ᠵᠠᠯᠠᠶᠢᠳ ᠬᠤᠰᠢᠭᠤ ᠡᠮᠴᠢᠯᠡᠭᠡᠨ ᠤ ᠡᠬᠢ ᠪᠠᠶᠠᠯᠢᠭ ᠢ ᠠᠰᠢᠭᠯᠠᠵᠤ ᠡᠮᠡᠭᠲᠡᠶᠢᠴᠦᠳ ᠤᠨ ᠡᠷᠡᠭᠦᠯ ᠮᠡᠨᠳᠦ  ᠶᠢ ᠦᠨᠡᠨ ᠬᠦ ᠪᠠᠳᠤᠯᠠᠵᠤ ᠪᠤᠢ
ᠨᠡᠶᠢᠲᠡᠯᠡᠭᠰᠡᠨ ᠴᠠᠭ᠄
2025/5/28
    ︽ᠬᠥᠬᠦᠨ ᠪᠤᠯᠴᠢᠷᠬᠠᠢ ᠶᠢᠨ ᠥᠮᠡᠨ ᠪᠤᠯᠤᠨ ᠰᠠᠪᠠ ᠶᠢᠨ ᠬᠦᠵᠤᠬᠦᠨ ᠤ ᠥᠮᠡᠨ︾ ᠢ ᠰᠢᠭᠰᠢᠨ ᠪᠠᠶᠢᠴᠠᠭᠠᠬᠤ ᠪᠣᠯ ᠡᠮᠡᠭᠲᠡᠢᠴᠦᠳ ᠤᠨ ᠡᠷᠡᠭᠦᠯ ᠮᠡᠨᠳᠦ ᠶᠢ ᠬᠠᠮᠠᠭᠠᠯᠠᠬᠤ ︽ᠡᠮᠦᠨ᠎ᠡ ᠹᠷᠣᠨᠲ ᠤᠨ ᠰᠡᠷᠭᠡᠶᠢᠯᠡᠯᠳᠡ ᠶᠢᠨ ᠱᠤᠭᠤᠮ︾ ᠪᠣᠯᠤᠨ᠎ᠠ᠃ ᠵᠠᠯᠠᠶᠢᠳ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠨᠠᠮ ᠣᠯᠠᠨ ᠲᠦᠮᠡᠨ ᠤ ᠠᠵᠢᠯ ᠤᠨ ᠦᠢᠯᠡᠴᠢᠯᠡᠭᠡᠨ ᠤ ᠥᠭᠡᠷᠡᠴᠢᠯᠡᠯᠲᠡ ᠶᠢᠨ ᠡᠭᠦᠷᠭᠡ ᠶᠢᠨ ᠨᠠᠷᠢᠨ ᠲᠠᠩᠰᠠ ᠶᠢ ᠯᠠᠪᠳᠠᠭᠤᠨ ᠪᠠᠲᠤᠲᠠᠶ ᠠᠬᠢᠭᠤᠯᠵᠤ᠂ ︽ᠬᠥᠬᠦᠨ ᠪᠤᠯᠴᠢᠷᠬᠠᠢ ᠶᠢᠨ ᠥᠮᠡᠨ ᠪᠤᠯᠤᠨ ᠰᠠᠪᠠ ᠶᠢᠨ ᠬᠦᠵᠤᠬᠦᠨ ᠤ ᠥᠮᠡᠨ︾ ᠢ ᠰᠢᠭᠰᠢᠨ ᠪᠠᠶᠢᠴᠠᠭᠠᠬᠤ ᠡᠩᠨᠡᠭᠡ ᠶᠢ ᠵᠣᠬᠢᠶᠠᠨ ᠪᠠᠶᠢᠭᠤᠯᠵᠤ᠂ ᠭᠠᠴᠠᠭ᠎ᠠ ᠲᠣᠰᠬᠤᠨ ᠢᠶᠠᠷ ᠭᠦᠨᠵᠡᠭᠡᠶᠢᠷᠡᠨ ᠵᠣᠬᠢᠬᠤ ᠨᠠᠰᠤᠨ ᠤ ᠡᠮᠡᠭᠲᠡᠶᠢᠴᠦᠳ ᠲᠤ ᠬᠥᠬᠦᠨ ᠪᠤᠯᠴᠢᠷᠬᠠᠶ ᠶᠢᠨ ᠥᠮᠡᠨ᠂ ᠰᠠᠪᠠ ᠶᠢᠨ ᠬᠦᠵᠦᠭᠦᠨ ᠤ ᠥᠮᠡᠨ ᠢ ᠦᠨ᠎ᠡ ᠲᠥᠯᠥᠪᠦᠷᠢ ᠥᠬᠡᠶ ᠪᠠᠷ ᠰᠢᠭᠰᠢᠨ ᠪᠠᠶᠢᠴᠠᠭᠠᠬᠤ ᠠᠵᠢᠯ ᠢ ᠬᠢᠵᠦ᠂ ᠰᠢᠭᠰᠢᠨ ᠪᠠᠶᠢᠴᠠᠭᠠᠬᠤ ᠠᠵᠢᠯ ᠤᠨ ᠦᠢᠯᠡᠴᠢᠯᠡᠭᠡᠨ ᠤ ︽ᠴᠣᠩᠬᠤᠪᠴᠢ︾ ᠶᠢ ᠣᠯᠠᠨ ᠲᠦᠮᠡᠨ ᠤ ︽ᠬᠡᠷ ᠤᠨ ᠡᠭᠦᠳᠡᠨ︾ ᠳᠤ ᠬᠦᠷᠭᠡᠪᠡ᠃    ᠰᠢᠭᠰᠢᠨ ᠪᠠᠶᠢᠴᠠᠭᠠᠬᠤ ᠳᠤᠭᠤᠶᠢᠯᠠᠩ ᠤᠨ ᠬᠢᠨ ᠠᠯᠢ ᠡᠷᠲᠡ ᠰᠢᠭᠰᠢᠨ ᠪᠠᠶᠢᠴᠠᠭᠠᠬᠤ ᠭᠠᠵᠠᠷ ᠲᠤ ᠬᠦᠷᠴᠦ᠂ ᠰᠢᠭᠰᠢᠨ ᠪᠠᠶᠢᠴᠠᠭᠠᠬᠤ ᠲᠤᠬᠠᠢ ᠶᠢᠨ ᠲᠠᠯᠠᠪᠠᠢ ᠡᠮᠬᠢ ᠳᠢᠭᠯᠢᠮ ᠲᠠᠢ ᠪᠠᠶᠢᠯ᠎ᠠ᠃ ᠳᠠᠩᠰᠠᠯᠠᠬᠤ ᠭᠠᠵᠠᠷ ᠲᠤ᠂ ᠡᠮᠨᠡᠯᠭᠡ ᠶᠢᠨ ᠠᠵᠢᠯᠲᠠᠳ ᠰᠢᠭᠰᠢᠨ ᠪᠠᠶᠢᠴᠠᠭᠠᠬᠤ ᠪᠠᠷ ᠢᠷᠡᠭᠰᠡᠨ ᠡᠮᠡᠭᠲᠡᠶᠢᠴᠦᠳ ᠤᠨ ᠦᠨᠳᠦᠰᠦᠨ ᠮᠡᠳᠡᠭᠡ ᠵᠠᠩᠭᠢ᠂ ᠦᠩᠭᠡᠷᠡᠭᠰᠡᠨ ᠤ ᠡᠪᠡᠳᠴᠢᠨ ᠤ  ᠪᠠᠶᠢᠳᠠᠯ ᠵᠡᠷᠭᠡ ᠶᠢ ᠬᠦᠯᠢᠴᠡᠩᠭᠦᠶ ᠪᠥᠭᠡᠳ ᠨᠠᠷᠢᠨ ᠨᠢᠮᠪᠠᠢ ᠠᠰᠠᠭᠤᠨ ᠯᠠᠪᠯᠠᠬᠤ  ᠶᠢᠨ ᠬᠠᠮᠳᠤ ᠨᠠᠷᠢᠨ ᠬᠢᠨᠠᠮᠠᠭᠠᠢ ᠲᠡᠮᠳᠡᠭᠯᠡᠯ ᠬᠢᠵᠠᠢ᠃  ᠪᠠᠶᠢᠴᠠᠭᠠᠯᠳᠠ ᠶᠢᠨ ᠲᠠᠰᠤᠭ ᠲᠤ᠂  ᠡᠮᠴᠢ ᠨᠡᠷ ᠡᠯ᠎ᠡ ᠵᠦᠢᠯ ᠤᠨ ᠪᠠᠶᠢᠴᠠᠭᠠᠯᠲᠠ ᠬᠢᠵᠤ ᠶᠠᠭᠠᠷᠠᠯᠳᠤᠨ᠎ᠠ᠃ ᠡᠮᠨᠡᠯᠭᠡ ᠶᠢᠨ ᠠᠵᠢᠯᠲᠠᠳ ᠪᠠᠰᠠ ᠰᠠᠪᠠ ᠶᠢᠨ ᠬᠦᠵᠦᠭᠦᠨ ᠤ ᠥᠮᠡᠨ ᠪᠠ ᠬᠥᠬᠦᠨ ᠪᠤᠯᠴᠢᠷᠬᠠᠶ ᠶᠢᠨ ᠥᠮᠡᠨ ᠢ ᠰᠡᠷᠭᠡᠶᠢᠯᠡᠨ ᠵᠠᠰᠠᠬᠤ ᠮᠡᠳᠡᠯᠭᠡ ᠶᠢᠨ ᠲᠣᠭᠤᠷᠢᠨ ᠳᠤ ᠡᠷᠡᠭᠦᠯ ᠮᠡᠨᠳᠦ ᠶᠢᠨ ᠬᠥᠮᠦᠵᠢᠯ ᠬᠢᠵᠤ᠂ ︽ᠬᠦᠬᠦᠨ ᠪᠤᠯᠴᠢᠷᠬᠠᠢ ᠶᠢᠨ ᠥᠮᠡᠨ ᠪᠤᠯᠤᠨ ᠰᠠᠪᠠ ᠶᠢᠨ ᠬᠦᠵᠤᠬᠦᠨ ᠤ ᠥᠮᠡᠨ︾ ᠤ ᠠᠶᠤᠯᠲᠠᠶ ᠡᠯᠧᠮᠧᠨ᠋ᠲ᠂ ᠲᠥᠬᠦᠮ ᠪᠥᠭᠡᠳ ᠠᠮᠠᠷᠬᠠᠨ ᠬᠡᠷᠡᠭᠵᠢᠭᠦᠯᠬᠦ ᠥᠪᠡᠷ ᠢ ᠪᠠᠨ ᠪᠠᠶᠢᠴᠠᠭᠠᠬᠤ ᠠᠷᠭ᠎ᠠ ᠵᠢᠴᠢ ᠦᠨᠡᠨ ᠬᠦ ᠪᠦᠲᠦᠮᠵᠢᠲᠡᠶ ᠤᠷᠢᠳᠴᠢᠯᠠᠨ ᠰᠡᠷᠭᠡᠶᠢᠯᠡᠬᠦ ᠠᠷᠭ᠎ᠠ ᠪᠣᠳᠣᠯᠭ᠎ᠠ ᠶᠢ ᠲᠠᠶᠢᠯᠪᠤᠷᠢᠯᠠᠪᠠ᠃     ᠵᠠᠯᠠᠶᠢᠳ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ︽ᠬᠦᠬᠦᠨ ᠪᠤᠯᠴᠢᠷᠬᠠᠢ ᠶᠢᠨ ᠥᠮᠡᠨ ᠪᠤᠯᠤᠨ ᠰᠠᠪᠠ ᠶᠢᠨ ᠬᠦᠵᠤᠬᠦᠨ ᠤ ᠥᠮᠡᠨ︾ ᠢ ᠰᠢᠭᠰᠢᠨ ᠪᠠᠶᠢᠴᠠᠭᠠᠬᠤ ᠡᠩᠨᠡᠭᠡ ᠶᠢ ᠵᠣᠬᠢᠶᠠᠨ ᠪᠠᠶᠢᠭᠤᠯᠵᠤ᠂ ︽ᠬᠦᠬᠦᠨ ᠪᠤᠯᠴᠢᠷᠬᠠᠢ ᠶᠢᠨ ᠥᠮᠡᠨ ᠪᠤᠯᠤᠨ ᠰᠠᠪᠠ ᠶᠢᠨ ᠬᠦᠵᠤᠬᠦᠨ ᠤ ᠥᠮᠡᠨ︾ ᠢ ᠤᠬᠠᠭᠤᠯᠬᠤ ᠪᠠ ᠰᠢᠭᠰᠢᠨ ᠪᠠᠶᠢᠴᠠᠭᠠᠬᠤ ᠶᠢ ᠶᠡᠬᠡᠪᠡᠷ ᠥᠷᠨᠢᠭᠦᠯᠵᠦ᠂ ᠬᠥᠳᠡᠭᠡ ᠲᠣᠰᠬᠤᠨ ᠤ ᠡᠮᠡᠭᠲᠡᠶᠢᠴᠦᠳ ᠲᠤ ᠡᠷᠡᠭᠦᠯ ᠮᠡᠨᠳᠦ ᠶᠢᠨ ᠰᠡᠷᠭᠡᠶᠢᠯᠡᠯᠲᠡ ᠶᠢᠨ ᠱᠤᠭᠤᠮ ᠢ ᠪᠠᠶᠢᠭᠤᠯᠵᠤ ᠥᠭᠪᠡ᠃ 2025 ᠣᠨ ᠳᠤ᠂ ᠵᠠᠯᠠᠶᠢᠳ ᠬᠤᠰᠢᠭᠤ ᠬᠥᠬᠦᠨ ᠪᠤᠯᠴᠢᠷᠬᠠᠶ ᠶᠢᠨ ᠥᠮᠡᠨ ᠪᠤᠯᠤᠨ ᠰᠠᠪᠠ ᠶᠢᠨ ᠬᠦᠵᠦᠭᠦᠨ ᠤ ᠥᠮᠡᠨ ᠤ ᠲᠠᠯ᠎ᠠ ᠪᠠᠷ 15000 ᠬᠥᠮᠦᠨ ᠢ ᠰᠢᠭᠰᠢᠨ ᠪᠠᠶᠢᠴᠠᠭᠠᠵᠤ᠂ ᠪᠣᠶ ᠪᠥᠬᠦᠶ ᠰᠤᠮᠤ ᠰᠢᠶᠠᠩ ᠪᠠᠯᠭᠠᠰᠤ ᠪᠠ ᠨᠡᠶᠢᠭᠡᠮ ᠲᠣᠭᠤᠷᠢᠭ ᠢ  ᠬᠠᠮᠤᠷᠬᠤ ᠪᠠᠷ ᠲᠦᠯᠤᠪᠯᠡᠵᠤ ᠪᠤᠢ ᠃ ᠣᠲᠣ ᠪᠣᠯᠲᠠᠯ᠎ᠠ᠂ ᠰᠢᠭᠰᠢᠨ ᠪᠠᠶᠢᠴᠠᠭᠠᠬᠤ ᠳᠤᠭᠤᠶᠢᠯᠠᠩ ᠨᠡᠶᠢᠲᠡ 86 ᠤᠳᠠᠭ᠎ᠠ ᠬᠥᠳᠡᠭᠡ ᠪᠠᠭᠤᠵᠤ᠂ ︽ᠬᠦᠬᠦᠨ ᠪᠤᠯᠴᠢᠷᠬᠠᠢ ᠶᠢᠨ ᠥᠮᠡᠨ ᠪᠤᠯᠤᠨ ᠰᠠᠪᠠ ᠶᠢᠨ ᠬᠦᠵᠤᠬᠦᠨ ᠤ ᠥᠮᠡᠨ ᠢ ᠰᠢᠭᠰᠢᠨ ᠪᠠᠶᠢᠴᠠᠭᠠᠬᠤ︾ ᠠᠵᠢᠯ ᠳᠤ ᠨᠡᠶᠢᠲᠡ 6300 ᠭᠠᠷᠤᠶ ᠬᠥᠮᠦᠨ ᠢ ᠪᠠᠶᠢᠴᠠᠭᠠᠵᠠᠢ᠃
 
ᠢᠷᠡᠯᠲᠡ᠄ ᠵᠠᠯᠠᠶᠢᠳ ᠤᠨ ᠸᠢᠴᠠᠲ ᠮᠡᠳᠡᠭᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号