ᠵᠠᠯᠠᠶᠢᠳ ᠬᠤᠰᠢᠭᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠷᠢᠨ ᠨᠢᠭᠡᠳᠦᠭᠡᠷ ᠤᠳᠠᠭᠠᠨ ᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/5/28
     5 ᠰᠠᠷ᠎ᠠ ᠶᠢᠨ 27 ᠤ ᠡᠳᠦᠷ᠂ ᠵᠠᠯᠠᠶᠢᠳ ᠬᠤᠰᠢᠭᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠷᠢᠨ ᠨᠢᠭᠡᠳᠦᠭᠡᠷ ᠤᠳᠠᠭᠠᠨ ᠤ ᠬᠤᠷᠠᠯ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠳᠤᠮᠳᠠᠳᠤ ᠶᠢᠨ ᠪᠥᠬᠦ ᠤᠯᠤᠰ ᠤᠨ ᠠᠵᠢᠯᠴᠢᠨ ᠤ ᠶᠡᠷᠦᠩᠬᠡᠶ ᠡᠪᠯᠡᠯ ᠪᠠᠶᠢᠭᠤᠯᠤᠭᠳᠠᠭᠰᠠᠨ 100 ᠵᠢᠯ ᠤᠨ ᠣᠶ ᠶᠢ ᠪᠡᠯᠭᠡᠯᠡᠬᠦ ᠵᠢᠴᠢ ᠪᠥᠬᠦ ᠤᠯᠤᠰ ᠤᠨ ᠬᠥᠳᠡᠯᠮᠦᠷᠢ ᠶᠢᠨ ᠵᠢᠱᠢᠶᠡᠴᠢ ᠪᠠ ᠲᠡᠷᠢᠭᠦᠨ ᠤ ᠠᠵᠢᠯᠲᠠᠨ ᠢ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠤᠯᠠᠮᠵᠢᠯᠠᠵᠤ᠂ ᠬᠠᠮᠢᠶ᠎ᠠ ᠪᠥᠬᠦᠶ ᠮᠡᠳᠡᠭᠦᠯᠦᠯᠲᠡ ᠶᠢ ᠰᠣᠨᠣᠰᠴᠤ ᠬᠢᠨᠠᠨ ᠵᠥᠪᠯᠡᠵᠠᠢ᠃ ᠬᠤᠷᠠᠯ ᠠᠴᠠ ᠪᠠᠰᠠ ᠠᠵᠢᠯᠲᠠᠨ ᠢ ᠲᠤᠰᠢᠶᠠᠯ ᠳᠤ ᠲᠣᠮᠢᠯᠠᠵᠤ ᠲᠤᠰᠢᠶᠠᠯ ᠠᠴᠠ ᠪᠠᠭᠤᠯᠭᠠᠬᠤ ᠠᠵᠢᠯ ᠢ ᠶᠠᠪᠤᠭᠳᠠᠭᠤᠯᠵᠤ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠬᠠᠰᠪᠦ᠋ᠬᠡ ᠬᠤᠷᠠᠯ ᠢ ᠡᠷᠭᠢᠯᠡᠪᠡ᠃     ᠬᠤᠷᠠᠯ ᠠᠴᠠ᠂ ᠦᠵᠡᠯ ᠰᠠᠨᠠᠭ᠎ᠠ ᠤᠬᠠᠮᠰᠠᠷ ᠢᠶᠠᠨ ᠳᠡᠭᠡᠭᠰᠢᠯᠡᠭᠦᠯᠵᠦ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭᠠᠨ ᠤ ᠰᠤᠷᠤᠯᠴᠠᠯᠭ᠎ᠠ ᠬᠥᠮᠦᠵᠢᠯ ᠢ ᠭᠦᠨᠵᠡᠭᠡᠢ ᠲᠤᠭᠤᠰᠢᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤ ᠴᠤᠭᠴᠠᠯᠠᠬᠤ ᠪᠠᠷ ᠭᠤᠣᠯ ᠰᠢᠵᠢᠮ ᠪᠣᠯᠭᠠᠵᠤ᠂ ᠦᠵᠡᠯ ᠤᠬᠠᠮᠰᠠᠷ ᠤᠨ ᠬᠡᠯᠪᠡᠷᠢ ᠶᠢᠨ ᠭᠤᠣᠯ ᠵᠢᠭᠰᠠᠭᠠᠯ ᠤᠨ ᠭᠠᠵᠠᠷ ᠢ ᠰᠠᠶᠢᠲᠤᠷ ᠰᠠᠬᠢᠬᠤ ᠬᠡᠷᠡᠭᠲᠡᠢ᠃ ᠰᠢᠨ᠎ᠡ ᠪᠠᠷ ᠲᠤᠰᠢᠶᠠᠯ ᠳᠤ ᠲᠣᠮᠢᠯᠠᠭᠳᠠᠭᠰᠠᠳ ᠢᠲᠡᠭᠡᠯ ᠪᠢᠰᠢᠷᠡᠯ ᠢᠶᠠᠨ ᠪᠠᠲᠤᠳᠬᠠᠵᠤ᠂ ᠬᠦᠰᠡᠯᠡᠩ ᠢᠲᠡᠭᠡᠯ ᠪᠢᠰᠢᠷᠡᠯ ᠤᠨ ᠰᠠᠭᠤᠷᠢ ᠪᠠᠨ ᠪᠠᠬᠢᠵᠢᠭᠦᠯᠵᠦ᠂ ᠡᠷᠳᠡᠮ ᠴᠢᠳᠠᠪᠤᠷᠢ ᠪᠠᠨ ᠳᠡᠭᠡᠭᠰᠢᠯᠡᠭᠦᠯᠵᠦ᠂ ᠪᠡᠶ᠎ᠡ ᠪᠠᠨ ᠪᠠᠷᠢᠵᠤ ᠥᠪᠡᠷ ᠢ ᠪᠠᠨ ᠲᠤᠩᠭᠠᠵᠤ᠂ ᠡᠪ ᠬᠠᠮᠲᠤᠴᠤᠳ ᠤᠨ ᠲᠡᠷᠢᠭᠦᠨ ᠤ ᠤᠤᠷ ᠴᠢᠨᠠᠷ ᠪᠣᠯᠤᠨ ᠠᠷᠠᠳ ᠤᠨ ᠲᠥᠯᠥᠭᠡ ᠪᠣᠳᠠᠲᠠᠢ ᠶᠢ ᠡᠷᠬᠢᠮᠯᠡᠨ ᠠᠷᠢᠭᠤᠨ ᠴᠢᠭᠡᠴᠢ ᠪᠠᠶᠢᠬᠤ ᠰᠠᠶᠢᠨ ᠰᠠᠶᠢᠬᠠᠨ ᠲᠦᠷᠢ ᠲᠥᠷᠬᠦ ᠶᠢ ᠢᠮᠠᠭᠲᠠ ᠪᠠᠳᠤᠯᠠᠬᠤ ᠬᠡᠷᠡᠭᠲᠡᠢ ᠭᠡᠵᠤ ᠴᠢᠬᠤᠯᠠᠴᠢᠯᠠᠵᠠᠢ᠃     ᠬᠤᠷᠠᠯ ᠠᠴᠠ᠂ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠲᠦᠷᠢᠮ ᠤᠨ ᠵᠢᠷᠤᠮᠵᠢᠯ ᠢ ᠪᠦᠷᠢᠨᠰᠢᠬᠦᠯᠵᠦ᠂ ᠪᠠᠶᠢᠩᠭᠤ ᠶᠢᠨ ᠬᠢᠨᠠᠯᠲᠠ ᠲᠠᠯᠪᠢᠬᠤ ᠰᠢᠰᠲ᠋ᠧᠮ ᠢ ᠴᠢᠨᠠᠭᠰᠢᠳᠠ ᠲᠡᠭᠦᠯᠳᠡᠷᠵᠢᠭᠦᠯᠵᠦ᠂ ᠬᠢᠨᠠᠨ ᠪᠤᠳᠤᠵᠤ ᠴᠡᠭᠴᠡᠯᠡᠨ ᠰᠠᠶᠢᠵᠢᠷᠠᠭᠤᠯᠬᠤ ᠠᠵᠢᠯ ᠤᠨ ᠦᠷ᠎ᠡ ᠪᠦᠲᠦᠮᠵᠢ ᠶᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ ᠃ ᠬᠠᠤᠯᠢᠵᠢᠯ ᠤᠨ ᠪᠠᠲᠤᠯᠠᠭ᠎ᠠ ᠶᠢ ᠴᠢᠩᠭᠠᠳᠬᠠᠵᠤ᠂ ᠲᠦᠷᠢᠮ ᠤᠨ ᠰᠢᠰᠲ᠋ᠧᠮ ᠢ ᠪᠦᠷᠢᠨᠰᠢᠬᠦᠯᠵᠤ᠂ ᠬᠥᠳᠡᠭᠡ ᠲᠣᠰᠬᠤᠨ ᠤ ᠰᠢᠨ᠎ᠡ ᠡᠵᠡᠩᠨᠡᠯᠲᠡ ᠶᠢᠨ ᠬᠡᠯᠪᠡᠷᠢ ᠶᠢ ᠳᠡᠮᠵᠢᠵᠦ᠂ ᠲᠦᠷᠦᠯ ᠲᠡᠮᠳᠡᠭ ᠤᠨ ᠦᠢᠯᠡᠳᠦᠯ ᠢ ᠡᠭᠦᠳᠴᠦ᠂ ᠬᠥᠳᠡᠭᠡ ᠲᠣᠰᠬᠤᠨ ᠤ ᠵᠢᠭᠤᠯᠴᠢᠯᠠᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠤᠬᠠᠭᠤᠯᠭ᠎ᠠ ᠶᠢ ᠴᠢᠩᠭᠠᠳᠬᠠᠵᠤ᠂ ᠬᠡᠷᠡᠭᠴᠡᠭᠡ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ᠬᠥᠳᠡᠯᠦᠩᠭᠦᠶ ᠪᠠᠷ ᠳᠣᠭᠢᠷᠠᠭᠤᠯᠬᠤ ᠲᠣᠭᠲᠠᠴᠠ ᠶᠢ ᠪᠠᠶᠢᠭᠤᠯᠵᠤ᠂ ᠰᠤᠷᠭᠠᠭᠤᠯᠢ ᠶᠢᠨ ᠪᠥᠲᠥᠭᠡᠨ ᠪᠠᠶᠢᠭᠤᠯᠤᠯᠲᠠ ᠶᠢ ᠠᠬᠢᠭᠤᠯᠤᠨ᠂ ᠨᠡᠶᠢᠭᠡᠮ ᠤᠨ ᠮᠡᠳᠡᠷᠡᠮᠵᠢ ᠶᠢ ᠳᠡᠭᠡᠭᠰᠢᠯᠡᠭᠦᠯᠵᠦ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠳᠤ ᠴᠢᠳᠠᠪᠤᠷᠢᠲᠠᠨ ᠨᠥᠭᠡᠴᠡᠯᠡᠬᠦ ᠠᠵᠢᠯ ᠢ ᠰᠠᠶᠢᠲᠤᠷ ᠬᠢᠬᠦ ᠬᠡᠷᠡᠭᠲᠡᠶ ᠭᠡᠵᠤ ᠴᠢᠬᠤᠯᠠᠴᠢᠯᠠᠵᠠᠢ᠃
 
ᠢᠷᠡᠯᠲᠡ᠄ ᠵᠠᠯᠠᠶᠢᠳ ᠤᠨ ᠸᠢᠴᠠᠲ ᠮᠡᠳᠡᠭᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号