| 5 ᠰᠠᠷ᠎ᠠ ᠶᠢᠨ 28 ᠤ ᠡᠳᠦᠷ᠂ ᠵᠠᠯᠠᠶᠢᠳ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ | ᠳᠠᠷᠤᠭ᠎ᠠ ᠯᠢ ᠬᠤᠤ ᠵᠠᠯᠠᠶᠢᠳ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠵᠠᠰᠠᠭ ᠤᠨ | ᠣᠷᠳᠣᠨ ᠤ ᠵᠢᠷᠠᠨ ᠬᠤᠶᠠᠳᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠠᠢ᠃ ᠬᠤᠷᠠᠯ | ᠲᠡᠭᠡᠷ᠎ᠡ᠂ ᠶᠡᠷᠦᠩᠬᠡᠶ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠵᠢᠭᠠᠪᠤᠷᠢ ᠶᠢᠨ ᠵᠣᠷᠢᠭ | ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠠᠮᠢᠶ᠎ᠠ ᠪᠥᠬᠦᠶ ᠪᠢᠴᠢᠭ ᠮᠠᠲ᠋ᠧᠷᠢᠶᠠᠯ ᠢ ᠰᠤᠳᠤᠯᠤᠨ ᠬᠢᠨᠠᠨ ᠵᠥᠪᠯᠡᠵᠦ᠂ | ᠬᠠᠮᠢᠶ᠎ᠠ ᠪᠥᠬᠦᠶ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠠᠷᠠᠭᠠᠴᠢ ᠶᠢᠨ ᠠᠯᠬᠤᠮ ᠤᠨ ᠠᠵᠢᠯ ᠢᠶᠠᠨ | ᠳᠣᠭᠢᠷᠠᠭᠤᠯᠤᠨ ᠪᠠᠶᠢᠷᠢᠯᠠᠭᠤᠯᠪᠠ᠃ | ᠬᠤᠷᠠᠯ ᠠᠴᠠ᠂ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠪᠣᠯᠤᠨ ᠶᠡᠷᠦᠩᠬᠡᠢ ᠱᠦᠵᠢ ᠰᠢ ᠶᠢᠨ | ᠫᠢᠩ ᠤᠨ ᠤᠶᠤᠨ ᠤ ᠪᠣᠯᠪᠠᠰᠤᠨ ᠤ ᠪᠠᠶᠢᠭᠤᠯᠤᠯᠲᠠ ᠶᠢᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ | ᠲᠤᠭᠤᠰᠢᠯᠠᠭᠤᠯᠵᠤ᠂ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ ᠳᠡᠭᠡᠭᠰᠢᠯᠡᠭᠦᠯᠬᠦ ᠠᠵᠢᠯᠯᠠᠭ᠎ᠠ ᠶᠢ | ᠯᠠᠪᠳᠠᠭᠤᠨ ᠪᠠᠲᠤᠲᠠᠢ ᠠᠬᠢᠭᠤᠯᠵᠤ᠂ ᠲᠡᠷᠢᠭᠦᠨ ᠤ ᠨᠡᠶᠢᠲᠡᠯᠢᠭ ᠵᠢᠱᠢᠶ᠎ᠡ ᠶᠢᠨ ᠲᠠᠶᠢᠴᠢᠯᠡᠨ ᠳᠠᠭᠠᠭᠤᠯᠬᠤ ᠦᠢᠯᠡᠳᠦᠯ ᠢ | ᠭᠦᠢᠴᠡᠳ ᠪᠠᠳᠠᠷᠠᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ᠰᠢᠨ᠎ᠡ ᠴᠠᠭ ᠦᠶ᠎ᠡ ᠶᠢᠨ ᠤᠶᠤᠨ ᠤ ᠪᠣᠯᠪᠠᠰᠤᠨ ᠤ | ᠪᠠᠶᠢᠭᠤᠯᠤᠯᠲᠠ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ ᠠᠶᠤᠯᠭᠦᠢ ᠦᠢᠯᠡᠳᠪᠦᠷᠢᠯᠡᠯ ᠤᠨ | ᠡᠨᠡᠬᠦ ᠬᠥᠪᠴᠢ ᠶᠢ ᠴᠠᠭ ᠢᠮᠠᠭᠲᠠ ᠴᠢᠩᠭᠠᠷᠠᠭᠤᠯᠵᠤ᠂ ᠠᠮᠤᠷ ᠲᠦᠪᠰᠢᠨ ᠤ ᠲᠦᠭᠰᠢᠭᠦᠷᠢ ᠶᠢᠨ ᠭᠡᠮ ᠰᠣᠭᠤᠭ ᠢ | ᠪᠦᠬᠦ ᠬᠦᠴᠦᠨ ᠢᠶᠠᠷ ᠢᠶᠠᠨ ᠰᠡᠷᠭᠡᠶᠢᠯᠡᠨ ᠡᠵᠡᠮᠳᠡᠵᠦ᠂ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠤᠨ ᠦᠷᠭᠦᠯᠵᠢᠯᠡᠨ | ᠲᠣᠭᠲᠠᠭᠤᠨ ᠪᠠᠶᠢᠬᠤ ᠶᠢ ᠪᠠᠲᠤᠯᠠᠬᠤ ᠬᠡᠷᠡᠭᠲᠡᠢ᠃ ᠴᠠᠯᠢᠩ ᠥᠷᠢᠲᠦᠬᠦ ᠶᠢ ᠵᠠᠰᠠᠬᠤ ᠠᠵᠢᠯ ᠤᠨ ᠴᠢᠬᠤᠯᠠ ᠴᠢᠨᠠᠷ ᠢ | ᠭᠦᠢᠴᠡᠳ ᠲᠠᠨᠢᠵᠤ᠂ ᠬᠠᠤᠯᠢ ᠬᠡᠷᠡᠭᠵᠢᠭᠦᠯᠬᠦ ᠡᠷᠴᠢᠮ ᠢᠶᠠᠨ ᠴᠢᠩᠭᠠᠷᠠᠭᠤᠯᠤᠨ᠂ ᠬᠥᠯᠥᠰᠥᠨ ᠠᠵᠢᠯᠴᠢᠨ ᠤ ᠬᠠᠤᠯᠢ | ᠶᠣᠰᠣᠨ ᠤ ᠡᠷᠬᠡ ᠠᠰᠢᠭ ᠢ ᠪᠦᠬᠦ ᠬᠦᠴᠦᠨ ᠢᠶᠠᠷ ᠢᠶᠠᠨ ᠰᠠᠶᠢᠲᠤᠷ ᠬᠠᠮᠠᠭᠠᠯᠠᠬᠤ ᠬᠡᠷᠡᠭᠲᠡᠶ᠃ ᠲᠠᠷᠢᠶᠠᠯᠠᠩ ᠤᠨ | ᠤᠰᠤᠨ ᠤ ᠦᠨ᠎ᠡ ᠶᠢᠨ ᠶᠡᠷᠤᠩᠬᠡᠢ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠤᠰᠤ ᠠᠷᠪᠢᠯᠠᠬᠤ | ᠠᠵᠢᠯᠯᠠᠭ᠎ᠠ ᠶᠢ ᠪᠦᠬᠦ ᠬᠦᠴᠦᠨ ᠢᠶᠠᠷ ᠠᠬᠢᠭᠤᠯᠵᠤ᠂ ᠤᠰᠤᠨ ᠤ ᠡᠬᠢ ᠪᠠᠶᠠᠯᠢᠭ ᠢ ᠠᠷᠪᠢᠯᠠᠵᠤ ᠡᠷᠴᠢᠮᠵᠢᠭᠦᠯᠦᠨ | ᠠᠰᠢᠭᠯᠠᠬᠤ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ ᠭᠡᠵᠤ ᠴᠢᠬᠤᠯᠠᠴᠢᠯᠠᠵᠠᠢ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ |