| ᠤᠳᠤ᠂ ᠬᠢᠨᠭ᠍ᠭᠠᠨ ᠠᠶᠢᠮᠠᠬ ᠲᠤ ︽ᠵᠦᠷᠢᠴᠡᠯ ᠵᠢᠭᠤᠷᠠᠯᠳᠤᠭᠠᠨ ᠲᠠᠢ ᠪᠤᠯ ᠶᠡᠷᠦᠩᠬᠡᠶᠢᠯᠡᠨ ᠵᠠᠰᠠᠬᠤ ᠲᠦᠪ ᠢ | ᠡᠷᠢᠬᠦ︾ ᠤᠶᠢᠯᠠᠭᠠᠭᠳᠠᠬᠤᠨ ᠬᠦᠮᠦᠰ ᠤᠨ ᠰᠡᠳᠬᠢᠯ ᠳᠤ ᠬᠦᠨ ᠬᠠᠳᠠᠩᠰᠢᠵᠦ᠂ ᠬᠦᠮᠦᠰ ᠤᠨ ᠬᠤᠭᠤᠷᠤᠨᠳᠤᠬᠢ | ᠬᠠᠷᠢᠴᠠᠭ᠎ᠠ ᠶᠢ ᠨᠠᠩ ᠡᠶ᠎ᠡ ᠵᠤᠬᠢᠴᠠᠯ ᠲᠠᠢ ᠪᠤᠯᠭᠠᠵᠦ ᠪᠤᠢ᠃ | ᠣᠶᠢᠷ᠎ᠠ ᠳᠤ᠂ ᠬᠢᠩᠭᠠᠨ ᠠᠶᠢᠮᠠᠭ ᠤᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠪᠠᠷᠠᠭᠤᠨ | ᠵᠢᠷᠢᠮ ᠪᠠᠯᠭᠠᠰᠤᠨ ᠳᠤ ᠬᠠᠳᠤᠯᠠᠩ ᠤᠨ ᠬᠢᠯᠢ ᠶᠢᠨ ᠵᠠᠭᠠᠭ ᠨᠢ ᠳᠤᠳᠤᠷᠬᠠᠢ ᠦᠭᠡᠢ ᠠᠴᠠ ᠪᠣᠯᠵᠤ ᠤᠯᠠᠨ ᠲᠠᠯ᠎ᠠ ᠶᠢᠨ | ᠵᠥᠷᠢᠴᠡᠯ ᠡᠭᠦᠰᠪᠡ᠃ ᠪᠠᠯᠭᠠᠰᠤᠨ ᠤ ᠶᠡᠷᠦᠩᠬᠡᠶᠢᠯᠡᠨ ᠵᠠᠰᠠᠬᠤ ᠲᠥᠪ ᠨᠢ ᠡᠶᠡᠳᠡᠭᠦᠯᠬᠦ ᠭᠤᠶᠤᠴᠢᠯᠠᠯ ᠢ | ᠲᠣᠰᠣᠭᠰᠠᠨ ᠤ ᠳᠠᠷᠠᠭ᠎ᠠ᠂ ᠳᠤᠳᠤᠭᠠᠳᠦ ᠶᠢ ᠬᠠᠮᠠᠭᠠᠯᠠᠬᠤ ᠰᠠᠯᠪᠤᠷᠢ᠂ ᠬᠠᠤᠯᠢ ᠴᠠᠭᠠᠵᠠ ᠶᠢᠨ ᠭᠠᠵᠠᠷ᠂ ᠶᠡᠷᠦᠩᠬᠡᠶᠢᠯᠡᠨ | ᠬᠠᠤᠯᠢ ᠬᠡᠷᠡᠭᠵᠢᠭᠦᠯᠬᠦ ᠲᠣᠪᠴᠢᠶ᠎ᠠ ᠲᠠᠢ ᠬᠤᠯᠪᠣᠭᠠᠯᠠᠨ ᠡᠶᠡᠳᠡᠭᠦᠯᠬᠦ ᠠᠵᠢᠯ ᠦᠷᠨᠢᠬᠦᠯᠵᠠᠢ᠂ ᠭᠡᠪᠡᠴᠦ ᠲᠤᠬᠠᠢ ᠶᠢᠨ | ᠬᠥᠮᠦᠨ ᠨᠢ ᠶᠠᠬ ᠠᠭᠤᠷ ᠬᠢᠯᠢᠩ ᠶᠡᠭᠡᠳᠠᠢ ᠦᠶ᠎ᠠ ᠳᠡᠭᠡᠨ ᠪᠠᠶᠢᠬᠰᠠᠨ ᠠᠴᠠ ᠡᠶᠡᠳᠡᠬᠦᠯᠭᠡ ᠶᠢᠨ ᠠᠵᠢᠯ ᠨᠢ ᠠᠷᠭ᠎ᠠ | ᠪᠤᠰᠤ ᠲᠦᠷ ᠵᠤᠬᠰᠤᠪᠠ᠃ ᠡᠨᠡᠬᠦ ᠪᠠᠶᠢᠳᠡᠯ ᠳᠤ ᠴᠢᠭᠯᠡᠬᠦᠯᠵᠦ᠂ ᠬᠤᠷᠴᠢᠨ ᠪᠠᠷᠠᠭᠤᠨ ᠭᠠᠷᠤᠨ ᠳᠤᠮᠳᠠᠳᠤ | ᠬᠤᠰᠢᠭᠤᠨ ᠤ ᠨᠡᠶᠢᠭᠡᠮ ᠤᠨ ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ ᠲᠥᠪ ᠳᠠᠷᠦ᠋ᠢᠬᠠᠨ ︽ᠪᠥᠬᠦ ᠤᠯᠤᠰ ᠤᠨ | ᠵᠢᠱᠢᠶᠡᠴᠢ ᠡᠶᠡᠳᠡᠭᠦᠯᠦᠭᠴᠢ︾ — ᠪᠠᠢ ᠵᠢᠶᠠᠨ ᠯᠢ ᠶᠢ ᠲᠤᠬᠠᠢ ᠶᠢᠨ ᠲᠠᠯᠠᠪᠤᠷ ᠲᠤ ᠤᠷᠢᠵᠦ᠂ 7 ᠴᠠᠭ | ᠭᠠᠷᠤᠢ ᠶᠢᠨ ᠡᠶᠡᠳᠡᠬᠦᠯᠭᠡ ᠪᠠᠷ ᠵᠥᠷᠢᠴᠡᠯ ᠢ ᠠᠮᠵᠢᠯᠲᠠ ᠲᠠᠢ ᠰᠢᠢᠳᠪᠦᠷᠢᠯᠡᠪᠡ᠃ | ᠨᠡᠶᠢᠭᠡᠮ ᠤᠨ ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ ᠲᠥᠪ ᠪᠣᠯ ᠠᠮᠤᠷ ᠠᠮᠤᠭᠤᠯᠠᠩ ᠳᠤᠮᠳᠠᠳᠤ | ᠤᠯᠤᠰ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠴᠢᠬᠤᠯᠠ ᠲᠠᠪᠴᠠᠩ ᠮᠥᠨ᠂ ᠪᠠᠰᠠ ᠴᠤ ᠰᠢᠨ᠎ᠡ ᠴᠠᠭ | ᠦᠶ᠎ᠡ ᠶᠢᠨ ︽ᠹᠧᠩ ᠴᠢᠶᠣᠤ ᠶᠢᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠬᠦ ᠴᠢᠬᠤᠯᠠ ᠠᠴᠢᠶᠠᠯᠠᠪᠤᠷᠢ ᠮᠥᠨ᠃ | ᠬᠢᠩᠭᠠᠨ ᠠᠶᠢᠮᠠᠭ ᠤᠨ ᠡᠯ᠎ᠡ ᠱᠠᠳᠤᠨ ᠤ ᠨᠠᠮ ᠤᠨ ᠬᠤᠷᠢᠶ᠎ᠠ ᠪᠠ ᠵᠠᠰᠠᠭ ᠤᠨ ᠤᠷᠳᠤᠨ ᠨᠢ ᠶᠡᠷᠦᠩᠬᠡᠶᠢᠯᠡᠨ ᠵᠠᠰᠠᠬᠤ | ᠲᠥᠪ ᠤᠨ ᠵᠢᠷᠤᠮᠵᠢᠭᠤᠯᠤᠯᠳᠠ ᠪᠠᠷ ᠠᠮᠤᠷ ᠲᠦᠪᠰᠢᠨ ᠤ ᠪᠠᠶᠢᠭᠤᠯᠤᠯᠲᠠ ᠶᠢ ᠭᠦᠨᠵᠡᠭᠡᠶᠢᠷᠡᠭᠦᠯᠬᠦ ︽ᠭᠤᠣᠯ | ᠬᠥᠳᠡᠯᠭᠡᠭᠦᠷ︾ ᠪᠠ ︽ᠴᠢᠬᠤᠯᠠ ᠭᠠᠷᠳᠠᠴᠠ︾ ᠪᠣᠯᠭᠠᠵᠤ᠂ ᠤᠯᠠᠨ ᠡᠰᠢᠲᠦ ᠥᠨᠳᠥᠷ ᠪᠦᠲᠦᠮᠵᠢᠲᠡᠢ ᠵᠥᠷᠢᠴᠡᠯ | ᠵᠢᠭᠤᠷᠠᠯᠳᠤᠭᠠᠨ ᠢ ᠰᠢᠢᠳᠪᠦᠷᠢᠯᠡᠬᠦ ᠰᠢᠰᠲ᠋ᠧᠮ ᠢ ᠪᠠᠶᠢᠭᠤᠯᠵᠤ᠂ ᠠᠷᠠᠳ ᠤᠯᠠᠨ ᠤ ᠬᠦᠰᠡᠯ ᠱᠠᠭᠠᠷᠳᠠᠯᠭ᠎ᠠ ᠨᠢᠭᠡᠪᠦᠷᠢ ᠶᠢ | ᠴᠥᠮ ᠰᠢᠢᠳᠪᠦᠷᠢᠯᠡᠬᠦ ᠬᠥᠮᠦᠨ ᠲᠠᠢ᠂ ᠬᠠᠤᠯᠢ ᠶᠣᠰᠣᠭᠠᠷ ᠭᠦᠢᠴᠡᠳᠭᠡᠬᠦ ᠶᠢ ᠪᠠᠲᠤᠯᠠᠵᠤ᠂ ᠤᠯᠠᠨ ᠲᠦᠮᠡᠨ ᠳᠤ ︽ | ᠨᠢᠭᠡ ᠯᠡ ᠴᠤᠩᠬᠤᠪᠴᠢ ᠳᠤ ᠬᠦᠢᠴᠡᠳᠭᠡᠬᠦ︾᠂ ︽ᠠᠷᠠᠳ ᠤᠨ ᠵᠣᠪᠠᠨᠢᠯ ᠢ ᠠᠷᠢᠯᠭᠠᠬᠤ︾ ᠵᠠᠰᠠᠯᠲᠠ ᠶᠢᠨ ᠦᠷ᠎ᠡ | ᠪᠦᠲᠦᠮᠵᠢ ᠶᠢ ᠦᠨᠡᠨᠬᠦ ᠮᠡᠳᠡᠷᠡᠭᠦᠯᠪᠡ᠃ | ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠦᠨᠡᠨᠬᠦ ᠪᠡᠶᠡᠯᠡᠬᠦᠯᠤᠨ᠎ᠠ | ᠵᠠᠯᠠᠶᠢᠳ ᠬᠤᠰᠢᠭᠤᠨ ᠤ ᠨᠡᠶᠢᠭᠡᠮ ᠤᠨ ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ ᠲᠥᠪ ᠨᠢ ︽ᠪᠠᠶᠢᠡᠭᠭᠤ | ᠰᠠᠭᠤᠬᠤ + ᠡᠭᠡᠯᠵᠢᠯᠡᠨ ᠵᠢᠵᠢᠬᠦᠷᠯᠡᠬᠦ + ᠳᠠᠭᠠᠵᠤ ᠰᠠᠭᠤᠬᠤ︾ ᠵᠠᠭᠪᠤᠷ ᠢ ᠬᠡᠷᠡᠭᠯᠡᠨ᠂ ᠳᠣᠲᠣᠭᠠᠳᠤ ᠶᠢ | ᠬᠠᠮᠠᠭᠠᠯᠠᠬᠤ ᠪᠠᠶᠢᠭᠤᠯᠭ᠎ᠠ᠂ ᠪᠠᠶᠢᠴᠠᠭᠠᠬᠤ ᠬᠤᠷᠢᠶ᠎ᠠ᠂ ᠰᠢᠭᠦᠬᠦ ᠬᠤᠷᠢᠶ᠎ᠠ᠂ ᠬᠠᠤᠯᠢ ᠴᠠᠭᠠᠵᠠ ᠶᠢᠨ ᠲᠣᠪᠴᠢᠶ᠎ᠠ᠂ | ᠲᠠᠷᠢᠶᠠᠯᠠᠩ ᠮᠠᠯ ᠠᠵᠤ ᠠᠬᠤᠶ ᠶᠢᠨ ᠳᠤᠪᠴᠢᠶ᠎ᠠ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠳᠤᠪᠴᠢᠶ᠎ᠠ ᠵᠡᠷᠭᠡ 11 ᠪᠠᠶᠢᠩᠭᠤ ᠰᠠᠭᠤᠬᠤ ᠰᠠᠯᠠᠭ᠎ᠠ ᠮᠥᠴᠢᠷ᠂ 10 ᠡᠭᠡᠯᠵᠢᠯᠡᠨ ᠰᠠᠭᠤᠬᠤ | ᠨᠢᠭᠡᠴᠢ ᠵᠢᠴᠢ 3 ᠡᠶᠡᠳᠡᠭᠦᠯᠬᠦ ᠵᠣᠬᠢᠶᠠᠨ ᠪᠠᠶᠢᠭᠤᠯᠤᠯᠲᠠ ᠶᠢ ᠡᠮᠬᠢᠯᠡᠨ ᠨᠡᠶᠢᠯᠡᠭᠦᠯᠵᠦ᠂ ᠵᠠᠷᠭᠤ ᠶᠢᠨ ᠦᠢᠯᠡᠴᠢᠯᠡᠭᠡ᠂ | ᠪᠠᠶᠢᠴᠠᠭᠠᠬᠤ ᠦᠢᠯᠡᠴᠢᠯᠡᠭᠡ᠂ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡ᠂ ᠵᠠᠬᠢᠳᠠᠯ ᠰᠤᠷᠪᠤᠯᠵᠢᠯᠠᠯ | ᠢ ᠭᠦ᠋ᠯᠢᠶᠡᠨ ᠠᠪᠴᠦ ᠦᠢᠯᠡᠴᠢᠯᠡᠬᠦ ᠵᠡᠷᠭᠡ ᠴᠢᠳᠠᠮᠵᠢ ᠶᠢ ᠨᠢᠭᠡᠳᠦᠯᠲᠡᠶ ᠲᠥᠯᠥᠪᠯᠡᠨ ᠳᠤᠬᠢᠷᠠᠭᠤᠯᠪᠠ᠃ | ︽ᠥᠩᠭᠡᠷᠡᠭᠰᠡᠨ ᠳᠤ ᠣᠯᠠᠨ ᠲᠦᠮᠡᠨ ᠠᠵᠢᠯ ᠶᠠᠪᠤᠳᠠᠯ ᠭᠦᠢᠴᠡᠳᠭᠡᠬᠦ ᠳᠤ ᠣᠯᠠᠨ ᠰᠠᠯᠠᠭ᠎ᠠ ᠮᠥᠴᠢᠷ ᠢᠶᠠᠷ | ᠬᠦᠶᠦᠵᠦ᠂ ᠣᠲᠣ ᠬᠠᠷᠢᠨ ︿ᠨᠢᠭᠡ ᠯᠠ ᠴᠤᠩᠬᠤᠪᠴᠢ ᠳᠤ ᠬᠦᠢᠴᠡᠳᠭᠡᠬᠦ﹀ ᠪᠤᠯᠵᠠᠢ᠂ ᠮᠠᠨ ᠤ ᠬᠠᠷᠠᠯᠲᠠ ᠪᠣᠯ | ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ ︿ᠨᠢᠭᠡ ᠥᠷᠲᠡᠭᠡ ᠮᠠᠶ᠋ᠢᠭ ᠢᠶᠠᠷ ᠭᠥᠯᠢᠶᠡᠨ ᠠᠪᠴᠤ ᠰᠢᠢᠳᠪᠦᠷᠢᠯᠡᠬᠦ᠂ | ᠪᠦᠬᠦᠨ ᠢ ᠵᠣᠬᠢᠴᠠᠭᠤᠯᠤᠨ ᠰᠢᠢᠳᠪᠦᠷᠢᠯᠡᠬᠦ᠂ ᠪᠥᠬᠦ ᠬᠡᠯᠬᠢᠶ᠎ᠡ ᠪᠠᠷ ᠰᠢᠢᠳᠪᠦᠷᠢᠯᠡᠬᠦ﹀ ᠶᠢ ᠪᠡᠶᠡᠯᠡᠭᠦᠯᠬᠦ ᠶᠠᠪᠤᠳᠠᠯ | ᠪᠣᠯᠤᠨ᠎ᠠ︾ ᠭᠡᠵᠦ ᠵᠠᠯᠠᠶᠢᠳ ᠬᠤᠰᠢᠭᠤᠨ ᠤ ᠨᠡᠶᠢᠭᠡᠮ ᠤᠨ ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ ᠲᠥᠪ ᠤᠨ | ᠳᠡᠳ᠋ ᠡᠷᠬᠢᠯᠡᠭᠴᠢ ᠦ᠋ ᠮᠢᠨ ᠳᠠᠨᠢᠯᠴᠠᠭᠤᠯᠵᠦ ᠪᠠᠶᠢᠯ᠎ᠠ᠃ | ᠳᠤᠰ ᠲᠥᠪ ᠠᠴᠠ ᠪᠠᠰᠠ ︽ᠵᠥᠷᠢᠴᠡᠯ ᠵᠢᠭᠤᠷᠠᠯᠳᠤᠭᠠᠨ ᠢ ᠰᠦᠯᠵᠢᠶᠡᠨ ᠳᠡᠭᠡᠷ᠎ᠡ ᠭᠥᠯᠢᠶᠡᠨ ᠠᠪᠴᠤ | ᠰᠢᠢᠳᠪᠦᠷᠢᠯᠡᠬᠦ︾ ᠸᠢᠴᠠᠲ ᠲᠡᠪᠴᠡᠩ ᠢ ᠨᠡᠭᠡᠭᠡᠨ ᠬᠥᠭᠵᠢᠭᠦᠯᠦᠭᠰᠡᠨ ᠪᠥᠭᠡᠳ 12368᠂ 12348᠂ 12338 | ᠣᠯᠠᠨ ᠨᠡᠶᠢᠲᠡ ᠶᠢᠨ ᠦᠢᠯᠡᠴᠢᠯᠡᠭᠡᠨ ᠤ ᠬᠠᠯᠠᠮᠰᠢᠯ ᠤᠲᠠᠰᠤ ᠵᠡᠷᠭᠡ ᠶᠢ ᠬᠤᠰᠢᠭᠤᠨ ᠤ ᠶᠡᠷᠦᠩᠬᠡᠶᠢᠯᠡᠨ ᠵᠠᠰᠠᠬᠤ | ᠲᠥᠪ ᠲᠤ ᠲᠤᠬᠢᠷᠠᠭᠤᠯᠵᠦ᠂ ︽ᠨᠢᠭᠡ ᠬᠡᠷᠡᠭ ᠨᠢᠭᠡ ᠨᠣᠮᠧᠷ︾ ᠤᠨ ᠪᠥᠬᠦ ᠶᠠᠪᠤᠴᠠ ᠶᠢ ᠮᠥᠷᠳᠡᠵᠦ ᠪᠣᠯᠬᠤ | ᠦᠢᠯᠡᠴᠢᠯᠡᠭᠡ ᠶᠢ ᠣᠯᠠᠨ ᠲᠦᠮᠡᠨ ᠤ ᠳᠡᠷᠭᠡᠳᠡ ᠬᠦᠷᠭᠡᠪᠡ᠃ | ᠡᠨᠡ ᠵᠢᠯ ᠤᠨ ᠡᠬᠢ ᠪᠠᠷ᠂ ᠵᠠᠯᠠᠶᠢᠳ ᠬᠤᠰᠢᠭᠤᠨ ᠤ ᠰᠢᠨᠯᠢᠨ ᠪᠠᠯᠭᠠᠰᠤᠨ ᠤ ᠰᠢᠨ ᠹᠠ ᠲᠣᠰᠬᠤᠨ ᠠᠴᠠ 97 | ᠲᠠᠷᠢᠶᠠᠴᠢᠨ ᠡᠷᠦᠬᠡ ᠶᠢᠨ 200 ᠲᠦᠮᠡᠨ ᠲᠥᠭᠦᠷᠢᠭ ᠤᠨ ᠭᠠᠵᠠᠷ ᠰᠢᠷᠣᠶ ᠶᠢᠨ ᠳᠠᠭᠠᠭᠠᠴᠢᠯᠠᠯᠳᠠ ᠶᠢᠨ ᠮᠦᠡᠭᠬᠦ ᠶᠢ | ᠦᠷᠢᠳᠦᠭᠰᠡᠨ ᠭᠡᠷᠡᠭ ᠢ ᠪᠠᠯᠭᠠᠰᠤᠨ ᠤ ᠶᠡᠷᠦᠩᠬᠡᠶᠢᠯᠡᠨ ᠵᠠᠰᠠᠬᠤ ᠲᠥᠪ ᠲᠤ ᠮᠡᠳᠡᠭᠳᠡᠵᠦ ᠳᠤᠰᠠᠯᠠᠮᠵᠢ ᠭᠤᠶᠤᠴᠢᠯᠠᠬᠰᠠᠨ | ᠪᠠᠶᠢᠨ᠎ᠠ᠃ ᠮᠦᠡᠭᠬᠦ ᠥᠷᠢᠲᠦᠭᠰᠡᠨ ᠬᠤᠪᠢᠶᠠᠷᠢ ᠺᠣᠮᠫᠠᠨᠢ ᠶᠢᠨ ᠶᠡᠷᠦᠩᠬᠡᠶ ᠺᠣᠮᠫᠠᠨᠢ ᠨᠢ ᠰᠧᠴᠤᠸᠠᠨ ᠮᠤᠵᠢ ᠳᠤ | ᠪᠠᠶᠢᠷᠢᠯᠠᠵᠤ ᠪᠠᠶᠢᠬᠤ ᠤᠴᠢᠷ ᠠᠴᠠ ᠪᠠᠯᠭᠠᠰᠤᠨ ᠤ ᠶᠡᠷᠦᠩᠬᠡᠶᠢᠯᠡᠨ ᠵᠠᠰᠠᠬᠤ ᠲᠥᠪ ᠨᠢ ᠬᠡᠷᠡᠭ ᠢᠶᠠᠨ ᠳᠡᠭᠡᠭᠰᠢ | ᠮᠡᠳᠡᠭᠦᠯᠵᠡᠶ᠃ ᠳᠡᠭᠡᠭᠡᠳ ᠵᠠᠯᠠᠶᠢᠳ ᠬᠤᠰᠢᠭᠤᠨ ᠤ ᠨᠡᠶᠢᠭᠡᠮ ᠤᠨ ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ | ᠲᠥᠪ ᠨᠢ ᠰᠢᠭᠦᠬᠦ ᠬᠤᠷᠢᠶ᠎ᠠ᠂ ᠵᠠᠬᠢᠳᠠᠯ ᠰᠤᠷᠪᠤᠯᠵᠢᠯᠠᠯ ᠤᠨ ᠲᠣᠪᠴᠢᠶ᠎ᠠ ᠵᠡᠷᠭᠡ ᠰᠠᠯᠠᠭ᠎ᠠ ᠮᠥᠴᠢᠷ ᠤᠨ | ᠬᠠᠷᠢᠭᠤᠴᠠᠯᠭᠠᠲᠠᠨ ᠢ ᠴᠤᠭᠯᠠᠭᠤᠯᠤᠨ ᠰᠤᠳᠤᠯᠤᠨ ᠮᠠᠭᠠᠳᠯᠠᠵᠤ ᠵᠠᠳᠠᠯᠤᠯᠲᠠ ᠬᠢᠵᠦ᠂ ᠬᠠᠮᠤᠭ ᠰᠡᠭᠦᠯ ᠳᠤ᠂ ︽ | ᠲᠠᠪᠤᠨ ᠱᠠᠲᠤᠨ ᠤ ᠵᠠᠬᠢᠳᠠᠯ ᠰᠤᠷᠪᠤᠯᠵᠢᠯᠠᠯ ᠢ ᠣᠷᠣᠯᠠᠨ ᠭᠦᠢᠴᠡᠳᠭᠡᠬᠦ︾ ᠲᠠᠰ ᠳᠠᠷᠠᠭᠠᠯᠠᠯ ᠢ ᠡᠬᠢᠯᠡᠭᠦᠯᠵᠦ᠂ ᠮᠤᠵᠢ | ᠠᠯᠤᠰᠯᠠᠨ ᠵᠣᠬᠢᠴᠠᠭᠤᠯᠬᠤ ᠶᠢ ᠥᠷᠨᠢᠭᠦᠯᠵᠦ᠂ ᠣᠷᠣᠯᠠᠨ ᠥᠭᠬᠦ ᠪᠠᠯᠠ ᠮᠥᠩᠭᠦ ᠶᠢ ᠲᠠᠩᠰᠠ ᠡᠪᠬᠡᠮᠡᠯ ᠳᠤ | ᠣᠷᠣᠭᠤᠯᠬᠤ ᠶᠢ ᠠᠬᠢᠭᠤᠯᠪᠠ᠃ ︽ᠪᠢᠳᠡ ᠲᠠᠷᠢᠶᠠᠯᠠᠩ ᠳᠤ ᠬᠤᠯᠪᠣᠭᠳᠠᠬᠤ ᠵᠢᠭᠤᠷᠠᠯᠳᠤᠭᠠᠨ ᠢ ᠠᠷᠢᠯᠭᠠᠭᠰᠠᠨ | ᠮᠥᠷᠲᠡᠭᠡᠨ ᠪᠠᠰᠠ ᠬᠠᠪᠤᠷ ᠤᠨ ᠲᠠᠷᠢᠶᠠᠯᠠᠩ ᠦᠢᠯᠡᠳᠪᠦᠷᠢᠯᠡᠯ ᠢ ᠪᠠᠲᠤᠯᠠᠵᠤ᠂ ᠣᠯᠠᠨ ᠱᠠᠲᠤ ᠬᠤᠯᠪᠣᠭᠠᠯᠠᠨ | ᠬᠥᠳᠡᠯᠦᠯᠴᠡᠵᠦ ᠵᠦᠷᠢᠴᠡᠯ ᠵᠢᠭᠤᠷᠠᠯᠳᠤᠭᠠᠨ ᠢ ᠰᠢᠢᠳᠪᠦᠷᠢᠯᠡᠬᠦ ᠬᠦᠴᠦᠨ ᠴᠢᠳᠠᠪᠤᠷᠢ ᠶᠢ ᠢᠯᠡᠷᠡᠭᠦᠯᠪᠡ︾ ᠭᠡᠵᠦ ᠡᠦ | ᠮᠢᠨ ᠲᠠᠨᠢᠯᠴᠠᠭᠤᠯᠪᠠ᠃ | ᠳᠡᠭᠡᠷᠡᠬᠢ ᠵᠢᠱᠢᠶ᠎ᠠ ᠪᠤᠯ ᠳᠠᠷᠤᠢ ᠬᠢᠩᠭᠠᠨ ᠠᠶᠢᠮᠠᠭ ᠤᠨ ᠡᠯ᠎ᠡ ᠱᠠᠳᠤᠨ ᠤ ᠨᠠᠮ ᠤᠨ ᠬᠤᠷᠢᠶ᠎ᠠ ᠪᠠ ᠵᠠᠰᠠᠭ ᠤᠨ | ᠤᠷᠳᠤᠨ ᠲᠠᠨᠢᠯᠳᠠ ᠪᠠᠨ ᠨᠢᠬᠡᠳᠬᠡᠵᠦ᠂ ᠠᠵᠢᠯ ᠤᠨ ᠬᠦᠴᠦᠯᠡᠴᠡ ᠪᠠᠨ ᠨᠡᠮᠡᠭᠳᠡᠬᠦᠯᠤᠨ᠂ ᠵᠤᠬᠢᠰᠳᠠᠢ ᠠᠷᠭ᠎ᠠ ᠬᠡᠮᠵᠢᠶ᠎ᠠ | ᠠᠪᠴᠦ᠂ ᠶᠡᠷᠦᠩᠬᠡᠶᠢᠯᠡᠨ ᠵᠠᠰᠠᠬᠤ ᠲᠥᠪ ᠤᠨ ᠪᠦᠲᠦᠭᠡᠨ ᠪᠠᠶᠢᠭᠤᠯᠤᠯᠲᠠ ᠶᠢ ᠥᠨᠳᠥᠷ ᠪᠠᠷᠢᠮᠵᠢᠶ᠎ᠠ ᠪᠠᠷ ᠠᠬᠢᠭᠤᠯᠵᠦ | ᠪᠠᠶᠢᠭ᠎ᠠ ᠠᠮᠢᠳᠤᠯᠢᠭ ᠦᠢᠯᠡᠳᠦᠯᠭᠡ ᠪᠣᠯᠤᠨ᠎ᠠ᠃ | ᠬᠢᠩᠭᠠᠨ ᠠᠶᠢᠮᠠᠭ ᠤᠨ ᠡᠯ᠎ᠡ ᠱᠠᠳᠤᠨ ᠤ ᠨᠠᠮ ᠤᠨ ᠬᠤᠷᠢᠶ᠎ᠠ ᠪᠠ ᠵᠠᠰᠠᠭ ᠤᠨ ᠤᠷᠳᠤᠨ ᠨᠢ ᠶᠡᠷᠦᠩᠬᠡᠶᠢᠯᠡᠨ | ᠵᠠᠰᠠᠬᠤ ᠲᠥᠪ ᠤᠨ ᠵᠢᠷᠤᠮᠵᠢᠭᠰᠠᠨ ᠪᠠᠶᠢᠭᠤᠯᠤᠯᠲᠠ ᠶᠢᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠪᠣᠳᠠᠲᠤ | ᠪᠠᠶᠢᠳᠠᠯ ᠲᠠᠢ ᠪᠠᠨ ᠤᠶᠠᠯᠳᠤᠭᠤᠯᠤᠨ ︽412︾ ᠠᠵᠢᠯ ᠤᠨ ᠰᠡᠳᠭᠢᠮᠵᠢ ᠶᠢ ᠲᠣᠭᠲᠠᠭᠠᠪᠠ᠂ ᠲᠤᠬᠠᠶᠢᠯᠠᠪᠠᠯ | ᠠᠶᠢᠮᠠᠭ ᠠᠴᠠ ᠬᠦᠴᠦᠨ ᠨᠡᠮᠡᠷᠢᠯᠡᠵᠦ᠂ ᠬᠤᠰᠢᠭᠤᠨ ᠠᠴᠠ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ ︽ᠨᠢᠭᠡ | ᠥᠷᠲᠡᠭᠡᠴᠢᠯᠡᠨ︾ ᠰᠢᠢᠳᠪᠦᠷᠢᠯᠡᠬᠦ᠂ ᠰᠤᠮᠤ ᠰᠢᠶᠠᠩ ᠪᠠᠯᠭᠠᠰᠦ ᠬᠤᠯᠪᠣᠭᠠᠯᠠᠨ ᠰᠢᠢᠳᠪᠦᠷᠢᠯᠡᠬᠦ᠂ ᠭᠠᠴᠠᠭ᠎ᠠ | ᠲᠣᠰᠬᠤᠨ ᠠᠴᠠ ᠵᠢᠭᠰᠠᠭᠠᠨ ᠪᠠᠶᠢᠴᠠᠭᠠᠬᠤ ᠡᠭᠦᠷᠭᠡ ᠴᠢᠳᠠᠪᠬᠢ ᠶᠢᠨ ᠪᠠᠶᠢᠷᠢ ᠲᠣᠭᠲᠠᠭᠠᠯᠲᠠ ᠳᠤ ᠰᠠᠭᠤᠷᠢᠯᠠᠵᠤ᠂ | ᠵᠥᠷᠢᠴᠡᠯ ᠵᠢᠭᠤᠷᠠᠯᠳᠤᠭᠠᠨ ᠢ ᠵᠢᠭᠰᠠᠭᠠᠨ ᠪᠠᠶᠢᠴᠠᠭᠠᠬᠤ᠂ ᠡᠶᠡᠳᠡᠭᠦᠯᠦᠨ ᠰᠢᠢᠳᠪᠦᠷᠢᠯᠡᠬᠦ᠂ ᠭᠤᠯᠳᠤ ᠴᠢᠭᠯᠡᠯ ᠢᠶᠠᠷ | ᠨᠡᠪᠲᠡᠷᠡᠭᠦᠯᠬᠦ ᠶᠢ ᠬᠦᠴᠦ ᠪᠠᠨ ᠲᠥᠪᠯᠡᠷᠡᠭᠦᠯᠦᠨ ᠪᠡᠶᠡᠯᠡᠭᠦᠯᠵᠦ᠂ ᠵᠥᠷᠢᠴᠡᠯ ᠵᠢᠭᠤᠷᠠᠯᠳᠤᠭᠠᠨ ᠢ ᠰᠡᠷᠭᠡᠶᠢᠯᠡᠨ | ᠠᠷᠢᠯᠭᠠᠬᠤ ᠪᠠ ᠨᠡᠶᠢᠭᠡᠮ ᠤᠨ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠠᠵᠢᠯ ᠢ ᠪᠦᠲᠦᠮᠵᠢᠲᠡᠶ | ᠨᠠᠶᠢᠳᠠᠪᠤᠷᠢᠵᠢᠭᠤᠯᠬᠤ ᠶᠢ ᠦᠨᠡᠨᠬᠦ ᠠᠬᠢᠭᠤᠯᠪᠠ᠃ | ᠬᠢᠩᠭᠠᠨ ᠠᠶᠢᠮᠠᠭ ᠤᠨ ᠡᠯ᠎ᠡ ᠱᠠᠳᠤᠨ ᠤ ᠶᠡᠷᠦᠩᠬᠡᠶᠢᠯᠡᠨ ᠵᠠᠰᠠᠬᠤ ᠲᠥᠪ ᠶᠠᠭ ︽ᠫᠠᠶᠢᠰᠠ ᠢᠯᠡᠷᠭᠡᠶᠢᠯᠡᠯ ᠲᠠᠢ᠂ | ᠲᠠᠯᠠᠪᠤᠷ ᠭᠠᠵᠠᠷ ᠲᠠᠢ᠂ ᠬᠦᠴᠦᠨ ᠲᠣᠭᠲᠠᠴᠠ ᠲᠠᠢ᠂ ᠦᠷ᠎ᠡ ᠪᠦᠲᠦᠮᠵᠢ ᠲᠠᠢ︾ ᠬᠠᠷᠠᠯᠲᠠ ᠶᠢ ᠪᠡᠶᠡᠯᠡᠭᠦᠯᠵᠦ᠂ | ᠠᠶᠢᠮᠠᠭ ᠤᠨ ᠱᠠᠲᠤᠨ ᠤ ᠶᠡᠷᠦᠩᠬᠡᠶᠢᠯᠡᠨ ᠵᠠᠰᠠᠬᠤ ᠲᠥᠪ 1᠂ ᠬᠤᠰᠢᠭᠤ ᠰᠢᠶᠠᠨ ᠤ ᠱᠠᠲᠤᠨ ᠤ ᠶᠡᠷᠦᠩᠬᠡᠶᠢᠯᠡᠨ | ᠵᠠᠰᠠᠬᠤ ᠲᠥᠪ 3᠂ ᠰᠢᠶᠠᠩ ᠪᠠᠯᠭᠠᠰᠤᠨ ᠤ ᠱᠠᠲᠤᠨ ᠤ ᠶᠡᠷᠦᠩᠬᠡᠶᠢᠯᠡᠨ ᠵᠠᠰᠠᠬᠤ ᠲᠥᠪ 82 ᠢ ᠨᠢᠭᠡᠨᠲᠡ ᠪᠠᠶᠢᠭᠤᠯᠵᠤ | ᠳᠠᠭᠤᠰᠬᠠᠵᠠᠢ᠃ ᠡᠨᠡ ᠵᠢᠯ ᠠᠴᠠ ᠨᠠᠭᠠᠰᠢ᠂ ᠪᠥᠬᠦ ᠠᠶᠢᠮᠠᠭ ᠤᠨ ᠰᠤᠷᠪᠤᠯᠵᠢᠯᠠᠯ ᠬᠦᠯᠢᠶᠡᠭᠰᠡᠨ ᠣᠯᠠᠨ ᠲᠦᠮᠡᠨ | 7043 ᠬᠦᠮᠤᠨ ᠤᠳᠠᠭ᠎ᠠ ᠳᠤ ᠬᠦᠷᠴᠦ᠂ ᠳᠠᠩᠰᠠᠯᠠᠭᠤᠯᠤᠭᠰᠠᠨ ᠵᠥᠷᠢᠴᠡᠯ ᠵᠢᠭᠤᠷᠠᠯᠳᠤᠭᠠᠨ ᠢ 9630 ᠬᠤᠪᠢ | ᠭᠥᠯᠢᠶᠡᠨ ᠠᠪᠤᠬᠰᠠᠨ ᠪᠦᠭᠡᠳ ᠴᠥᠮ ᠬᠤᠰᠢᠭᠤ ᠰᠢᠶᠠᠨ᠂ ᠰᠤᠮᠤ ᠰᠢᠶᠠᠩ ᠪᠠᠯᠭᠠᠰᠦ ᠬᠤᠶᠠᠷ ᠱᠠᠲᠤᠨ ᠠᠴᠠ | ᠬᠠᠷᠢᠭᠤᠴᠠᠨ ᠰᠢᠢᠳᠪᠦᠷᠢᠯᠡᠵᠦ᠂ 9244 ᠬᠤᠪᠢ ᠵᠥᠷᠢᠴᠡᠯ ᠵᠢᠭᠤᠷᠠᠯᠳᠤᠭᠠᠨ ᠢ ᠨᠢᠭᠡᠨᠲᠡ ᠰᠢᠢᠳᠪᠦᠷᠢᠯᠡᠵᠦ᠂ | ᠰᠢᠢᠳᠪᠦᠷᠢᠯᠡᠭᠰᠡᠨ ᠨᠣᠷᠮ᠎ᠠ ᠨᠢ 96% ᠳᠤ ᠬᠦᠷᠪᠡ᠃ | ᠤᠯᠠᠨ ᠰᠠᠯᠠᠭ᠎ᠠ ᠮᠦᠴᠢᠷ ᠬᠠᠮᠵᠢᠯᠴᠠᠨ ᠬᠦᠳᠡᠯᠤᠯᠴᠡᠨ ᠠᠵᠢᠯᠯᠠᠨ᠎ᠠ | ︽ᠪᠢᠳᠡ ︿ᠵᠥᠷᠢᠴᠡᠯ ᠢ ᠡᠶᠡᠳᠡᠭᠦᠯᠦᠨ ᠰᠢᠢᠳᠪᠦᠷᠢᠯᠡᠬᠦ ᠦᠢᠯᠡᠴᠢᠯᠡᠭᠡᠨ ᠤ ᠰᠢᠭᠤᠳ ᠨᠡᠪᠲᠡᠷᠡᠬᠦ ᠲᠡᠷᠭᠡ﹀ ᠶᠢ | ᠰᠢᠨ᠎ᠡ ᠪᠠᠷ ᠡᠭᠦᠳᠴᠦ᠂ ᠪᠦᠬᠦ ᠬᠤᠲᠠ ᠶᠢᠨ ᠡᠯ᠎ᠡ ᠰᠤᠮᠤ ᠰᠢᠶᠠᠩ ᠪᠠᠯᠭᠠᠰᠤ ᠵᠡᠭᠡᠯᠢ ᠭᠤᠳᠤᠮᠵᠢ᠂ ᠭᠠᠴᠠᠭ᠎ᠠ | ᠲᠣᠰᠬᠤᠨ ︵ᠨᠡᠶᠢᠭᠡᠮ ᠲᠣᠭᠤᠷᠢᠭ︶ ᠳᠤ ᠵᠥᠷᠢᠴᠡᠯ ᠵᠢᠭᠤᠷᠠᠯᠳᠤᠭᠠᠨ ᠢ ᠲᠤᠬᠠᠢ ᠶᠢᠨ ᠭᠠᠵᠠᠷ ᠲᠤᠨᠢ ᠡᠶᠡᠳᠡᠭᠦᠯᠦᠨ | ᠰᠢᠢᠳᠪᠦᠷᠢᠯᠡᠬᠦ᠂ ᠭᠤᠣᠯ ᠰᠡᠳᠦᠪᠲᠦ ᠤᠬᠠᠭᠤᠯᠭ᠎ᠠ᠂ ᠲᠤᠰᠬᠠᠢ ᠰᠡᠳᠦᠪᠲᠦ ᠪᠣᠯᠪᠠᠰᠤᠷᠠᠯ ᠵᠡᠷᠭᠡ ᠠᠵᠢᠯᠯᠠᠭ᠎ᠠ | ᠥᠷᠨᠢᠭᠦᠯᠪᠡ︾ ᠭᠡᠵᠦ ᠤᠯᠠᠭᠠᠨᠬᠤᠲᠠ ᠶᠢᠨ ᠨᠡᠶᠢᠭᠡᠮ ᠤᠨ ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ ᠲᠥᠪ ᠤᠨ | ᠡᠷᠬᠢᠯᠡᠭᠴᠢ ᠵᠣᠣ ᠾᠧ ᠲᠠᠨᠢᠯᠴᠠᠭᠤᠯᠵᠦ ᠪᠠᠶᠢᠯ᠎ᠠ᠃ | ︽ᠲᠥᠪᠯᠡᠷᠡᠭᠦᠯᠦᠨ ᠭᠦᠢᠴᠡᠳᠭᠡᠬᠦ︾ ᠪᠠ ︽ᠨᠢᠭᠡ ᠥᠷᠲᠡᠭᠡᠴᠢᠯᠡᠬᠦ︾ ᠰᠢᠢᠳᠪᠦᠷᠢᠯᠡᠬᠦ ᠦᠢᠯᠡᠳᠦᠯ ᠢ | ᠭᠦᠢᠴᠡᠳ ᠪᠠᠳᠠᠷᠠᠭᠤᠯᠬᠤ ᠶᠢᠨ ᠲᠥᠯᠥᠭᠡ᠂ ᠤᠯᠠᠭᠠᠨᠬᠤᠲᠠ ᠶᠢᠨ ᠨᠡᠶᠢᠭᠡᠮ ᠤᠨ ᠠᠮᠤᠷ ᠲᠦᠪᠰᠢᠨ ᠢ ᠶᠡᠷᠦᠩᠬᠡᠶᠢᠯᠡᠨ | ᠵᠠᠰᠠᠬᠤ ᠲᠥᠪ ᠨᠢ 36 ᠡᠭᠦᠷᠭᠡ ᠴᠢᠳᠠᠪᠤᠷᠢᠲᠤ ᠰᠠᠯᠠᠭ᠎ᠠ ᠮᠥᠴᠢᠷ᠂ 6 ᠲᠥᠪ᠂ 5 ᠠᠵᠢᠯ ᠲᠥᠷᠥᠯ ᠤᠨ ᠴᠢᠨᠠᠷᠲᠠᠶ | ᠡᠶᠡᠳᠡᠭᠦᠯᠬᠦ ᠵᠣᠬᠢᠶᠠᠨ ᠪᠠᠶᠢᠭᠤᠯᠤᠯᠲᠠ ᠵᠢᠴᠢ ᠰᠡᠳᠭᠢᠴᠡ ᠶᠢᠨ ᠦᠢᠯᠡᠴᠢᠯᠡᠭᠡᠨ ᠤ ᠨᠡᠶᠢᠭᠡᠮ ᠤᠨ ᠬᠦᠴᠦᠨ ᠢ | ᠬᠤᠷᠠᠮᠳᠤᠭᠤᠯᠵᠤ᠂ ᠤᠯᠠᠨ ᠰᠠᠯᠠᠭ᠎ᠠ ᠮᠦᠴᠢᠷ ᠬᠤᠯᠪᠣᠭᠠᠯᠠᠨ ᠬᠥᠳᠡᠯᠦᠯᠴᠡᠵᠦ ᠵᠦᠷᠢᠴᠡᠯ ᠵᠢᠭᠤᠷᠠᠯᠳᠤᠭᠠᠨ ᠢ | ᠬᠠᠮᠲᠤ ᠪᠠᠷ ᠰᠶᠢᠳᠪᠦᠷᠢᠯᠡᠬᠦ ᠶᠢ ᠪᠡᠶᠡᠯᠡᠭᠦᠯᠪᠡ᠃ | ︽ᠤᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠪᠦᠬᠦ ᠲᠠᠯ᠎ᠠ ᠪᠠᠷ ᠴᠤᠭᠯᠠᠭᠤᠯᠵᠤ᠂ ᠠᠶᠤᠯ ᠲᠦᠭᠰᠢᠭᠦᠷᠢ ᠶᠢ | ᠨᠠᠷᠢᠯᠢᠭ ᠣᠨᠣᠴᠠᠲᠠᠶ ᠪᠠᠷ ᠰᠤᠳᠤᠯᠤᠨ ᠮᠠᠭᠠᠳᠯᠠᠬᠤ᠂ ᠵᠢᠭᠤᠷᠠᠯᠳᠤᠭᠠᠨ ᠢ ᠣᠯᠠᠨ ᠡᠰᠢᠵᠢᠭᠦᠯᠦᠨ ᠡᠶᠡᠳᠡᠭᠦᠯᠬᠦ᠂ ᠦᠷ᠎ᠡ | ᠪᠦᠲᠦᠮᠵᠢ ᠶᠢ ᠣᠷᠳᠣ ᠬᠤᠭᠤᠴᠠᠭ᠎ᠠ ᠪᠠᠷ ᠪᠦᠲᠦᠮᠵᠢᠲᠡᠶ ᠮᠥᠷᠳᠡᠬᠦ︾ ᠳᠥᠷᠪᠡᠨ ᠲᠠᠯ᠎ᠠ ᠶᠢ ᠤᠶᠠᠯᠳᠤᠭᠤᠯᠬᠤ | ᠵᠥᠷᠢᠴᠡᠯ ᠵᠢᠭᠤᠷᠠᠯᠳᠤᠭᠠᠨ ᠢ ᠠᠷᠢᠯᠭᠠᠬᠤ ᠲᠣᠭᠲᠠᠴᠠ ᠶᠢᠨ ᠲᠤᠷᠰᠢᠯᠭ᠎ᠠ ᠶᠢ ᠦᠢᠯᠡᠳᠦᠯᠬᠡᠵᠢᠬᠦᠯᠬᠦ ᠪᠣᠯ ᠰᠢᠨ᠎ᠡ ᠴᠠᠭ | ᠦᠶ᠎ᠡ ᠶᠢᠨ ︽ᠹᠧᠩ ᠴᠢᠶᠣᠤ ᠶᠢᠨ ᠲᠤᠷᠰᠢᠯᠭ᠎ᠠ︾ ᠶᠢ ᠦᠨᠳᠦᠰᠦᠨ ᠱᠠᠲᠤᠨ ᠳᠤ ᠦᠨᠳᠦᠰᠦᠯᠡᠭᠦᠯᠬᠦ ᠪᠤᠳᠠᠳᠠᠢ | ᠦᠢᠯᠡᠳᠤᠯᠭᠡ ᠪᠤᠯᠤᠨ᠎ᠠ᠃ | ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ︽ᠠᠮᠤᠷ ᠲᠦᠪᠰᠢᠨ ᠤ ᠲᠣᠣᠷ︾ ᠢ ᠨᠢᠭᠲᠠ ᠰᠦᠯᠵᠢᠨ᠎ᠠ | 3 ᠰᠠᠷ᠎ᠠ ᠶᠢᠨ 24 ᠤ ᠡᠳᠦᠷ᠂ ᠲᠦᠴᠢᠦᠸᠠᠨ ᠰᠢᠶᠠᠨ ᠤ ᠯᠢ ᠮᠢᠨ ᠨᠡᠶᠢᠭᠡᠮ ᠲᠣᠭᠤᠷᠢᠭ ᠤᠨ | ᠳᠤᠤᠷᠵᠢᠭᠤᠯᠤᠬᠴᠢ ᠰᠠᠭᠤᠭᠠᠯᠢ ᠠᠷᠠᠳ ᠤᠨ ᠡᠷᠦᠭᠡ ᠪᠠᠷ ᠬᠦᠷᠴᠦ ᠰᠤᠷᠪᠤᠯᠵᠢᠯᠠᠬᠤ ᠳᠤᠮᠳᠠ ᠪᠠᠨ ᠤᠶᠤᠨ | ᠮᠡᠳᠡᠷᠡᠯ ᠤᠨ ᠡᠪᠡᠳᠴᠢᠨ ᠲᠠᠢ ᠰᠠᠭᠤᠭᠠᠯᠢ ᠠᠷᠠᠳ ᠲᠦ᠋ ᠣᠪᠣᠭᠲᠤ ᠶᠢᠨ ᠭᠡᠨᠡᠳᠳᠡ ᠶᠢᠨ ᠦᠢᠯᠡ ᠠᠵᠢᠯᠯᠠᠭ᠎ᠠ ᠨᠢ | ᠬᠥᠷᠰᠢ ᠵᠡᠷᠭᠡᠯᠡᠳᠡᠭᠡ ᠾᠧᠦ ᠣᠪᠣᠭᠲᠤ ᠶᠢᠨ ᠵᠢᠷᠦᠬᠡᠨ ᠡᠪᠡᠳᠴᠢᠨ ᠢ ᠬᠦᠳᠡᠯᠭᠡᠭᠰᠡᠨ ᠢ ᠤᠯᠵᠦ ᠮᠡᠳᠡᠪᠡ᠃ | ᠳᠡᠭᠡᠭᠡᠳ ᠨᠡᠶᠢᠭᠡᠮ ᠲᠣᠭᠤᠷᠢᠭ ᠤᠨ ᠡᠶᠡᠳᠡᠭᠦᠯᠬᠦ ᠪᠦᠯᠬᠦᠮ ᠨᠢ ᠬᠤᠶᠠᠷ ᠳᠤᠭᠤᠶᠢᠯᠠᠩ ᠬᠤᠪᠢᠶᠠᠨ᠂ ᠨᠢᠭᠡ | ᠳᠤᠭᠤᠶᠢᠯᠠᠩ ᠨᠢ ᠾᠧᠦ ᠣᠪᠣᠭᠲᠤ ᠶᠢ ᠡᠮᠨᠡᠯᠭᠡ ᠳᠤ ᠬᠦᠷᠭᠡᠵᠦ ᠡᠮᠨᠡᠬᠦᠯᠵᠦ᠂ ᠨᠥᠭᠦᠭᠡ ᠨᠢᠭᠡ ᠨᠡᠶᠢᠭᠡᠮ | ᠲᠣᠭᠤᠷᠢᠭ ᠤᠨ ᠺᠠᠳ᠋ᠷ᠂ ᠰᠠᠭᠤᠭᠠᠯᠢ ᠠᠷᠠᠳ ᠤᠨ ᠲᠥᠯᠥᠭᠡᠯᠡᠭᠴᠢ ᠪᠠᠷ ᠪᠦᠷᠢᠯᠳᠦᠭᠰᠡᠨ ᠳᠤᠭᠤᠶᠢᠯᠠᠩ ᠨᠢ ᠤᠷᠢᠳᠠᠪᠠᠷ | ᠬᠤᠶᠠᠷ ᠲᠠᠯ᠎ᠠ ᠶᠢᠨ ᠭᠡᠷ ᠤᠨ ᠬᠦᠮᠦᠰ ᠤᠨ ᠰᠡᠳᠬᠢᠯ ᠰᠠᠨᠠᠭ᠎ᠠ ᠶᠢ ᠲᠠᠶᠢᠳᠬᠤᠷᠠᠭᠤᠯᠵᠤ᠂ ᠬᠠᠤᠯᠢ ᠳᠠᠶᠢᠯᠪᠤᠷᠢᠯᠠᠬᠤ ᠪᠠᠷ | ᠳᠠᠮᠵᠢᠨ ᠡᠮᠴᠢᠯᠡᠭᠡᠨ ᠤ ᠵᠠᠷᠤᠳᠠᠯ ᠢ ᠡᠭᠦᠷᠭᠡᠯᠡᠬᠦ ᠪᠠ ᠬᠢᠨᠠᠨ ᠬᠠᠮᠠᠭᠠᠯᠠᠬᠤ ᠬᠠᠷᠢᠭᠤᠴᠠᠯᠭ᠎ᠠ ᠶᠢ ᠡᠭᠦᠷᠭᠡᠯᠡᠬᠦ ᠶᠢ | ᠳᠤᠳᠤᠷᠬᠠᠶᠢᠯᠠᠵᠠᠢ᠃ ᠡᠴᠦᠰ ᠳᠡᠭᠡᠨ ᠲᠦ᠋ ᠣᠪᠣᠭᠲᠤ ᠶᠢᠨ ᠭᠡᠷ ᠤᠨ ᠬᠦᠮᠦᠰ ᠨᠢ ᠬᠢᠨᠠᠨ ᠬᠠᠮᠢᠶᠠᠷᠤᠯᠳᠠ ᠪᠠᠨ | ᠴᠢᠩᠭᠠᠳᠬᠠᠬᠤ ᠪᠠᠷ ᠠᠮᠠᠯᠳᠠᠨ᠂ ᠪᠦᠬᠦ ᠡᠮᠴᠢᠯᠡᠭᠡᠨ ᠤ ᠵᠠᠷᠤᠳᠠᠯ ᠢ ᠡᠭᠦᠷᠭᠡᠯᠡᠬᠦ ᠪᠠᠷ ᠳᠤᠬᠳᠠᠬᠰᠠᠨ ᠮᠦᠷᠳᠡᠭᠡᠨ ᠪᠠᠰᠠ | ᠾᠧᠦ ᠣᠪᠣᠭᠲᠤ ᠶᠢᠨ ᠭᠡᠷ ᠪᠦᠯᠢ ᠶᠢᠨ ᠬᠢᠨ ᠳᠤ ᠪᠤᠷᠤᠭᠤ ᠬᠦᠯᠢᠶᠡᠵᠠᠢ᠃ ᠡᠨᠡ ᠨᠢ ᠦᠨᠳᠦᠰᠤᠨ ᠱᠠᠳᠤᠨ ᠤ | ᠶᠡᠷᠦᠩᠭᠡᠶᠢᠯᠡᠨ ᠵᠠᠰᠠᠬᠤ ᠲᠦᠪ ᠤᠨ ᠬᠢᠨ ︽ᠡᠷᠲᠡ ᠢᠯᠡᠷᠡᠭᠦᠯᠵᠦ᠂ ᠲᠦᠷᠭᠡᠨ ᠣᠷᠣᠯᠴᠠᠵᠤ᠂ ᠵᠣᠬᠢᠰᠲᠠᠢ | ᠰᠢᠢᠳᠪᠦᠷᠢᠯᠡᠬᠦ︾ ᠵᠥᠷᠢᠴᠡᠯ ᠢ ᠡᠶᠡᠳᠡᠭᠦᠯᠦᠨ ᠰᠢᠢᠳᠪᠦᠷᠢᠯᠡᠬᠦ ᠲᠣᠭᠲᠠᠴᠠ ᠶᠢ ᠪᠦᠷᠢᠨᠰᠢᠬᠦᠯᠵᠦ᠂ ᠨᠡᠶᠢᠭᠡᠮ | ᠳᠤᠭᠤᠷᠢᠬ ᠤᠨ ᠡᠶ᠎ᠡ ᠵᠤᠬᠢᠴᠠᠩᠭᠤᠢ ᠶᠢ ᠰᠠᠶᠢᠳᠤᠷ ᠬᠠᠮᠠᠭᠠᠯᠠᠵᠦ ᠪᠠᠶᠢᠭ᠎ᠠ ᠪᠤᠳᠠᠳᠤ ᠠᠵᠢᠯᠯᠠᠭ᠎ᠠ ᠪᠤᠯᠤᠨ᠎ᠠ᠃ | ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ︽ᠠᠮᠤᠷ ᠲᠦᠪᠰᠢᠨ ᠤ ᠲᠣᠣᠷ︾ ᠢ ᠨᠢᠭᠲᠠ ᠰᠦᠯᠵᠢᠬᠦ ᠶᠢᠨ | ᠲᠥᠯᠥᠭᠡ᠂ ᠬᠢᠩᠭᠠᠨ ᠠᠶᠢᠮᠠᠭ ᠤᠨ ᠡᠯ᠎ᠡ ᠱᠠᠳᠤᠨ ᠤ ᠨᠠᠮ ᠤᠨ ᠬᠤᠷᠢᠶ᠎ᠠ ᠪᠠ ᠵᠠᠰᠠᠭ ᠤᠨ ᠤᠷᠳᠤᠨ ᠨᠢ ︽ | ᠲᠣᠣᠷᠵᠢᠭᠤᠯᠤᠬᠴᠢ ᠶᠢᠨ ᠨᠠᠮ ᠤᠨ ᠳᠤᠭᠤᠶᠢᠯᠠᠩ + ᠲᠤᠰᠬᠠᠢ ᠲᠤᠰᠢᠶᠠᠯᠲᠤ ᠲᠣᠣᠷᠵᠢᠭᠤᠯᠤᠬᠴᠢ + ᠠᠰᠠᠷ ᠤᠨ | ᠳᠠᠷᠤᠭ᠎ᠠ︾ ᠶᠢᠨ ᠵᠠᠰᠠᠯᠲᠠ ᠶᠢᠨ ᠲᠣᠭᠲᠠᠴᠠ ᠶᠢ ᠲᠡᠭᠦᠯᠳᠡᠷᠵᠢᠭᠦᠯᠦᠭᠰᠡᠨ ᠰᠠᠭᠤᠷᠢᠨ ᠳᠡᠭᠡᠷ᠎ᠡ᠂ ᠤᠷᠢᠳᠴᠢᠯᠡᠨ | ᠵᠢᠭᠰᠠᠭᠠᠨ ᠪᠠᠶᠢᠴᠠᠭᠠᠵᠤ᠂ ᠤᠷᠢᠳᠠᠪᠠᠷ ᠰᠢᠢᠳᠪᠦᠷᠢᠯᠡᠵᠦ᠂ ︽ᠲᠣᠣᠷᠵᠢᠭᠤᠯᠤᠬᠴᠢ ᠬᠠᠮᠢᠶᠠᠷᠤᠭᠴᠢ︾ ᠶᠢᠨ | ᠦᠨᠳᠦᠰᠦᠨ ᠱᠠᠲᠤᠨ ᠤ ᠵᠠᠰᠠᠯᠲᠠ ᠶᠢᠨ ᠠᠵᠢᠯ ᠤᠨ ᠲᠦᠷᠢᠮ ᠢ ᠰᠦᠪᠡᠭᠴᠢᠯᠡᠨ ᠪᠠᠶᠢᠭᠤᠯᠵᠤ᠂ ᠵᠥᠷᠢᠴᠡᠯ | ᠵᠢᠭᠤᠷᠠᠯᠳᠤᠭᠠᠨ ᠢ ᠴᠤᠬᠤᠶᠢᠵᠦ ᠪᠠᠶᠢᠭ᠎ᠠ ᠦᠶ᠎ᠠ ᠳᠤᠨᠢ ᠰᠶᠢᠳᠪᠦᠷᠢᠯᠡᠬᠦ ᠶᠢ ᠦᠡᠨᠡᠬᠦ ᠪᠡᠶᠡᠯᠡᠬᠦᠯᠪᠡ᠃ | ᠲᠦᠷᠦᠭᠦᠬᠡᠨ᠂ ᠤᠯᠠᠭᠠᠨᠬᠤᠲᠠ ᠶᠢᠨ ᠲᠢᠶᠠᠨ ᠵᠢᠶᠤᠤ ᠵᠡᠭᠡᠯᠢ ᠶᠢᠨ ᠬᠤᠩ ᠰᠢᠩ ᠨᠡᠶᠢᠭᠡᠮ ᠲᠣᠭᠤᠷᠢᠭ ᠤᠨ | ᠰᠠᠭᠤᠭᠠᠯᠢ ᠠᠷᠠᠳ ᠯᠦ ᠴᠢᠦ ᠯᠢᠩ ᠨᠢᠭᠡᠨ ᠬᠡᠮᠡᠷᠯᠢᠭ ᠲᠤᠭ ᠢ ᠲᠢᠶᠠᠨ ᠵᠢᠶᠤᠤ ᠵᠡᠭᠡᠯᠢ ᠶᠢᠨ ᠨᠡᠶᠢᠭᠡᠮ ᠤᠨ ᠠᠮᠤᠷ | ᠲᠦᠪᠰᠢᠨ ᠢ ᠶᠡᠷᠦᠩᠬᠡᠶᠢᠯᠡᠨ ᠵᠠᠰᠠᠬᠤ ᠲᠥᠪ ᠲᠤ ᠬᠦᠷᠭᠡᠪᠡ᠃ | ᠤᠶᠢᠯᠠᠭᠠᠯᠳᠠ ᠪᠠᠷ᠂ ᠨᠢᠭᠡ ᠰᠠᠷ᠎ᠠ ᠶᠢᠨ ᠡᠮᠦᠨ᠎ᠡ᠂ ᠨᠡᠶᠢᠭᠡᠮ ᠲᠣᠭᠤᠷᠢᠭ ᠤᠨ ᠳᠤᠤᠷᠵᠢᠭᠤᠯᠤᠬᠴᠢ ᠡᠷᠦᠭᠡ ᠪᠠᠷ | ᠰᠤᠷᠪᠤᠯᠵᠢᠯᠠᠬᠤ ᠳᠤᠮᠳᠠ ᠪᠠᠨ 74 ᠨᠠᠰᠤᠳᠠᠢ ᠰᠠᠭᠤᠭᠠᠯᠢ ᠠᠷᠠᠳ ᠯᠦ ᠴᠢᠦ ᠯᠢᠩ ᠤᠨ ᠤᠤᠯ ᠤᠨ | ᠪᠠᠶᠢᠭᠤᠯᠭ᠎ᠠ ᠶᠢᠨ ᠬᠢᠨ ᠡᠮ ᠡᠮᠨᠡᠯᠭᠡ ᠶᠢᠨ ᠳᠠᠭᠠᠳᠬᠠᠯ ᠢ ᠨᠢ ᠳᠤᠰᠢᠶᠠᠨ ᠦᠭᠬᠦᠭᠰᠡᠨ ᠦᠭᠡᠢ ᠠᠴᠠ ᠪᠣᠯᠵᠤ | ᠡᠪᠡᠳᠴᠢᠨ ᠦᠵᠡᠭᠦᠯᠬᠦ ᠳᠤ ᠬᠦᠴᠢᠷᠲᠡᠢ ᠪᠠᠶᠢᠭ᠎ᠠ ᠶᠢ ᠣᠯᠵᠤ ᠮᠡᠳᠡᠪᠡ᠃ ᠵᠡᠭᠡᠯᠢ ᠶᠢᠨ ᠶᠡᠷᠦᠩᠬᠡᠶᠢᠯᠡᠨ ᠵᠠᠰᠠᠬᠤ | ᠲᠥᠪ ᠨᠢ ᠯᠦ ᠴᠢᠦ ᠯᠢᠩ ᠤᠨ ᠮᠡᠳᠡᠭᠡ ᠵᠠᠩᠭᠢ ᠶᠢ ᠣᠯᠤᠭᠰᠠᠨ ᠤ ᠳᠠᠷᠠᠭ᠎ᠠ᠂ ᠡᠮ ᠡᠮᠨᠡᠯᠭᠡ ᠶᠢᠨ ᠳᠠᠭᠠᠳᠬᠠᠯ ᠤᠨ | ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠵᠡᠷᠭᠡ ᠣᠯᠠᠨ ᠰᠠᠯᠠᠭ᠎ᠠ ᠮᠥᠴᠢᠷ ᠲᠠᠢ | ᠬᠠᠷᠢᠯᠴᠠᠵᠤ᠂ ᠡᠮ ᠡᠮᠨᠡᠯᠭᠡ ᠶᠢᠨ ᠳᠠᠭᠠᠳᠬᠠᠯ ᠢ ᠨᠢ ᠨᠥᠬᠦᠵᠦ ᠲᠤᠰᠢᠶᠠᠯᠭᠠᠵᠠᠢ᠃ ᠡᠬᠦᠨ ᠠᠴᠠ ᠯᠦ ᠴᠢᠦ ᠯᠢᠩ ᠢ | ᠪᠠᠭᠲᠠᠭᠠᠭᠰᠠᠨ 80 ᠭᠠᠷᠤᠢ ᠠᠵᠢᠯ ᠠᠴᠠ ᠪᠠᠨ ᠠᠮᠠᠷᠠᠭᠰᠠᠳ ᠤᠨ ᠡᠮ ᠡᠮᠨᠡᠯᠭᠡ ᠶᠢᠨ ᠵᠠᠷᠤᠳᠠᠯ ᠤᠨ ᠠᠰᠠᠭᠤᠳᠠᠯ | ᠰᠢᠢᠳᠪᠦᠷᠢᠯᠡᠭᠳᠡᠪᠡ᠃ | ︽ᠪᠢᠳᠡ ︿ᠪᠠᠭ᠎ᠠ ᠶᠠᠪᠤᠳᠠᠯ ᠢ ᠨᠡᠶᠢᠭᠡᠮ ᠲᠣᠭᠤᠷᠢᠭ ᠠᠴᠠ ᠭᠠᠷᠭᠠᠬᠤ ᠦᠭᠡᠢ᠂ ᠬᠦᠴᠢᠷ ᠶᠠᠪᠤᠳᠠᠯ ᠢ ᠵᠡᠭᠡᠯᠢ | ᠭᠤᠳᠤᠮᠵᠢ ᠠᠴᠠ ᠭᠠᠷᠭᠠᠬᠤ ᠦᠭᠡᠢ﹀ ᠪᠠᠷ ᠬᠠᠷᠠᠯᠲᠠ ᠪᠣᠯᠭᠠᠵᠤ᠂ 28 ᠶᠡᠭᠡ ᠲᠣᠣᠷᠵᠢᠯ᠂ 482 ᠰᠠᠭᠤᠭᠠᠯᠢ | ᠠᠷᠠᠳ ᠤᠨ ᠥᠪᠡᠷᠲᠡᠭᠡᠨ ᠵᠠᠰᠠᠬᠤ ᠲᠣᠣᠷᠵᠢᠯ ᠢ ᠨᠠᠷᠢᠯᠢᠭ ᠬᠤᠪᠢᠶᠠᠷᠢᠯᠠᠭᠰᠠᠨ ᠰᠠᠭᠤᠷᠢᠨ ᠳᠡᠭᠡᠷ᠎ᠡ᠂ 12 | ᠳᠤᠤᠷᠵᠢᠭᠤᠯᠤᠬᠴᠢ ᠶᠢᠨ ︿ᠠᠯᠪᠠᠨ ᠵᠢᠷᠤᠮ ᠤᠨ ᠬᠠᠮᠢᠶᠠᠷᠤᠭᠴᠢ﹀ ᠶᠢᠨ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ | ᠡᠵᠡᠮᠳᠡᠬᠦ ᠠᠵᠢᠯ ᠤᠨ ᠦᠷᠳᠡᠭᠡ ᠶᠢ ᠪᠠᠶᠢᠭᠤᠯᠪᠠ᠃ ᠨᠠᠮ ᠤᠨ ᠪᠠᠶᠢᠭᠤᠯᠤᠯᠲᠠ ᠶᠢᠨ ᠵᠢᠭᠠᠨ ᠵᠢᠯᠣᠭᠤᠳᠣᠭᠴᠢ᠂ | ᠳᠤᠤᠷᠵᠢᠭᠤᠯᠤᠬᠴᠢ᠂ ᠠᠰᠠᠷ ᠤᠨ ᠳᠠᠷᠤᠭ᠎ᠠ᠂ ᠨᠢᠭᠡᠴᠢ ᠶᠢᠨ ᠳᠠᠷᠤᠭ᠎ᠠ᠂ ᠨᠡᠶᠢᠭᠡᠮ ᠲᠣᠭᠤᠷᠢᠭ ᠤᠨ ᠠᠷᠠᠳ ᠤᠨ | ᠴᠠᠭᠳᠠᠭ᠎ᠠ᠂ ᠠᠷᠠᠳ ᠤᠨ ᠡᠶᠡᠳᠡᠭᠦᠯᠦᠭᠴᠢ᠂ ᠤᠯᠠᠭᠠᠨᠬᠤᠲᠠ ᠶᠢᠨ ᠠᠯᠪᠠᠨ ᠵᠢᠷᠤᠮ ᠤᠨ ᠴᠠᠭᠳᠠᠭ᠎ᠠ᠂ ᠠᠳᠠᠯ | ᠠᠬᠤᠶ ᠶᠢᠨ ᠠᠵᠢᠯᠲᠠᠨ᠂ ᠡᠷᠦᠬᠡ ᠶᠢᠨ ᠴᠡᠷᠢᠭ ᠵᠡᠷᠭᠡ ᠬᠦᠴᠦᠨ ᠢ ᠡᠮᠬᠢᠯᠡᠨ ᠨᠡᠶᠢᠯᠡᠭᠦᠯᠵᠦ᠂ ᠦᠨᠳᠦᠰᠦᠨ ᠱᠠᠲᠤᠨ ᠤ | ᠨᠡᠶᠢᠭᠡᠮ ᠤᠨ ᠵᠠᠰᠠᠯᠲᠠ ᠶᠢᠨ ᠪᠠᠲᠤ ᠪᠠᠬᠢ ᠰᠡᠷᠭᠡᠶᠢᠯᠡᠯᠲᠡ ᠶᠢᠨ ᠱᠤᠭᠤᠮ ᠢ ᠪᠣᠶ ᠪᠣᠯᠭᠠᠵᠦ ᠪᠠᠶᠢᠨ᠎ᠠ︾ ᠭᠡᠵᠦ ᠲᠢᠶᠠᠨ | ᠵᠢᠶᠤᠤ ᠵᠡᠭᠡᠯᠢ ᠶᠢᠨ ᠨᠠᠮ ᠤᠨ ᠠᠵᠢᠯ ᠤᠨ ᠵᠦᠪᠯᠡᠯ ᠤᠨ ᠱᠦᠵᠢ᠂ ᠨᠠᠮ ᠤᠨ ᠭᠡᠰᠢᠬᠦᠨ ᠤᠯᠠᠨ ᠲᠦᠮᠡᠨ ᠤ | ᠦᠢᠯᠡᠴᠢᠯᠡᠬᠦ ᠲᠥᠪ ᠤᠨ ᠡᠷᠬᠢᠯᠡᠭᠴᠢ ᠫᠸᠢ ᠵᠢᠩ ᠮᠧᠢ ᠲᠠᠨᠢᠯᠴᠠᠭᠤᠯᠤᠨ᠎ᠠ᠃ | ᠵᠠᠯᠠᠶᠢᠳ ᠬᠤᠰᠢᠭᠤ ᠵᠥᠷᠢᠴᠡᠯ ᠵᠢᠭᠤᠷᠠᠯᠳᠤᠭᠠᠨ ᠢ ᠡᠬᠢ ᠡᠭᠦᠰᠦᠯ ᠠᠴᠠ ᠨᠢ ᠵᠠᠰᠠᠬᠤ ᠶᠢ ︽ᠨᠠᠷᠢᠯᠢᠭ | ᠣᠨᠤᠪᠴᠢᠲᠠᠢ ᠪᠠᠷ ᠠᠷᠢᠯᠭᠠᠬᠤ᠂ ᠬᠤᠯᠪᠣᠭᠠᠯᠠᠨ ᠬᠥᠳᠡᠯᠦᠯᠴᠡᠬᠦ᠂ ᠬᠤᠷᠠᠯ ᠢᠶᠠᠷ ᠵᠥᠪᠳᠡᠯᠴᠡᠬᠦ︾ ᠠᠵᠢᠯ ᠤᠨ | ᠠᠷᠭ᠎ᠠ ᠶᠢ ᠰᠦᠪᠡᠭᠴᠢᠯᠡᠨ ᠬᠡᠷᠡᠭᠵᠢᠭᠦᠯᠪᠡ᠃ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠤᠷᠴᠢᠨ | ᠪᠠᠯᠭᠠᠰᠤ ︽ᠨᠠᠮ ᠤᠨ ᠪᠠᠶᠢᠭᠤᠯᠤᠯᠲᠠ ᠪᠠᠷ ᠭᠤᠣᠯ ᠪᠣᠯᠭᠠᠵᠤ᠂ ᠵᠠᠰᠠᠯᠲᠠ ᠶᠢᠨ ᠲᠠᠪᠴᠠᠩ ᠢ ᠲᠥᠪᠯᠡᠷᠡᠭᠦᠯᠬᠦ᠂ | ᠵᠠᠰᠠᠯᠲᠠ ᠶᠢᠨ ᠡᠩᠨᠡᠭᠡ ᠶᠢ ᠤᠯᠠᠨ ᠡᠰᠢᠵᠢᠭᠦᠯᠬᠦ᠂ ᠵᠠᠰᠠᠯᠲᠠ ᠶᠢᠨ ᠲᠣᠭᠲᠠᠴᠠ ᠶᠢ ᠨᠠᠷᠢᠯᠢᠭᠵᠢᠭᠤᠯᠬᠤ︾᠂ ︽ᠨᠢᠭᠡ | ᠴᠥᠮ᠎ᠠ ᠪᠠᠷ ᠭᠤᠷᠪᠠ ᠶᠢ ᠣᠳᠣᠬᠢᠴᠢᠯᠠᠬᠤ︾ ᠠᠵᠢᠯ ᠤᠨ ᠠᠷᠭ᠎ᠠ ᠶᠢ ᠳᠤᠷᠠᠳᠪᠠ᠃ ᠡᠯ᠎ᠠ ᠱᠠᠳᠤᠨ ᠤ ᠵᠠᠰᠠᠯᠲᠠ ᠶᠢᠨ | ᠦᠷ᠎ᠡ ᠪᠦᠲᠦᠮᠵᠢ ᠪᠦᠬᠦ ᠲᠠᠯ᠎ᠠ ᠪᠠᠷ ᠳᠡᠭᠡᠭᠰᠢᠯᠡᠬᠦ ᠶᠢ ᠳᠠᠭᠠᠯᠳᠤᠨ᠂ ᠬᠢᠩᠭᠠᠨ ᠠᠶᠢᠮᠠᠭ ᠤᠨ ᠨᠡᠶᠢᠭᠡᠮ ᠤᠨ | ᠶᠡᠷᠦᠩᠭᠡᠶᠢᠯᠡᠨ ᠵᠠᠰᠠᠯᠳᠠ ᠨᠢ ᠵᠢᠷᠤᠮᠵᠢᠬᠰᠠᠨ ᠪᠠᠶᠢᠭᠤᠯᠤᠯᠳᠠ ᠶᠢᠨ ᠵᠠᠮ ᠢᠶᠠᠷ ᠤᠷᠤᠬᠰᠢᠯᠠᠨ ᠳᠠᠰ ᠳᠠᠪᠰᠢᠵᠦ ᠪᠠᠶᠢᠨ᠎ᠠ᠃ | · ᠬᠣ᠋ ᡁᠢ ᠮᠢᠨ ᠸᠠᠩ ᠶᠤᠸᠠᠢ · |