| 5 ᠰᠠᠷ᠎ᠠ ᠶᠢᠨ 5 ᠤ ᠦᠳᠡ ᠶᠢᠨ ᠡᠮᠦᠨ᠎ᠡ᠂ ᠵᠠᠯᠠᠶᠢᠳ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ | ᠬᠤᠰᠢᠭᠤᠨ ᠳᠠᠷᠤᠭ᠎ᠠ ᠯᠢ ᠬᠤᠤ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ︽ᠪᠠᠶᠢᠭᠤᠯᠭ᠎ᠠ | ᠶᠢᠨ ᠨᠢᠭᠤᠴᠠ ᠮᠡᠳᠡᠭᠡ᠂ ᠵᠢᠯᠤᠭᠤᠳᠤᠯᠭ᠎ᠠ᠂ ᠤᠶᠢᠯᠡᠴᠢᠯᠡᠭᠡ᠂ ᠶᠠᠷᠢᠶ᠎ᠠ ᠬᠡᠯᠡᠯᠴᠡᠭᠡᠨ ᠤ ᠪᠠᠶᠢᠳᠠᠯ︾ ᠢ ᠨᠢᠭᠡ | ᠴᠤᠭᠴᠠᠵᠢᠭᠤᠯᠤᠨ ᠪᠣᠳᠠᠲᠤ ᠪᠠᠶᠢᠯᠳᠤᠭᠠᠨ ᠤ ᠠᠵᠢᠯᠯᠠᠭᠠᠨ ᠤ ᠲᠥᠪ ᠢᠶᠠᠷ ᠬᠦᠷᠴᠦ᠂ ᠸᠢᠳᠢᠤ᠋ ᠪᠠᠷ ᠪᠥᠬᠦ | ᠬᠤᠰᠢᠭᠤᠨ ᠤ ᠠᠮᠤᠷ ᠠᠮᠤᠭᠤᠯᠠᠩ ᠤᠨ ᠪᠠᠶᠢᠭᠤᠯᠤᠯᠲᠠ ᠪᠠ ᠨᠡᠶᠢᠭᠡᠮ ᠤᠨ ᠠᠮᠤᠷ ᠲᠦᠪᠰᠢᠨ ᠢ ᠶᠡᠷᠦᠩᠬᠡᠶᠢᠯᠡᠨ | ᠵᠠᠰᠠᠬᠤ ᠠᠵᠢᠯ ᠳᠤ ᠲᠣᠬᠢᠷᠠᠭᠤᠯᠤᠯᠲᠠ ᠬᠢᠪᠠ᠃ | ᠯᠢ ᠬᠤᠤ᠂ ᠡᠯ᠎ᠡ ᠰᠤᠮᠤ ᠰᠢᠶᠠᠩ ᠪᠠᠯᠭᠠᠰᠤ ︵ᠲᠥᠪ︶ ᠪᠣᠯᠤᠨ ᠳᠣᠲᠣᠭᠠᠳᠤ ᠶᠢ ᠬᠠᠮᠠᠭᠠᠯᠠᠬᠤ | ᠪᠠᠶᠢᠭᠤᠯᠭ᠎ᠠ ᠶᠢᠨ ᠬᠢᠨ ᠬᠤᠷᠢᠭ᠎ᠠ ᠱᠤᠭᠤᠮ ᠤᠨ ᠰᠡᠳᠬᠢᠬᠦᠢ ᠪᠠᠨ ᠤᠯᠠᠮ ᠴᠢᠨᠠᠭᠰᠢᠳᠠ ᠴᠢᠩᠭᠠᠳᠬᠠᠵᠤ᠂ | ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠵᠦ᠂ ᠡᠭᠦᠷᠭᠡ ᠬᠠᠷᠢᠭᠤᠴᠠᠯᠭ᠎ᠠ ᠪᠠᠨ ᠰᠠᠶᠢᠳᠤᠷ ᠭᠦᠢᠴᠡᠳᠬᠡᠵᠦ᠂ | ᠵᠥᠷᠢᠴᠡᠯ ᠵᠢᠭᠤᠷᠠᠯᠳᠤᠭᠠᠨ ᠢ ᠪᠠᠶᠢᠴᠠᠭᠠᠨ ᠰᠢᠢᠳᠪᠦᠷᠢᠯᠡᠬᠦ ᠠᠵᠢᠯ ᠢ ᠭᠦᠨᠵᠡᠭᠡᠢ ᠥᠷᠨᠢᠭᠦᠯᠵᠦ᠂ ︽ᠤᠨᠢᠨ | ᠳᠡᠭᠡᠷ᠎ᠡ ᠨᠢ ᠵᠢᠭᠰᠠᠭᠠᠬᠤ᠂ ᠬᠤᠯᠪᠣᠭᠠᠯᠠᠨ ᠬᠥᠳᠡᠯᠦᠯᠴᠡᠬᠦ᠂ ᠡᠬᠡᠯᠵᠢᠳᠤ ᠬᠤᠷᠠᠯ ᠬᠢᠵᠤ ᠵᠥᠪᠳᠡᠯᠴᠡᠬᠦ︾ | ᠲᠣᠭᠲᠠᠴᠠ ᠶᠢ ᠰᠠᠶᠢᠲᠤᠷ ᠬᠡᠷᠡᠭᠯᠡᠵᠦ᠂ ᠠᠶᠤᠯ ᠲᠦᠭᠰᠢᠭᠦᠷᠢ ᠶᠢᠨ ᠭᠡᠮ ᠰᠣᠭᠤᠭ ᠢ ᠡᠬᠢ ᠡᠭᠦᠰᠦᠯ ᠠᠴᠠ ᠨᠢ | ᠰᠡᠷᠭᠡᠶᠢᠯᠡᠨ ᠠᠷᠢᠯᠭᠠᠬᠤ ᠬᠡᠷᠡᠭᠲᠡᠢ᠃ ᠵᠣᠬᠢᠴᠠᠭᠤᠯᠤᠨ ᠬᠠᠮᠵᠢᠯᠴᠠᠬᠤ ᠪᠠᠨ ᠴᠢᠩᠭᠠᠳᠬᠠᠵᠤ᠂ ᠠᠮᠢ ᠠᠬᠤᠢ ᠣᠷᠴᠢᠨ | ᠲᠣᠭᠤᠷᠢᠨ ᠤ ᠬᠠᠮᠠᠭᠠᠯᠠᠯᠲᠠ᠂ ᠤᠢ ᠰᠢᠭᠤᠢ ᠨᠤᠳᠤᠭ ᠪᠡᠯᠴᠢᠭᠡᠷ ᠢ ᠡᠪᠳᠡᠵᠦ ᠰᠤᠶᠢᠳᠭᠡᠨ ᠬᠠᠤᠯᠢ ᠲᠣᠭᠲᠠᠭᠠᠯ ᠠᠴᠠ | ᠵᠥᠷᠢᠴᠡᠭᠰᠡᠨ ᠠᠵᠢᠯᠯᠠᠭ᠎ᠠ ᠶᠢ ᠲᠥᠪᠯᠡᠷᠡᠭᠦᠯᠦᠨ ᠴᠡᠭᠴᠡᠯᠡᠨ ᠵᠠᠰᠠᠬᠤ ᠵᠡᠷᠭᠡ ᠠᠵᠢᠯ ᠤᠨ ᠡᠭᠦᠷᠭᠡ ᠶᠢ ᠯᠠᠪᠳᠠᠭᠤᠨ | ᠪᠠᠲᠤᠲᠠᠢ ᠠᠬᠢᠭᠤᠯᠵᠤ᠂ ᠡᠯ᠎ᠡ ᠵᠦᠢᠯ ᠤᠨ ᠠᠵᠢᠯ ᠢ ᠵᠠᠪᠰᠠᠷ ᠦᠭᠡᠢ ᠵᠣᠯᠭᠠᠭᠤᠯᠵᠤ᠂ ᠥᠨᠳᠥᠷ ᠪᠦᠲᠦᠮᠵᠢᠲᠡᠢ | ᠠᠵᠢᠯᠯᠠᠭᠤᠯᠬᠤ ᠶᠢ ᠪᠠᠲᠤᠯᠠᠬᠤ ᠬᠡᠷᠡᠭᠲᠡᠢ᠃ ᠰᠤᠮᠤ ᠰᠢᠶᠠᠩ ᠪᠠᠯᠭᠠᠰᠤ ︵ᠲᠥᠪ︶ ᠵᠢᠵᠢᠭᠦᠷᠯᠡᠨ ᠰᠠᠬᠢᠬᠤ ᠲᠦᠷᠢᠮ ᠢ | ᠴᠢᠩᠭ᠎ᠠ ᠬᠡᠷᠡᠭᠵᠢᠭᠦᠯᠵᠦ᠂ ᠪᠠᠴᠢᠮ ᠭᠡᠨᠡᠳᠲᠡ ᠶᠢᠨ ᠬᠡᠷᠡᠭ ᠡᠭᠦᠰᠪᠡᠯ᠂ ᠲᠦᠷᠭᠡᠨ ᠲᠤᠰᠬᠠᠯ ᠭᠠᠷᠭᠠᠵᠤ᠂ ᠰᠢᠨᠵᠢᠯᠡᠬᠦ | ᠤᠬᠠᠭᠠᠨᠴᠢ ᠪᠠᠷ ᠰᠢᠢᠳᠪᠦᠷᠢᠯᠡᠬᠦ ᠬᠡᠷᠡᠭᠲᠡᠢ᠃ ᠴᠠᠭᠳᠠᠭᠠᠨ ᠤ ᠬᠦᠴᠦᠨ ᠢ ᠵᠣᠬᠢᠰᠲᠠᠢ ᠲᠣᠬᠢᠷᠠᠭᠤᠯᠵᠤ᠂ | ᠭᠤᠣᠯᠳᠠᠯᠭ᠎ᠠ ᠲᠠᠢ ᠣᠷᠣᠨ ᠪᠦᠰᠡ᠂ ᠬᠥᠮᠥᠨ ᠬᠠᠷ᠎ᠠ ᠬᠤᠷᠠᠨ ᠴᠤᠭᠯᠠᠷᠠᠳᠠᠭ ᠲᠠᠯᠠᠪᠤᠷ ᠢ ᠲᠣᠭᠤᠷᠢᠨ ᠴᠠᠭᠳᠠᠬᠤ | ᠡᠷᠴᠢᠮ ᠢᠶᠠᠨ ᠴᠢᠩᠭᠠᠷᠠᠭᠤᠯᠵᠤ᠂ ᠵᠠᠮ ᠬᠠᠷᠢᠯᠴᠠᠭᠠᠨ ᠤ ᠬᠦᠳᠡᠯᠭᠡᠭᠡᠨ ᠤ ᠪᠠᠶᠢᠳᠠᠯ ᠢ ᠤᠷᠢᠳᠴᠢᠯᠠᠨ ᠮᠠᠭᠠᠳᠯᠠᠵᠤ᠂ | ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠮᠢᠶᠠᠷᠤᠯᠲᠠ ᠶᠢ ᠰᠠᠶᠢᠲᠤᠷ ᠬᠢᠵᠦ᠂ ᠠᠮᠤᠷ ᠲᠦᠪᠰᠢᠨ ᠲᠣᠭᠲᠠᠭᠤᠨ ᠤ | ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠬᠤ ᠬᠡᠷᠡᠭᠲᠡᠢ ᠭᠡᠵᠤ ᠴᠢᠬᠤᠯᠠᠴᠢᠯᠠᠵᠠᠢ᠃ |