| | 5 ᠰᠠᠷ᠎ᠠ ᠶᠢᠨ 29 ᠤ ᠡᠳᠦᠷ᠂ ᠵᠠᠯᠠᠶᠢᠳ ᠬᠤᠰᠢᠭᠤᠨ ᠤ ᠨᠠᠮ ᠤᠨ ᠬᠤᠷᠢᠶᠠᠨ ᠤ ᠱᠦᠵᠢ ᠴᠢ ᠯᠢᠨ ᠳᠤᠮᠳᠠᠳᠤ | ᠤᠯᠤᠰ ᠤᠨ ᠡᠪ ᠬᠠᠮᠲᠤ ᠨᠠᠮ ᠤᠨ ᠵᠠᠯᠠᠶᠢᠳ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠬᠤᠷᠢᠶᠠᠨ ᠤ | ᠪᠠᠶᠢᠩᠭᠤ ᠶᠢᠨ ᠬᠤᠷᠢᠶᠠᠨ ᠤ 2025 ᠣᠨ ᠤ ᠠᠷᠪᠠᠨ ᠳᠥᠷᠪᠡᠳᠦᠭᠡᠷ ᠤᠳᠠᠭᠠᠨ ᠤ ᠬᠤᠷᠠᠯ ᠵᠢᠴᠢ ᠬᠤᠰᠢᠭᠤᠨ ᠤ | ᠨᠠᠮ ᠤᠨ ᠬᠤᠷᠢᠶᠠᠨ ᠤ ᠪᠥᠬᠦ ᠲᠠᠯ᠎ᠠ ᠪᠠᠷ ᠬᠠᠤᠯᠢ ᠪᠠᠷ ᠬᠤᠰᠢᠭᠤ ᠪᠠᠨ ᠵᠠᠰᠠᠬᠤ ᠵᠥᠪᠯᠡᠯ ᠤᠨ 2025 ᠣᠨ ᠤ | ᠠᠩᠬᠠᠳᠤᠭᠠᠷ ᠤᠳᠠᠭᠠᠨ ᠤ ᠬᠤᠷᠠᠯ᠂ ᠬᠤᠰᠢᠭᠤᠨ ᠤ ᠲᠠᠪᠤᠨ ᠶᠡᠭᠡ ᠡᠭᠦᠷᠭᠡ ᠶᠢ ᠪᠡᠶᠡᠯᠡᠭᠦᠯᠬᠦ ᠪᠠ ᠴᠢᠨᠠᠷ ᠰᠠᠶᠢᠲᠠᠶ | ᠬᠥᠭᠵᠢᠯᠲᠡ ᠶᠢ ᠠᠬᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ᠂ ᠬᠤᠰᠢᠭᠤᠨ ᠤ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶᠠᠨ ᠤ ᠳᠥᠷᠪᠡᠳᠦᠭᠡᠷ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠲᠣᠭᠤᠷᠢᠨ | ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠢᠶᠠᠷ ᠴᠡᠭᠴᠡᠯᠡᠨ ᠰᠠᠶᠢᠵᠢᠷᠠᠭᠤᠯᠬᠤ ᠠᠵᠢᠯ ᠤᠨ ᠤᠳᠤᠷᠢᠳᠬᠤ | ᠳᠤᠭᠤᠶᠢᠯᠠᠩ ᠤᠨ ᠬᠤᠷᠠᠯ ᠢ ᠡᠷᠭᠢᠯᠡᠨ ᠬᠤᠷᠠᠯᠳᠤᠭᠤᠯᠵᠠᠢ᠃ ᠶᠡᠷᠦᠩᠬᠡᠶ ᠱᠦᠵᠢ ᠰᠢ ᠶᠢᠨ ᠫᠢᠩ ᠤᠨ ᠣᠶᠢᠷ᠎ᠠ ᠶᠢᠨ | ᠬᠤᠭᠤᠴᠠᠭᠠᠨ ᠤ ᠬᠠᠮᠢᠶ᠎ᠠ ᠪᠥᠬᠦᠶ ᠴᠢᠬᠤᠯᠠ ᠶᠠᠷᠢᠶ᠎ᠠ ᠪᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠵᠢᠴᠢ ᠲᠥᠪ | ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶᠠᠨ ᠤ ᠬᠠᠮᠢᠶ᠎ᠠ | ᠪᠥᠬᠦᠶ ᠬᠤᠷᠠᠯ ᠪᠠ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠠᠮᠢᠶ᠎ᠠ ᠪᠥᠬᠦᠶ | ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠠᠮᠢᠶ᠎ᠠ ᠪᠥᠬᠦᠶ ᠪᠢᠴᠢᠭ ᠮᠠᠲ᠋ᠧᠷᠢᠶᠠᠯ ᠢ ᠰᠤᠳᠤᠯᠤᠨ ᠬᠢᠨᠠᠨ | ᠵᠥᠪᠯᠡᠵᠦ᠂ ᠲᠠᠷᠠᠭᠠᠴᠢ ᠶᠢᠨ ᠠᠯᠬᠤᠮ ᠤᠨ ᠠᠵᠢᠯ ᠢᠶᠠᠨ ᠳᠣᠭᠢᠷᠠᠭᠤᠯᠤᠨ ᠪᠠᠶᠢᠷᠢᠯᠠᠭᠤᠯᠪᠠ᠃ | ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ | ᠰᠤᠷᠤᠯᠴᠠᠨ ᠲᠤᠭᠤᠰᠢᠯᠠᠭᠤᠯᠵᠤ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ | ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠦᠷᠭᠦᠯᠵᠢᠯᠡᠨ | ᠠᠬᠢᠭᠤᠯᠵᠤ᠂ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢᠨ ᠲᠦᠪᠰᠢᠨ ᠢ ᠲᠠᠰᠤᠷᠠᠯᠲᠠ ᠦᠭᠡᠢ | ᠳᠡᠭᠡᠭᠰᠢᠯᠡᠭᠦᠯᠬᠦ ᠬᠡᠷᠡᠭᠲᠡᠢ᠃ ᠴᠡᠷᠢᠭ ᠠᠩᠭᠢ ᠪᠠ ᠣᠷᠣᠨ ᠨᠤᠲᠤᠭ ᠤᠨ ᠬᠠᠮᠵᠢᠯᠴᠠᠨ ᠬᠥᠭᠵᠢᠬᠦ ᠶᠢ ᠠᠬᠢᠭᠤᠯᠵᠤ᠂ | ᠦᠢᠯᠡᠴᠢᠯᠡᠭᠡᠨ ᠤ ᠪᠠᠲᠤᠯᠠᠭ᠎ᠠ ᠶᠢ ᠦᠨᠡᠨ ᠰᠡᠳᠬᠢᠯ ᠠᠴᠠ ᠪᠠᠨ ᠰᠠᠶᠢᠲᠤᠷ ᠬᠢᠵᠦ᠂ ᠴᠡᠷᠢᠭ ᠢᠶᠠᠨ ᠬᠦᠷᠢᠶᠡᠯᠡᠨ ᠭᠡᠷ | ᠪᠦᠯᠢ ᠶᠢ ᠨᠢ ᠬᠠᠷᠠᠭᠠᠯᠵᠠᠬᠤ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ᠃ ᠤᠨᠤᠯ ᠢᠶᠠᠷ | ᠵᠡᠪᠰᠡᠭᠯᠡᠬᠦ ᠶᠢ ᠦᠷᠭᠦᠯᠵᠢᠯᠡᠨ ᠴᠢᠩᠭᠠᠳᠬᠠᠵᠤ᠂ ᠰᠢᠨ᠎ᠡ ᠴᠠᠭ ᠦᠶ᠎ᠡ ᠶᠢᠨ ᠤᠶᠤᠨ ᠤ ᠪᠣᠯᠪᠠᠰᠤᠨ ᠤ | ᠪᠠᠶᠢᠭᠤᠯᠤᠯᠲᠠ ᠶᠢ ᠰᠢᠰᠲ᠋ᠧᠮ ᠲᠠᠢ ᠠᠬᠢᠭᠤᠯᠬᠤ ᠬᠡᠷᠡᠭᠲᠡᠢ᠃ ᠬᠠᠤᠯᠢ ᠪᠠᠷ ᠬᠤᠰᠢᠭᠤ ᠪᠠᠨ ᠵᠠᠰᠠᠬᠤ ᠶᠢ ᠪᠦᠬᠦ | ᠲᠠᠯ᠎ᠠ ᠪᠠᠷ ᠠᠬᠢᠭᠤᠯᠵᠤ᠂ ᠨᠠᠮ ᠤᠨ ᠤᠳᠤᠷᠢᠳᠤᠯᠭ᠎ᠠ ᠶᠢ ᠴᠢᠩᠭᠠᠳᠬᠠᠵᠤ᠂ ᠲᠥᠪ ᠭᠤᠣᠯᠴᠢ ᠪᠠᠷ ᠬᠠᠤᠯᠢ ᠪᠠᠷᠢᠬᠤ ᠶᠢ | ᠴᠢᠩᠳᠠᠯᠠᠵᠤ᠂ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠶᠢ ᠴᠢᠩᠭᠠᠳᠬᠠᠬᠤ | ᠬᠡᠷᠡᠭᠲᠡᠢ᠃ ᠨᠠᠮ ᠤᠨ ᠤᠯᠤᠰ ᠲᠦᠷᠦ ᠶᠢᠨ ᠵᠦᠪᠯᠡᠯᠭᠡᠨ ᠤ ᠠᠵᠢᠯ ᠳᠠᠬᠢ ᠪᠦᠬᠦ ᠲᠠᠯ᠎ᠠ ᠶᠢᠨ ᠤᠳᠤᠷᠢᠳᠤᠯᠭ᠎ᠠ ᠶᠢ | ᠪᠠᠷᠢᠮᠲᠠᠯᠠᠵᠤ᠂ ᠤᠯᠤᠰ ᠲᠦᠷᠦ ᠶᠢᠨ ᠵᠦᠪᠯᠡᠯᠭᠡᠨ ᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠤᠯᠤᠰ | ᠲᠦᠷᠦ ᠶᠢᠨ ᠵᠦᠪᠯᠡᠯᠭᠡᠨ ᠤ ᠴᠢᠳᠠᠪᠤᠷᠢ ᠶᠢᠨ ᠲᠦᠪᠰᠢᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ︽ | ᠲᠠᠪᠤᠨ ᠶᠡᠭᠡ ᠡᠭᠦᠷᠭᠡ︾ ᠶᠢ ᠨᠠᠶᠢᠳᠠᠪᠤᠷᠢᠵᠢᠭᠤᠯᠬᠤ ᠶᠢ ᠴᠢᠬᠤᠯᠠ ᠤᠯᠤᠰ ᠲᠦᠷᠦ ᠶᠢᠨ ᠡᠭᠦᠷᠭᠡ ᠪᠣᠯᠭᠠᠨ | ᠠᠳᠬᠤᠬᠤ ᠶᠢ ᠪᠠᠷᠢᠮᠲᠠᠯᠠᠵᠤ᠂ ︽ᠵᠢᠷᠭᠤᠭᠠᠨ ᠢᠨᠵᠧᠨᠧᠷᠢᠩ︾ ᠢ ᠦᠷᠭᠦᠯᠵᠢᠯᠡᠨ ᠰᠠᠶᠢᠲᠤᠷ ᠬᠡᠷᠡᠭᠵᠢᠭᠦᠯᠵᠦ᠂ ︽ | ᠵᠢᠷᠭᠤᠭᠠᠨ ᠠᠵᠢᠯᠯᠠᠭ᠎ᠠ︾ ᠶᠢ ᠪᠦᠬᠦ ᠬᠦᠴᠦᠨ ᠢᠶᠠᠷ ᠢᠶᠠᠨ ᠰᠠᠶᠢᠲᠤᠷ ᠠᠬᠢᠭᠤᠯᠬᠤ ᠬᠡᠷᠡᠭᠲᠡᠢ᠃ ᠲᠣᠭᠤᠷᠢᠨ | ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢ ᠦᠷᠭᠦᠯᠵᠢᠯᠡᠨ ᠪᠣᠳᠠᠲᠠᠢ ᠠᠳᠬᠤᠵᠤ᠂ ᠲᠣᠭᠤᠷᠢᠨ ᠪᠠᠶᠢᠴᠠᠭᠠᠵᠤ | ᠴᠡᠭᠴᠡᠯᠡᠨ ᠰᠠᠶᠢᠵᠢᠷᠠᠭᠤᠯᠬᠤ ᠠᠵᠢᠯ ᠢ ᠡᠮᠬᠢ ᠵᠢᠷᠤᠮ ᠲᠠᠢ ᠠᠬᠢᠭᠤᠯᠵᠤ᠂ ᠦᠨᠡᠨ ᠪᠣᠳᠠᠲᠠᠢ ᠦᠷ᠎ᠡ ᠪᠦᠲᠦᠮᠵᠢ | ᠤᠯᠬᠤ ᠶᠢ ᠪᠠᠲᠤᠯᠠᠬᠤ ᠬᠡᠷᠡᠭᠲᠡᠢ ᠭᠡᠵᠤ ᠴᠢᠬᠤᠯᠠᠴᠢᠯᠠᠵᠠᠢ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ |