ᠵᠠᠯᠠᠶᠢᠳ ᠬᠤᠰᠢᠭᠤ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ ᠰᠤᠳᠤᠯᠤᠨ ᠶᠠᠷᠢᠯᠴᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/5/30
     5 ᠰᠠᠷ᠎ᠠ ᠶᠢᠨ 29 ᠤ ᠡᠳᠦᠷ᠂ ᠵᠠᠯᠠᠶᠢᠳ ᠬᠤᠰᠢᠭᠤᠨ ᠤ ᠵᠠᠯᠠᠭᠤ ᠺᠠᠳ᠋ᠷᠴᠤᠳ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ ᠰᠤᠳᠤᠯᠤᠨ ᠶᠠᠷᠢᠯᠴᠠᠬᠤ ᠬᠤᠷᠠᠯ ᠬᠤᠷᠠᠯᠳᠤᠭᠤᠯᠵᠤ᠂ ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠴᠢᠬᠤᠯᠠ ᠥᠭᠦᠯᠡᠯᠲᠡ ᠶᠢ ᠤᠯᠠᠮᠵᠢᠯᠠᠨ ᠰᠤᠷᠤᠯᠴᠠᠪᠠ᠃ 6 ᠵᠠᠯᠠᠭᠤ ᠺᠠᠳ᠋ᠷ᠂ ᠰᠢᠨ᠎ᠡ ᠪᠠᠷ ᠳᠡᠪᠰᠢᠭᠦᠯᠦᠭᠰᠡᠨ ᠺᠠᠳ᠋ᠷ ᠤᠨ ᠲᠥᠯᠥᠭᠡᠯᠡᠭᠴᠢ ᠲᠣᠰ ᠪᠡᠶ᠎ᠡ ᠶᠢᠨ ᠠᠵᠢᠯ ᠰᠤᠷᠤᠯᠴᠠᠯᠭ᠎ᠠ ᠶᠢᠨ ᠪᠠᠶᠢᠳᠠᠯ ᠲᠠᠢ ᠪᠠᠨ ᠤᠶᠠᠯᠳᠤᠭᠤᠯᠤᠨ᠂ ︽ᠰᠤᠷᠤᠯᠴᠠᠬᠤ ᠰᠡᠳᠬᠢᠬᠦ ᠦᠢᠯᠡᠳᠦᠯᠭᠡᠵᠢᠭᠦᠯᠬᠦ ᠤᠶᠢᠯᠠᠭᠠᠬᠤ ᠰᠤᠷᠳᠠᠯ ᠢᠶᠠᠨ ᠴᠢᠩᠭᠠᠳᠬᠠᠵᠤ᠂ ᠵᠠᠯᠠᠭᠤ ᠨᠠᠰᠤᠨ ᠳᠠᠭᠠᠨ ᠡᠷᠡᠯᠬᠡᠭᠯᠡᠨ ᠤᠷᠤᠭᠰᠢᠯᠠᠵᠤ ᠦᠨᠡᠨᠴᠢ ᠰᠢᠳᠤᠷᠭᠤ ᠪᠠᠷ ᠤᠶᠢᠯᠡᠰ ᠲᠡᠭᠡᠨ ᠴᠢᠷᠮᠠᠶᠢᠶ᠎ᠠ︾ ᠭᠡᠬᠦ ᠭᠤᠣᠯ ᠰᠡᠳᠦᠪ ᠤᠨ ᠲᠣᠭᠤᠷᠢᠨ ᠳᠤ ᠰᠠᠨᠠᠯ ᠢᠶᠠᠨ ᠰᠣᠯᠢᠯᠴᠠᠵᠤ ᠶᠠᠷᠢᠶ᠎ᠠ ᠲᠠᠯᠪᠢᠪᠠ᠃     ᠬᠤᠷᠠᠯ ᠠᠴᠠ᠂ ᠵᠠᠯᠠᠭᠤ ᠺᠠᠳ᠋ᠷᠴᠤᠳ ᠨᠠᠮ ᠪᠠ ᠤᠯᠤᠰ ᠤᠨ ᠠᠵᠢᠯ ᠦᠢᠯᠡᠰ ᠤᠨ ᠰᠢᠨ᠎ᠡ ᠬᠦᠴᠦᠨ ᠪᠣᠯᠤᠭᠰᠠᠨ ᠤ ᠬᠤᠪᠢ ᠳᠤ᠂ ᠵᠣᠬᠢᠶᠠᠨ ᠪᠠᠶᠢᠭᠤᠯᠤᠯᠲᠠ ᠶᠢᠨ ᠬᠦᠨᠳᠦ ᠨᠠᠶᠢᠳᠠᠯᠭ᠎ᠠ ᠪᠠ ᠠᠷᠠᠳ ᠲᠦᠮᠡᠨ ᠤ ᠢᠲᠡᠭᠡᠯ ᠢ ᠡᠭᠦᠷᠭᠡᠯᠡᠵᠦ ᠪᠠᠶᠢᠨ᠎ᠠ᠂ ᠢᠯᠠᠩᠭᠤᠶ᠎ᠠ ᠰᠢᠨ᠎ᠠ ᠪᠠᠷ ᠲᠡᠪᠰᠢᠬᠦᠯᠦᠭᠰᠡᠨ ᠺᠠᠳ᠋ᠷ᠂ ᠵᠠᠩᠭᠢᠯᠠᠭ᠎ᠠ ᠶᠢᠨ ᠠᠵᠢᠯ ᠤᠨ ᠪᠠᠶᠢᠷᠢ ᠶᠢᠨ ᠺᠠᠳ᠋ᠷ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠢ ᠠᠬᠢᠭᠤᠯᠬᠤ ᠴᠢᠬᠤᠯᠠ ᠬᠦᠴᠦᠨ ᠮᠥᠨ ᠃ ᠡᠷᠬᠡᠪᠰᠢ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭᠠᠨ ᠤ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠶ ᠲᠠᠨᠢᠵᠤ᠂ ᠲᠡᠭᠦᠨ ᠢᠶᠠᠷ ᠨᠠᠮᠴᠢ ᠴᠢᠨᠠᠷ ᠢ ᠳᠠᠪᠲᠠᠨ ᠪᠣᠯᠪᠠᠰᠤᠷᠠᠭᠤᠯᠬᠤ᠂ ᠰᠤᠷᠲᠠᠯ ᠢ ᠰᠠᠶᠢᠵᠢᠷᠠᠭᠤᠯᠬᠤ ᠠᠵᠢᠯᠯᠠᠭᠠᠨ ᠤ ᠵᠦᠭᠯᠡᠭᠦᠷ ᠪᠣᠯᠭᠠᠵᠤ᠂ ᠦᠵᠡᠯ ᠰᠠᠨᠠᠭᠠᠨ ᠤ ᠳᠠᠪᠲᠠᠯᠲᠠ᠂ ᠤᠯᠤᠰ ᠲᠥᠷᠥ ᠶᠢᠨ ᠳᠠᠪᠲᠠᠯᠲᠠ᠂ ᠦᠢᠯᠡᠳᠦᠯᠭᠡ ᠶᠢᠨ ᠳᠠᠪᠲᠠᠯᠲᠠ᠂ ᠲᠤᠰᠬᠠᠶ ᠮᠡᠷᠭᠡᠵᠢᠯ ᠤᠨ ᠪᠣᠯᠪᠠᠰᠤᠷᠠᠯ ᠢ ᠨᠠᠩ ᠤᠬᠠᠮᠰᠠᠷ ᠠᠴᠠ ᠪᠠᠨ ᠴᠢᠩᠭᠠᠳᠬᠠᠵᠤ ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤᠮᠳᠠ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠬᠦᠴᠦᠨ ᠴᠢᠳᠠᠯ ᠢᠶᠠᠨ ᠡᠷᠭᠦᠬᠦ ᠪᠠᠷ ᠴᠢᠷᠮᠠᠶᠢᠬᠤ ᠬᠡᠷᠡᠭᠲᠡᠶ ᠭᠡᠵᠤ ᠴᠢᠬᠤᠯᠠᠴᠢᠯᠠᠵᠠᠢ᠃     ᠬᠤᠷᠠᠯ ᠠᠴᠠ᠂ ᠰᠢᠨ᠎ᠡ ᠪᠠᠷ ᠳᠡᠪᠰᠢᠭᠦᠯᠦᠭᠳᠡᠭᠰᠡᠨ ᠺᠠᠳ᠋ᠷ᠂ ᠵᠠᠯᠠᠭᠤ ᠺᠠᠳ᠋ᠷ᠂ ᠵᠠᠩᠭᠢᠯᠠᠭ᠎ᠠ ᠶᠢᠨ ᠠᠵᠢᠯ ᠤᠨ ᠪᠠᠶᠢᠷᠢ ᠶᠢᠨ ᠺᠠᠳ᠋ᠷᠴᠤᠳ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢᠶᠠᠷ ᠠᠵᠠ ᠲᠣᠬᠢᠶᠠᠯ ᠪᠣᠯᠭᠠᠵᠤ᠂ ᠰᠤᠷᠲᠠᠯ ᠤᠨ ᠪᠠᠶᠢᠭᠤᠯᠤᠯᠲᠠ ᠭᠡᠬᠦ ᠡᠨᠡᠬᠦ ᠭᠤᠣᠯ ᠰᠡᠳᠦᠪ ᠲᠤ ᠠᠩᠬᠠᠷᠤᠯ ᠢᠶᠠᠨ ᠲᠥᠪᠯᠡᠷᠡᠭᠦᠯᠵᠦ᠂ ᠦᠵᠡᠯ ᠰᠠᠨᠠᠭ᠎ᠠ ᠲᠠᠨᠢᠯᠲᠠ ᠶᠢᠨ ᠲᠠᠯ᠎ᠠ ᠪᠠᠷ ᠲᠠᠬᠢᠨ ᠭᠦᠨᠵᠡᠭᠡᠶᠢᠷᠡᠭᠦᠯᠵᠦ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭᠠᠨ ᠤ ᠡᠷᠡᠰ ᠪᠠᠲᠤ ᠰᠢᠲᠦᠭᠴᠢ ᠪᠣᠯᠬᠤ ᠬᠡᠷᠡᠭᠲᠡᠢ᠃ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠠᠯ᠎ᠠ ᠪᠠᠷ ᠲᠠᠬᠢᠨ ᠬᠦᠴᠦᠯᠡᠵᠦ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭᠠᠨ ᠤ ᠦᠨᠡᠨᠴᠢ ᠰᠢᠳᠤᠷᠭᠤ ᠦᠢᠯᠡᠳᠦᠯᠭᠡᠵᠢᠭᠦᠯᠦᠭᠴᠢ ᠪᠣᠯᠬᠤ ᠬᠡᠷᠡᠭᠲᠡᠶ᠃ ᠰᠤᠷᠲᠠᠯ ᠤᠨ ᠪᠠᠶᠢᠭᠤᠯᠤᠯᠲᠠ ᠶᠢᠨ ᠲᠠᠯ᠎ᠠ ᠪᠠᠷ ᠲᠠᠬᠢᠨ ᠳᠡᠭᠡᠭᠰᠢᠯᠡᠭᠦᠯᠵᠦ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭᠠᠨ ᠤ ᠵᠢᠱᠢᠶᠡᠴᠢ ᠪᠠᠳᠠᠷᠠᠭᠤᠯᠤᠭᠴᠢ ᠪᠤᠯᠵᠤ᠂ ᠲᠦᠷᠦᠭᠦᠯᠡᠨ ᠰᠤᠷᠲᠠᠯ ᠴᠢᠬᠡᠴᠢ ᠣᠪᠣᠷ ᠲᠥᠪ ᠰᠠᠶᠢᠨ ᠰᠠᠶᠢᠬᠠᠨ ᠤᠯᠤᠰ ᠲᠦᠷᠦ ᠶᠢᠨ ᠠᠮᠢ ᠠᠬᠤᠢ ᠶᠢ ᠪᠤᠢ ᠪᠣᠯᠭᠠᠵᠤ᠂ ᠰᠢᠯᠢᠳᠡᠭ ᠰᠤᠷᠲᠠᠯ ᠢᠶᠠᠷ ᠠᠵᠢᠯ ᠬᠢᠵᠦ ᠦᠢᠯᠡᠰ ᠪᠤᠰᠬᠠᠬᠤ ᠬᠦᠴᠦᠷᠬᠡᠭ ᠶᠡᠭᠡ ᠬᠠᠮᠲᠤᠷᠠᠯ ᠤᠨ ᠬᠦᠴᠦᠨ ᠢ ᠪᠦᠷᠢᠯᠳᠦᠭᠦᠯᠬᠦ ᠶᠢ ᠳᠠᠶᠢᠴᠢᠯᠠᠬᠤ ᠬᠡᠷᠡᠭᠲᠡᠢ ᠭᠡᠵᠤ ᠱᠠᠭᠠᠷᠳᠠᠵᠠᠢ᠃
 
ᠢᠷᠡᠯᠲᠡ᠄ ᠵᠠᠯᠠᠶᠢᠳ ᠤᠨ ᠸᠢᠴᠠᠲ ᠮᠡᠳᠡᠭᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号