᠷ ᠴᠤᠭᠯᠠᠭᠤᠯᠬᠤ ᠶᠢᠨ ᠬᠠᠮᠲᠤ ᠠᠵᠤ ᠠᠬᠤᠶᠢᠯᠠᠯ ᠤᠨ ᠠᠵᠢᠯ ᠤᠨ ᠪᠠᠶᠢᠷᠢ ᠶᠢᠨ | ᠮᠡᠳᠡᠭᠡ ᠵᠠᠩᠭᠢ ᠶᠢᠨ ᠬᠥᠮᠥᠷᠭᠡ ᠲᠠᠢ ᠴᠠᠭ ᠲᠤᠬᠠᠶ ᠳᠤᠨᠢ ᠵᠤᠯᠭᠠᠭᠤᠯᠵᠦ ᠠᠵᠢᠯ ᠤᠨ ᠪᠠᠶᠢᠷᠢ ᠬᠠᠩᠭᠠᠨ᠎ᠠ᠃ ᠡᠬᠦᠨ ᠤ | ᠬᠠᠮᠳᠦ᠂ ᠲᠤᠭᠳᠠᠮᠠᠯ ᠬᠤᠭᠤᠴᠠᠭ᠎ᠠ ᠲᠠᠢ ᠪᠠᠷ ︿ᠠᠵᠢᠯᠳᠠᠨ ᠤᠷᠢᠵᠦ ᠬᠡᠷᠡᠭᠯᠡᠬᠦ ᠬᠤᠷᠠᠯ﹀ ︿ᠰᠢᠭᠤᠳ | ᠨᠡᠪᠳᠡᠷᠡᠬᠦᠯᠭᠡ ᠪᠠᠷ ᠠᠵᠢᠯ ᠤᠨ ᠪᠠᠶᠢᠷᠢ ᠬᠠᠩᠭᠠᠬᠤ﹀ ᠵᠡᠷᠭᠡ ᠠᠵᠢᠯᠯᠠᠭ᠎ᠠ ᠦᠷᠨᠢᠬᠦᠯᠵᠦ᠂ ᠠᠵᠢᠯ ᠤᠯᠭᠤᠯᠳᠠ ᠶᠢ | ᠬᠦᠢᠴᠡᠳ ᠠᠬᠢᠭᠤᠯᠤᠨ᠎ᠠ︾ ᠭᠡᠵᠦ ᠬᠢᠩᠭᠠᠨ ᠠᠶᠢᠮᠠᠭ ᠤᠨ ᠬᠦᠮᠦᠨ ᠤ ᠬᠦᠴᠦᠨ ᠤ ᠡᠬᠢ ᠪᠠᠶᠠᠯᠢᠭ ᠪᠠ ᠠᠵᠢᠯ | ᠤᠯᠭᠤᠯᠳᠠ ᠶᠢᠨ ᠦᠢᠯᠡᠴᠢᠯᠡᠭᠡᠨ ᠤ ᠲᠦᠪ ᠤᠨ ᠲᠡᠳ᠋ ᠡᠷᠬᠢᠯᠡᠭᠴᠢ ᠮᠠ ᠶᠤᠸᠠᠨ ᠶᠤᠸᠠᠨ ᠲᠠᠨᠢᠯᠴᠠᠭᠤᠯᠤᠨ᠎ᠠ᠃ | ᠲᠤᠳᠤᠨᠤ ᠦᠢᠯᠡᠴᠢᠯᠡᠭᠡ ᠶᠢ ᠬᠦᠢᠴᠡᠳ ᠬᠠᠩᠭᠠᠪᠠ | ︽ᠬᠤᠲᠠ ᠠᠯᠤᠰᠯᠠᠨ ᠭᠦᠶᠦᠬᠦ ᠬᠡᠷᠡᠭ ᠦᠭᠡᠢ ᠪᠤᠯᠵᠠᠢ᠂ ᠨᠡᠶᠢᠭᠡᠮ ᠲᠤᠭᠤᠷᠢᠭ ᠲᠤ ᠠᠮᠢᠳᠤᠯᠢᠭ ᠢᠶᠠᠷ ᠠᠵᠢᠯ | ᠤᠯᠭᠤᠬᠤ ᠨᠡᠶᠢᠭᠡᠮ ᠤᠨ ᠪᠠᠳᠤᠯᠠᠭ᠎ᠠ ᠶᠢᠨ ᠨᠦᠬᠦᠪᠦᠷᠢ ᠤᠯᠭᠤᠬᠤ ᠲᠤᠬᠠᠶᠢᠯᠠᠭᠰᠠᠨ ᠠᠵᠢᠯ ᠢ ᠬᠦᠢᠴᠡᠳᠭᠡᠵᠦ ᠪᠤᠯᠳᠠᠭ᠂ | ᠦᠨᠡᠭᠡᠷ ᠲᠦᠬᠦᠮ ᠪᠤᠯᠵᠠᠢ︾ ᠭᠡᠵᠦ ᠤᠯᠠᠭᠠᠨᠬᠤᠳᠠ ᠶᠢᠨ ᠰᠠᠭᠤᠭᠠᠯᠢ ᠠᠷᠠᠳ ᠬᠤᠸᠠᠩ ᠵᠢᠩ ᠵᠢᠩ ᠬᠡᠯᠡᠨ᠎ᠡ᠃ | ᠤᠯᠠᠭᠠᠨᠬᠤᠳᠠ ᠠᠵᠢᠯ ᠤᠯᠬᠤ ᠳᠤ ᠬᠦᠴᠢᠷᠳᠡᠢ ᠬᠦᠮᠦᠰ ᠢ ᠮᠠᠭᠠᠳᠯᠠᠨ ᠲᠤᠭᠳᠠᠭᠠᠬᠤ᠂ ᠠᠮᠢᠳᠤᠯᠢᠭ ᠢᠶᠠᠷ ᠠᠵᠢᠯ | ᠤᠯᠭᠤᠬᠤ ᠨᠡᠶᠢᠭᠡᠮ ᠤᠨ ᠲᠠᠭᠠᠳᠬᠠᠯ ᠤᠨ ᠨᠦᠬᠦᠪᠦᠷᠢ ᠵᠡᠷᠭᠡ ᠲᠤᠬᠠᠶᠢᠯᠠᠭᠰᠠᠨ ᠠᠵᠢᠯ ᠢ ᠪᠦᠬᠦ ᠬᠤᠳᠠ ᠶᠢᠨ 55 | ᠨᠡᠶᠢᠭᠡᠮ ᠲᠤᠭᠤᠷᠢᠭ ᠲᠤ ᠬᠦᠷᠭᠡᠵᠤ᠂ ︽ᠨᠢᠭᠡ ᠳᠤ ᠨᠢᠭᠡ︾ ᠠᠵᠢᠯ ᠣᠯᠭᠤᠯᠲᠠ ᠶᠢᠨ ᠦᠢᠯᠡᠴᠢᠯᠡᠭᠡ ᠶᠢ | ᠬᠡᠷᠡᠭᠵᠢᠭᠦᠯᠦᠨ᠂ ᠣᠯᠠᠨ ᠨᠡᠶᠢᠲᠡ ᠶᠢᠨ ᠠᠵᠢᠯ ᠣᠯᠭᠤᠯᠲᠠ ᠶᠢᠨ ᠦᠢᠯᠡᠴᠢᠯᠡᠭᠡ ᠶᠢ ᠠᠷᠠᠳ ᠣᠯᠠᠨ ᠤ ᠡᠭᠦᠳᠡᠨ ᠳᠤ | ᠬᠦᠷᠭᠡᠪᠡ᠃ | 2024 ᠣᠨ ᠠᠴᠠ ᠨᠠᠭᠠᠰᠢ᠂ ᠪᠥᠬᠦ ᠠᠶᠢᠮᠠᠭ ᠤᠨ ᠡᠯ᠎ᠡ ᠱᠠᠲᠤᠨ ᠤ ᠬᠥᠮᠦᠨ ᠤ ᠬᠦᠴᠦᠨ ᠤ ᠡᠬᠢ ᠪᠠᠶᠠᠯᠢᠭ | ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠤᠳ ᠨᠡᠶᠢᠭᠡᠮ ᠲᠣᠭᠤᠷᠢᠭ ᠤᠨ ᠰᠠᠶᠢᠨ ᠲᠤᠷᠠᠴᠤᠤᠯ᠂ | ᠨᠡᠶᠢᠳᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠳᠤ ᠲᠦᠰᠢᠭᠯᠡᠨ᠂ ᠦᠨᠳᠦᠰᠦᠨ ᠱᠠᠲᠤᠨ ᠳᠤ | ᠠᠵᠢᠯᠲᠠᠨ ᠤ ᠬᠦᠴᠦᠨ ᠢ ᠨᠥᠬᠦᠪᠥᠷᠢᠯᠡᠵᠦ᠂ ᠣᠯᠠᠨ ᠨᠡᠶᠢᠲᠡ ᠶᠢᠨ ᠠᠵᠢᠯ ᠣᠯᠭᠤᠯᠲᠠ ᠶᠢᠨ ᠦᠢᠯᠡᠴᠢᠯᠡᠭᠡ ᠶᠢ | ᠦᠨᠳᠦᠰᠦᠨ ᠱᠠᠲᠤ ᠳᠠᠰᠢ ᠥᠷᠭᠡᠳᠭᠡᠬᠦ ᠶᠢ ᠳᠥᠯᠭᠢᠨ ᠠᠬᠢᠭᠤᠯᠵᠤ᠂ ᠠᠵᠢᠯ ᠣᠯᠭᠤᠯᠲᠠ ᠶᠢᠨ ᠦᠢᠯᠡᠴᠢᠯᠡᠭᠡ ᠶᠢ ︽ | ᠵᠠᠰᠠᠭ ᠤᠨ ᠣᠷᠳᠣᠨ ᠤ ᠲᠣᠮᠣ ᠠᠰᠠᠷ︾ ᠠᠴᠠ ︽ᠵᠡᠭᠡᠯᠢ ᠭᠤᠳᠤᠮᠵᠢ︾ ᠲᠡᠰᠢ ᠰᠢᠯᠵᠢᠬᠦᠯᠵᠦ᠂ | ᠲᠣᠤᠷᠵᠢᠭᠤᠯᠤᠭᠰᠠᠨ ᠪᠦᠳᠦᠴᠡ ᠶᠢ ᠪᠠᠶᠢᠭᠤᠯᠪᠠ᠃ ᠡᠭᠦᠳᠡᠨ ᠡᠮᠦᠨᠡᠬᠢ ᠠᠵᠢᠯ ᠣᠯᠭᠤᠯᠲᠠ ᠶᠢᠨ ᠦᠢᠯᠡᠴᠢᠯᠡᠭᠡᠨ ᠤ | ᠥᠷᠲᠡᠭᠡ ᠪᠠᠷ ᠭᠤᠤᠯ ᠵᠢᠭᠰᠠᠭᠠᠯ ᠤᠨ ᠭᠠᠵᠠᠷ ᠪᠣᠯᠭᠠᠵᠤ᠂ ᠣᠯᠠᠨ ᠲᠦᠮᠡᠨ ᠤ ᠬᠦᠰᠡᠯ ᠡᠷᠡᠮᠡᠯᠵᠡᠯ ᠳᠤ | ᠠᠩᠬᠠᠷᠤᠯ ᠢᠶᠠᠨ ᠲᠥᠪᠯᠡᠷᠡᠭᠦᠯᠦᠨ᠂ ᠬᠢᠩᠭᠠᠨ ᠠᠶᠢᠮᠠᠭ ᠪᠦᠲᠦᠮᠵᠢᠳᠡᠢ ᠠᠷᠭ᠎ᠠ ᠬᠡᠮᠵᠢᠶ᠎ᠡ ᠠᠪᠴᠤ᠂ ᠰᠠᠯᠠᠭ᠎ᠠ ᠮᠥᠴᠢᠷ | ᠬᠠᠷᠢᠯᠴᠠᠭᠰᠠᠨ᠂ ᠲᠤᠬᠠᠶᠢᠯᠠᠭᠰᠠᠨ ᠠᠵᠢᠯ ᠢ ᠬᠤᠯᠪᠣᠭᠰᠠᠨ᠂ ᠲᠤᠭ᠎ᠠ ᠪᠠᠷᠢᠮᠲᠠ ᠶᠢ ᠠᠭᠤᠰᠤᠯᠴᠠᠭᠤᠯᠤᠨ | ᠨᠡᠪᠲᠡᠷᠡᠭᠦᠯᠦᠭᠰᠡᠨ ᠦᠨᠳᠦᠰᠦᠨ ᠱᠠᠲᠤᠨ ᠤ ᠠᠵᠢᠯ ᠣᠯᠭᠤᠯᠲᠠ ᠶᠢᠨ ᠦᠢᠯᠡᠴᠢᠯᠡᠭᠡᠨ ᠤ ᠰᠢᠨ᠎ᠡ ᠪᠠᠶᠢᠷᠢᠰᠢᠯ ᠢ | ᠲᠦᠷᠭᠡᠨ ᠪᠣᠶ ᠪᠣᠯᠭᠠᠵᠤ᠂ ᠠᠵᠢᠯ ᠡᠷᠢᠭᠰᠡᠳ ᠲᠤ ᠨᠠᠩ ᠳᠥᠭᠦᠮ ᠳᠥᠲᠡ᠂ ᠨᠠᠩ ᠥᠨᠳᠥᠷ ᠪᠦᠲᠦᠮᠵᠢᠲᠡᠶ ᠠᠵᠢᠯ | ᠣᠯᠭᠤᠯᠲᠠ ᠶᠢᠨ ᠦᠢᠯᠡᠴᠢᠯᠡᠭᠡ ᠶᠢ ᠡᠳ᠋ᠯᠡᠭᠦᠯᠵᠡᠢ᠃ | ᠤᠯᠠᠨ ᠨᠡᠶᠢᠲᠡ ᠶᠢᠨ ᠠᠵᠢᠯ ᠣᠯᠭᠤᠯᠲᠠ ᠶᠢᠨ ᠦᠢᠯᠡᠴᠢᠯᠡᠭᠡ ᠶᠢ ᠦᠨᠳᠦᠰᠦᠨ ᠱᠠᠲᠤᠨ ᠳᠤ ᠬᠦᠷᠭᠡᠬᠦ ᠪᠣᠯ | ᠠᠵᠢᠯ ᠣᠯᠭᠤᠯᠲᠠ ᠶᠢ ᠠᠬᠢᠭᠤᠯᠬᠤ ᠴᠢᠬᠤᠯᠠ ᠠᠷᠭ᠎ᠠ ᠪᠠᠷᠢᠯ ᠮᠥᠨ᠃ ᠬᠢᠩᠭᠠᠨ ᠠᠶᠢᠮᠠᠭ ᠤᠨ ᠠᠵᠢᠯ ᠣᠯᠭᠤᠯᠲᠠ ᠶᠢ | ᠠᠬᠢᠭᠤᠯᠬᠤ ᠠᠵᠢᠯᠯᠠᠭ᠎ᠠ ᠶᠢᠨ ᠱᠠᠭᠠᠷᠳᠠᠯᠭ᠎ᠠ ᠶᠣᠰᠣᠭᠠᠷ᠂ ᠪᠥᠬᠦ ᠠᠶᠢᠮᠠᠭ ᠢᠶᠠᠷ ᠢᠶᠠᠨ ᠠᠵᠢᠯ ᠣᠯᠭᠤᠬᠤ | ᠦᠢᠯᠡᠴᠢᠯᠡᠭᠡᠨ ᠤ ᠥᠷᠲᠡᠭᠡ ᠶᠢ 200 ᠪᠠᠶᠢᠭᠤᠯᠬᠤ ᠪᠠᠷ ᠲᠦᠯᠦᠪᠯᠡᠵᠦ᠂ 21 ᠦᠷᠳᠡᠭᠡ ᠶᠢ ᠲᠡᠰ ᠲᠡᠪᠰᠢᠬᠦᠯᠦᠨ | ᠰᠢᠯᠢᠳᠡᠭᠵᠢᠬᠦᠯᠬᠦ ᠶᠢᠨ ᠬᠠᠮᠳᠦ ᠠᠵᠤ ᠠᠬᠤᠶᠢᠯᠠᠯ ᠪᠠ ᠣᠯᠠᠨ ᠲᠦᠮᠡᠨ ᠤ ᠠᠵᠢᠯ ᠣᠯᠭᠤᠬᠤ ᠦᠢᠯᠡᠴᠢᠯᠡᠭᠡᠨ ᠤ | ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠨ᠂ ᠬᠤᠳᠠᠯᠳᠤᠭᠠᠨ ᠤ ᠲᠤᠭᠤᠷᠢᠭ᠂ ᠠᠵᠦ ᠦᠢᠯᠡᠳᠪᠦᠷᠢ ᠶᠢᠨ | ᠬᠦᠷᠢᠶᠡᠯᠡᠩ᠂ ᠦᠢᠯᠡᠰ ᠪᠤᠰᠬᠠᠬᠤ ᠬᠦᠷᠢᠶᠡᠯᠡᠩ᠂ ᠰᠤᠯᠠ ᠠᠵᠢᠯ ᠤᠨ ᠵᠠᠬ᠎ᠠ ᠲᠡᠯᠭᠡᠬᠦᠷ᠂ ᠠᠵᠢᠯᠴᠢᠨ ᠤ ᠡᠪᠯᠡᠯ ᠤᠨ | ᠤᠯᠠᠭ᠎ᠠ ᠥᠷᠲᠡᠭᠡ ᠵᠡᠷᠭᠡ ᠲᠠᠯᠠᠪᠤᠷ ᠲᠤ ᠲᠦᠰᠢᠭᠯᠡᠨ ᠠᠳᠠᠯᠢ ᠪᠤᠰᠤ ᠬᠥᠮᠦᠨ᠂ ᠠᠳᠠᠯᠢ ᠪᠤᠰᠤ ᠦᠢᠯᠡᠴᠢᠯᠡᠭᠡᠨ ᠤ | ᠲᠠᠯᠠᠪᠤᠷ ᠲᠤ ᠬᠠᠨᠳᠤᠭᠤᠯᠤᠭᠰᠠᠨ ᠣᠯᠠᠨ ᠶᠠᠩᠵᠤ ᠶᠢᠨ ᠠᠵᠢᠯ ᠣᠯᠭᠤᠬᠤ ᠦᠢᠯᠡᠴᠢᠯᠡᠭᠡᠨ ᠤ ᠥᠷᠲᠡᠭᠡ ᠶᠢ | ᠪᠠᠶᠢᠭᠤᠯᠵᠤ᠂ ᠣᠯᠠᠨ ᠨᠡᠶᠢᠲᠡ ᠶᠢᠨ ᠠᠵᠢᠯ ᠣᠯᠭᠤᠬᠤ ᠦᠢᠯᠡᠴᠢᠯᠡᠭᠡ ᠶᠢ ᠦᠷᠭᠦᠯᠵᠢᠯᠡᠨ ᠰᠢᠯᠢᠳᠡᠭᠵᠢᠭᠦᠯᠵᠦ᠂ ᠠᠵᠢᠯ | ᠣᠯᠭᠤᠬᠤ ᠦᠢᠯᠡᠴᠢᠯᠡᠭᠡᠨ ᠤ ︽ᠬᠠᠮᠤᠭ ᠡᠴᠦᠰ ᠤᠨ ᠨᠢᠭᠡ ᠺᠢᠯᠣᠮᠧᠲᠷ︾ ᠢ ᠨᠡᠪᠲᠡᠷᠡᠭᠦᠯᠬᠦ ᠪᠠᠷ ᠴᠢᠷᠮᠠᠶᠢᠵᠦ ᠪᠠᠶᠢᠨ᠎ᠠ | ᠃ | ᠠᠷᠭ᠎ᠠ ᠵᠠᠮ ᠢᠶᠠᠨ ᠥᠷᠭᠡᠳᠭᠡᠵᠦ ᠣᠷᠣᠯᠭ᠎ᠠ ᠶᠢ ᠨᠡᠮᠡᠭᠳᠡᠭᠦᠯᠪᠡ | ᠥᠷᠯᠥᠭᠡ ᠡᠷᠲᠡ᠂ ᠴᠠᠭᠠᠨ ᠬᠤᠰᠤᠨ ᠣᠶ ᠳᠤ ᠮᠠᠨᠠᠨ ᠪᠦᠷᠬᠦᠵᠦ ᠪᠠᠶᠢᠬᠤ ᠳᠤ ᠷᠠᠰᠢᠶᠠᠨ ᠬᠤᠲᠠ ᠶᠢᠨ ᠯᠢᠨ | ᠬᠠᠶ ᠵᠡᠭᠡᠯᠢ ᠶᠢᠨ ᠰᠢᠩ ᠯᠢᠨ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠵᠠᠩ ᠰᠢᠶᠤᠤ ᠮᠢᠨ ᠡᠬᠦᠳᠡᠨ ᠡᠮᠦᠨᠡᠬᠢ | ᠠᠵᠢᠯ ᠤᠯᠭᠤᠯᠳᠠ ᠶᠢᠨ ᠦᠢᠯᠡᠴᠢᠯᠡᠭᠡᠨ ᠤ ᠦᠷᠳᠡᠭᠡ ᠳᠤ ᠠᠵᠢᠯ ᠢᠶᠠᠨ ᠡᠭᠢᠯᠡᠭᠦᠯᠵᠤ ᠶᠠᠭᠠᠷᠠᠪᠠ᠃ ᠴᠠᠭᠠᠨ ᠬᠤᠰᠤ | ᠮᠤᠳᠦᠨ ᠤ ᠬᠠᠯᠢᠰᠦ ᠲᠡᠬᠦᠨ ᠤ ᠤᠷᠠᠨ ᠭᠠᠷ ᠤᠨ ᠡᠷᠳᠡᠮ ᠢᠶᠠᠷ ᠭᠤᠶᠤ ᠰᠠᠶᠢᠬᠠᠨ ᠤᠶᠢᠰᠤᠨ ᠵᠢᠷᠤᠭ ᠪᠤᠯᠵᠦ | ᠪᠦᠷᠢᠯᠳᠦᠨ᠎ᠡ᠃ | ︽ᠪᠢ ᠡᠳᠦᠷ ᠪᠦᠷᠢ ᠡ᠊ᠨᠳᠡ ᠢᠷᠡᠵᠦ ᠣᠯᠠᠨ ᠲᠠᠢ ᠬᠠᠮᠲᠤ ᠭᠠᠷ ᠤᠷᠠᠯᠠᠯ ᠤᠨ ᠪᠦᠲᠦᠭᠡᠭᠳᠡᠬᠦᠨ ᠬᠢᠵᠦ᠂ ᠪᠠᠶᠠᠷ | ᠬᠥᠷ ᠲᠠᠢ ᠪᠠᠷ ᠵᠣᠭᠤᠰ ᠤᠯᠵᠦ ᠪᠠᠶᠢᠨ᠎ᠠ᠂ ᠦᠩᠭᠡᠷᠡᠭᠰᠡᠨ ᠳᠤ ᠡᠳᠡᠭᠡᠷ ᠭᠠᠷ ᠤᠷᠠᠯᠠᠯ ᠤᠨ ᠪᠦᠳᠦᠭᠡᠭᠳᠡᠬᠦᠨ ᠢ | ᠤᠶᠢᠯᠠᠭᠠᠬᠤ ᠬᠦᠮᠦᠨ ᠦᠭᠡᠢ ᠪᠠᠶᠢᠵᠠᠢ᠂ ᠤᠳᠤ ᠵᠡᠭᠡᠯᠢ ᠭᠤᠳᠤᠮᠵᠢ ᠠᠴᠠ ᠲᠤᠰᠬᠠᠢ ᠲᠠᠯᠠᠪᠤᠷ ᠬᠠᠩᠭᠠᠭᠰᠠᠨ ᠢᠶᠠᠷ | ᠪᠠᠷᠠᠬᠤ ᠦᠭᠡᠢ ᠪᠢᠳᠡᠨ ᠳᠤ ᠰᠢᠭᠤᠳ ᠨᠡᠪᠳᠡᠷᠡᠬᠦᠯᠭᠡ ᠬᠢᠵᠦ ᠪᠦᠳᠦᠭᠡᠭᠳᠡᠬᠦᠨ ᠢᠶᠠᠨ ᠪᠤᠷᠤᠯᠠᠭᠤᠯᠬᠤ ᠠᠷᠭ᠎ᠠ ᠮᠠᠶ᠋ᠢᠭ ᠢ | ᠵᠢᠭᠠᠨ ᠦᠭᠴᠦ᠂ ᠴᠦᠭᠡᠨ ᠪᠤᠰᠦ ᠬᠦᠮᠦᠰ ᠢ ᠨᠢᠭᠡ ᠬᠤᠪᠢ ᠲᠤᠭᠳᠠᠪᠤᠷᠢᠳᠠᠢ ᠤᠷᠤᠯᠭ᠎ᠠ ᠲᠠᠢ ᠪᠤᠯᠭᠠᠵᠠᠢ︾ ᠭᠡᠵᠦ | ᠵᠠᠩ ᠰᠢᠶᠤᠤ ᠮᠢᠨ ᠤᠶᠢᠰᠤᠨ ᠵᠢᠷᠤᠭ ᠬᠢᠬᠦ ᠶᠢᠨ ᠲᠠᠭᠠᠤ ᠲᠠᠨᠢᠯᠴᠠᠭᠤᠯᠤᠨ ᠬᠡᠯᠡᠨ᠎ᠡ᠃ | ᠡᠲᠡᠭᠡᠷ ᠭᠠᠷ ᠤᠷᠠᠯᠠᠯ ᠤᠨ ᠪᠦᠲᠦᠭᠡᠭᠳᠡᠬᠦᠨ ᠨᠢ ᠷᠠᠰᠢᠶᠠᠨ ᠬᠤᠲᠠ ᠶᠢᠨ ᠰᠢᠩ ᠯᠢᠨ ᠨᠡᠶᠢᠭᠡᠮ ᠲᠤᠭᠤᠷᠢᠭ ᠤᠨ | ᠡᠬᠦᠳᠡᠨ ᠡᠮᠦᠨᠡᠬᠢ ᠠᠵᠢᠯ ᠤᠯᠭᠤᠯᠳᠠ ᠶᠢᠨ ᠦᠢᠯᠡᠴᠢᠯᠡᠭᠡᠨ ᠤ ᠦᠷᠳᠡᠭᠡ ᠶᠢᠨ ︽ᠵᠠᠭᠤᠴᠢ︾ ᠪᠠᠷ ᠲᠠᠮᠵᠢᠨ | ᠬᠠᠷᠢᠶᠠᠳᠦ ᠭᠠᠵᠠᠷ ᠤᠨ ᠤᠯᠠᠨ ᠲᠦᠮᠡᠨ ᠤ ᠠᠵᠢᠯ ᠤᠯᠭᠤᠯᠳᠠ ᠶᠢᠨ ᠬᠦᠴᠢᠷ ᠠᠰᠠᠭᠤᠳᠠᠯ ᠢ ᠰᠶᠢᠳᠪᠦᠷᠢᠯᠡᠪᠡ᠃ | ᠦᠢᠯᠡᠴᠢᠯᠡᠭᠡᠨ ᠤ ᠥᠷᠲᠡᠭᠡ ᠨᠢ ᠪᠤᠳᠠᠰ ᠤᠨ ᠪᠤᠰᠦ ᠰᠤᠶᠤᠯ ᠤᠨ ᠦᠪ ᠤᠨ ᠵᠠᠯᠭᠠᠮᠵᠢᠯᠠᠭᠴᠢ᠂ ᠭᠠᠷ ᠤᠷᠠᠯᠠᠯ ᠳᠤ | ᠪᠠᠭ᠋ᠠᠲᠠᠶ ᠬᠥᠮᠦᠰ ᠤᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ︽ᠤᠷ᠎ᠠ ᠮᠡᠷᠭᠡᠵᠢᠯ ᠢ ᠤᠯᠠᠮᠵᠢᠯᠠᠨ ᠵᠠᠯᠭᠠᠮᠵᠢᠯᠠᠬᠤ | + ᠦᠢᠯᠡᠳᠬᠦᠨ ᠢ ᠰᠤᠳᠤᠯᠤᠨ ᠨᠡᠭᠡᠭᠡᠬᠦ + ᠡᠯᠤᠺᠲᠷᠤᠨ ᠬᠤᠳᠠᠯᠳᠤᠭᠠᠨ ᠤ ᠪᠣᠷᠣᠯᠠᠭᠤᠯᠭ᠎ᠠ︾ ᠶᠢᠨ ᠪᠥᠬᠦ | ᠬᠡᠯᠬᠢᠶᠡᠨ ᠤ ᠵᠠᠭᠪᠤᠷ ᠢ ᠪᠣᠶ ᠪᠤᠯᠭᠠᠪᠠ᠃ ᠣᠳᠣᠬᠠᠨ ᠳᠤ᠂ ᠲᠤᠰ ᠦᠷᠳᠡᠭᠡ ᠨᠢ ᠨᠢᠭᠡᠨᠲᠡ 40 ᠭᠠᠷᠤᠶ ᠰᠠᠭᠤᠭᠠᠯᠢ | ᠠᠷᠠᠳ ᠲᠤ ᠠᠵᠢᠯ ᠣᠯᠭᠤᠵᠤ᠂ 30 ᠭᠠᠷᠤᠶ ᠭᠡᠷ ᠪᠦᠯᠢ ᠶᠢ ᠳᠠᠶᠢᠴᠢᠯᠠᠨ ᠣᠷᠣᠯᠴᠠᠭᠤᠯᠵᠤ᠂ ᠠᠵᠢᠯ ᠠᠯᠳᠠᠭᠰᠠᠳ᠂ | ᠠᠵᠢᠯ ᠤᠯᠬᠤ ᠳᠤ ᠬᠦᠴᠢᠷᠲᠡᠶ ᠣᠯᠠᠨ ᠲᠦᠮᠡᠨ ᠤ ᠤᠷᠤᠯᠭ᠎ᠠ ᠶᠢᠨ ᠨᠡᠮᠡᠭᠳᠡᠯ ᠢ ᠬᠦᠢᠴᠡᠳ ᠲᠠᠶᠢᠴᠢᠯᠠᠪᠠ᠃ | ᠡᠭᠦᠳᠡᠨ ᠡᠮᠦᠨᠡᠬᠢ ᠠᠵᠢᠯ ᠣᠯᠭᠤᠯᠲᠠ ᠶᠢᠨ ᠦᠢᠯᠡᠴᠢᠯᠡᠭᠡᠨ ᠤ ᠥᠷᠲᠡᠭᠡ ᠨᠢ ᠠᠵᠢᠯ ᠣᠯᠭᠤᠯᠲᠠ ᠶᠢᠨ ᠰᠢᠨ᠎ᠡ | ᠠᠴᠢᠶᠠᠯᠠᠭᠴᠢ ᠪᠣᠯᠤᠭᠰᠠᠨ ᠤ ᠬᠤᠪᠢ ᠳᠤ᠂ ᠵᠠᠰᠠᠭ ᠤᠨ ᠣᠷᠳᠣᠨ᠂ ᠠᠵᠤ ᠠᠬᠤᠶᠢᠯᠠᠯ᠂ ᠨᠡᠶᠢᠭᠡᠮ ᠲᠣᠭᠤᠷᠢᠭ᠂ | ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠠᠮᠵᠢᠯᠴᠠᠨ ᠴᠢᠷᠮᠠᠶᠢᠭᠰᠠᠨ ᠤ ᠦᠷ᠎ᠡ ᠪᠦᠲᠦᠭᠡᠯ ᠮᠥᠨ᠃ ᠡᠬᠢ | ᠪᠠᠶᠠᠯᠢᠭ ᠢ ᠡᠮᠬᠢᠯᠡᠨ ᠨᠡᠶᠢᠯᠡᠭᠦᠯᠬᠦ ᠪᠠᠷ ᠳᠠᠮᠵᠢᠭᠤᠯᠤᠨ᠂ ᠦᠢᠯᠡᠴᠢᠯᠡᠭᠡᠨ ᠤ ᠥᠷᠲᠡᠭᠡ ᠨᠢ ᠣᠯᠠᠨ ᠵᠦᠢᠯ ᠤᠨ | ᠰᠢᠨ᠎ᠡ ᠶᠢ ᠡᠭᠦᠳᠬᠦ ᠠᠷᠭ᠎ᠠ ᠬᠡᠮᠵᠢᠶ᠎ᠡ ᠭᠠᠷᠭᠠᠵᠤ᠂ ᠰᠤᠯᠠ ᠠᠵᠢᠯ ᠤᠨ ᠤᠯᠠᠭ᠎ᠠ ᠦᠷᠳᠡᠭᠡ᠂ ᠠᠵᠤ ᠠᠬᠤᠶᠢᠯᠠᠯ ᠤᠨ | ᠠᠵᠢᠯᠴᠢᠨ ᠬᠡᠷᠡᠭᠯᠡᠬᠦ ᠬᠠᠮᠢᠶᠠᠷᠤᠭᠴᠢ᠂ ᠮᠡᠷᠭᠡᠵᠢᠯ ᠴᠢᠳᠠᠪᠤᠷᠢ ᠶᠢ ᠳᠡᠭᠡᠭᠰᠢᠯᠡᠭᠦᠯᠬᠦ ︽ᠲᠣᠰᠣ ᠨᠡᠮᠡᠬᠦ ᠥᠷᠲᠡᠭᠡ︾᠂ | ᠦᠢᠯᠡᠰ ᠪᠤᠰᠬᠠᠬᠤ ᠶᠢ ᠵᠢᠯᠣᠭᠤᠳᠬᠤ ᠵᠡᠷᠭᠡ ᠡᠬᠦᠷᠭᠡ ᠴᠢᠳᠠᠪᠤᠷᠢ ᠪᠠᠨ ᠬᠦᠢᠴᠡᠳ ᠪᠠᠳᠠᠷᠠᠭᠤᠯᠵᠦ᠂ | ᠬᠥᠳᠡᠯᠮᠦᠷᠢᠴᠢᠳ ᠤᠨ ᠬᠥᠳᠡᠯᠮᠦᠷᠢ ᠬᠦᠴᠦᠨ ᠤ ᠡᠬᠢ ᠪᠠᠶᠠᠯᠢᠭ ᠤᠨ ᠵᠠᠬ᠎ᠠ ᠳᠡᠯᠭᠡᠭᠦᠷ ᠤᠨ ᠥᠷᠢᠰᠦᠯᠳᠦᠬᠦ ᠬᠦᠴᠦᠨ ᠢ | ᠳᠡᠭᠡᠭᠰᠢᠯᠡᠭᠦᠯᠵᠦ᠂ ᠣᠯᠠᠨ ᠠᠷᠭ᠎ᠠ ᠵᠠᠮ ᠢᠶᠠᠷ ᠠᠵᠢᠯ ᠣᠯᠵᠤ ᠣᠷᠣᠯᠭ᠎ᠠ ᠪᠠᠨ ᠨᠡᠮᠡᠭᠳᠡᠭᠦᠯᠬᠦ ᠶᠢ ᠪᠡᠶᠡᠯᠡᠭᠦᠯᠵᠡᠢ᠃ | · ᠲᠤᠯᠭᠠᠭᠤᠷᠢ ᠡᠤ ᠭᠧᠨ ᠰᠢᠶᠦ᠋ᠩ · |