| ᠬᠠᠪᠤᠷ ᠤᠨ ᠲᠠᠷᠢᠶᠠᠯᠠᠭ᠎ᠠ ᠡᠬᠢᠯᠡᠮᠡᠭᠴᠡ᠂ ᠵᠠᠯᠠᠶᠢᠳ ᠬᠤᠰᠢᠭᠤᠨ ᠤ ᠳᠣᠲᠣᠭᠠᠳᠤ ᠶᠢ ᠬᠠᠮᠠᠭᠠᠯᠠᠬᠤ | ᠲᠣᠪᠴᠢᠶ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠬᠠᠪᠤᠷ ᠤᠨ ᠲᠠᠷᠢᠶᠠᠯᠠᠩ | ᠦᠢᠯᠡᠳᠪᠦᠷᠢᠯᠡᠯ ᠤᠨ ᠣᠨᠴᠠᠯᠢᠭ ᠲᠤ ᠠᠩᠬᠠᠷᠤᠯ ᠢᠶᠠᠨ ᠲᠥᠪᠯᠡᠷᠡᠭᠦᠯᠵᠦ᠂ ᠬᠠᠪᠤᠷ ᠤᠨ ᠲᠠᠷᠢᠶᠠᠯᠠᠭ᠎ᠠ ᠶᠢᠨ | ᠬᠤᠭᠤᠴᠠᠭᠠᠨ ᠳᠠᠬᠢ ᠵᠠᠮ ᠬᠠᠷᠢᠯᠴᠠᠭᠠᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠥᠬᠦ ᠲᠠᠯ᠎ᠠ ᠪᠠᠷ᠂ | ᠣᠯᠠᠨ ᠲᠠᠯ᠎ᠠ ᠠᠴᠠ ᠪᠠᠬᠢᠵᠢᠭᠦᠯᠵᠦ᠂ ᠬᠠᠪᠤᠷ ᠤᠨ ᠲᠠᠷᠢᠶᠠᠯᠠᠩ ᠦᠢᠯᠡᠳᠪᠦᠷᠢᠯᠡᠯ ᠤᠨ ᠠᠮᠤᠷ ᠲᠦᠪᠰᠢᠨ ᠢ ᠦᠨᠡᠨ ᠬᠦ | ᠪᠠᠳᠤᠯᠠᠵᠤ ᠪᠠᠶᠢᠨ᠎ᠠ᠃ | | | | | | | ᠬᠠᠪᠤᠷ ᠤᠨ ᠲᠠᠷᠢᠶᠠᠯᠠᠭ᠎ᠠ ᠶᠢᠨ ᠦᠶ᠎ᠡ ᠳᠤ᠂ ᠬᠥᠳᠡᠭᠡ ᠲᠣᠰᠬᠤᠨ ᠤ ᠵᠠᠮ ᠬᠠᠷᠢᠯᠴᠠᠭᠠᠨ ᠤ ᠲᠠᠷᠢᠶᠠᠯᠠᠩ ᠳᠤ | ᠬᠡᠷᠡᠭᠯᠡᠬᠦ ᠲᠡᠷᠭᠡ ᠤᠨᠤᠭ᠎ᠠ ᠶᠢᠨ ᠲᠤᠭ᠎ᠠ ᠢᠯᠡᠳᠲᠡ ᠨᠡᠮᠡᠭᠳᠡᠵᠦ᠂ ᠲᠠᠷᠢᠶᠠᠯᠠᠩ ᠳᠤ ᠬᠡᠷᠡᠭᠯᠡᠬᠦ ᠲᠡᠷᠭᠡ᠂ ᠴᠠᠬᠢᠯᠭᠠᠨ | ᠬᠥᠳᠡᠯᠭᠡᠭᠦᠷᠲᠦ ᠭᠤᠷᠪᠠᠨ ᠬᠦᠷᠳᠦᠲᠦ ᠲᠡᠷᠭᠡ ᠵᠡᠷᠭᠡ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠦᠢᠯᠡ | ᠠᠵᠢᠯᠯᠠᠭ᠎ᠠ ᠴᠦ ᠨᠡᠮᠡᠭᠳᠡᠪᠡ᠃ ᠵᠠᠯᠠᠶᠢᠳ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠮ | ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠤᠯᠤᠰ ᠤᠨ ᠵᠠᠮ ᠪᠠ ᠬᠥᠳᠡᠭᠡ ᠲᠣᠰᠬᠤᠨ ᠤ ᠵᠠᠮ ᠳᠠᠭᠠᠤ ᠶᠢᠨ | ᠵᠠᠰᠠᠮᠠᠯ ᠵᠠᠮ ᠢᠶᠠᠷ ᠭᠤᠤᠯᠳᠠᠯᠭ᠎ᠠ ᠲᠠᠢ ᠵᠠᠮ ᠤᠨ ᠬᠡᠰᠡᠭ ᠪᠤᠯᠭᠠᠵᠤ᠂ ᠴᠡᠭ ᠲᠣᠭᠲᠠᠭᠠᠨ ᠬᠠᠷᠠᠭᠤᠯ ᠭᠠᠷᠭᠠᠬᠤ ᠪᠠ | ᠬᠦᠳᠡᠯᠤᠩᠬᠦᠢ ᠪᠠᠷ ᠲᠣᠭᠤᠷᠢᠨ ᠪᠠᠶᠢᠴᠠᠭᠠᠬᠤ ᠶᠢ ᠤᠶᠠᠯᠳᠤᠭᠤᠯᠬᠤ ᠠᠷᠭ᠎ᠠ ᠪᠠᠷ ᠦᠢᠯᠡᠴᠢᠯᠡᠭᠡᠨ ᠤ ᠴᠠᠭ ᠢ | ᠤᠷᠲᠤᠳᠬᠠᠵᠤ᠂ ᠲᠣᠭᠤᠷᠢᠨ ᠪᠠᠶᠢᠴᠠᠭᠠᠵᠤ ᠬᠠᠮᠢᠶᠠᠷᠤᠨ ᠡᠵᠡᠮᠳᠡᠬᠦ ᠡᠷᠴᠢᠮ ᠢᠶᠠᠨ ᠴᠢᠩᠭᠠᠷᠠᠭᠤᠯᠵᠤ᠂ ᠭᠡᠷᠡᠯ | ᠤᠶᠢᠯᠠᠬᠤ ᠪᠦᠷᠢᠨ ᠪᠤᠰᠤ ᠲᠠᠷᠢᠶᠠᠯᠠᠩ ᠳᠤ ᠬᠡᠷᠡᠭᠯᠡᠬᠦ ᠲᠡᠷᠭᠡ᠂ ᠭᠤᠷᠪᠠᠨ ᠬᠦᠷᠳᠦᠲᠦ ᠲᠡᠷᠭᠡ᠂ ᠴᠠᠬᠢᠯᠭᠠᠨ | ᠬᠥᠳᠡᠯᠭᠡᠭᠦᠷᠲᠦ ᠲᠡᠷᠭᠡᠨ ᠳᠤ ᠰᠤᠶᠢᠳᠭᠡᠯ ᠬᠤᠷᠢᠶᠠᠬᠤ ᠥᠬᠡᠶ ᠪᠠᠷ ᠭᠡᠷᠡᠯ ᠤᠶᠢᠯᠠᠬᠤ ᠨᠠᠭᠠᠯᠳᠠ ᠨᠠᠭᠠᠨ ᠦᠭᠴᠤ᠂ | ᠣᠯᠠᠨ ᠲᠦᠮᠡᠨ ᠢ ᠲᠠᠶᠢᠴᠢᠯᠡᠵᠤ ᠪᠠᠶᠢᠭᠠᠳ ᠵᠠᠮ ᠬᠠᠷᠢᠯᠴᠠᠭᠠᠨ ᠤ ᠬᠠᠤᠯᠢ ᠴᠠᠭᠠᠵᠠ ᠬᠠᠤᠯᠢ ᠲᠣᠭᠲᠠᠭᠠᠯ ᠢ | ᠤᠬᠠᠮᠰᠠᠷ ᠠᠴᠠ ᠪᠠᠨ ᠵᠢᠷᠤᠮᠯᠠᠭᠤᠯᠵᠤ᠂ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠤᠶᠢᠯᠠ ᠠᠵᠢᠯᠯᠠᠭ᠎ᠠ ᠶᠢ | ᠰᠠᠶᠢᠳᠤᠷ ᠰᠡᠷᠭᠡᠶᠢᠯᠡᠵᠤ ᠪᠠᠶᠢᠨ᠎ᠠ᠃ | | | |