ᠵᠠᠯᠠᠶᠢᠳ ᠬᠤᠰᠢᠭᠤᠨ ᠤ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ ᠲᠤᠰᠬᠠᠶ ᠰᠡᠳᠦᠪᠲᠦ ᠰᠤᠷᠤᠯᠴᠠᠯᠭ᠎ᠠ ︵ᠥᠷᠭᠡᠳᠬᠡᠭᠰᠡᠨ︶ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/5/6
       ᠣᠶᠢᠷ᠎ᠠ ᠳᠤ᠂ ᠵᠠᠯᠠᠶᠢᠳ ᠬᠤᠰᠢᠭᠤᠨ ᠤ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ  ᠤᠨ ᠬᠢᠨ ︽ᠦᠵᠡᠯ ᠰᠠᠨᠠᠭ᠎ᠠ ᠪᠠᠨ ᠤᠯᠠᠮ ᠨᠢᠭᠡ ᠠᠯᠬᠤᠮ ᠴᠢᠯᠥᠭᠡᠯᠡᠵᠦ᠂ ᠠᠵᠢᠯ ᠤᠨ ᠰᠤᠷᠲᠠᠯ ᠢᠶᠠᠨ ᠬᠤᠪᠢᠷᠠᠭᠤᠯᠵᠤ᠂ ᠠᠰᠠᠭᠤᠳᠠᠯ ᠢ ᠢᠯᠡᠷᠡᠭᠦᠯᠬᠦ ᠪᠠ ᠠᠰᠠᠭᠤᠳᠠᠯ ᠢ ᠰᠢᠢᠳᠪᠦᠷᠢᠯᠡᠬᠦ ᠴᠢᠳᠠᠪᠤᠷᠢ ᠪᠠᠨ ᠦᠨᠡᠨ ᠬᠦ ᠳᠡᠭᠡᠭᠰᠢᠯᠡᠭᠦᠯᠬᠦ︾ ᠶᠡᠭᠡ ᠰᠤᠷᠤᠯᠴᠠᠯᠭ᠎ᠠ ᠶᠡᠭᠡ ᠶᠠᠷᠢᠯᠴᠠᠭᠠᠨ ᠤ ᠲᠤᠰᠬᠠᠶ ᠰᠡᠳᠦᠪᠲᠦ ᠰᠤᠷᠤᠯᠴᠠᠯᠭ᠎ᠠ ︵ᠥᠷᠭᠡᠳᠬᠡᠭᠰᠡᠨ︶ ᠶᠢᠨ ᠬᠤᠷᠠᠯ ᠬᠤᠷᠠᠯᠳᠤᠭᠤᠯᠵᠠᠢ᠃ ᠬᠤᠷᠠᠯ ᠲᠡᠭᠡᠷ᠎ᠡ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠸᠠᠩ ᠯᠢ ᠰᠢᠶᠠ ᠲᠡᠷᠢᠭᠦᠯᠡᠭᠴᠢ ᠶᠢᠨ ᠵᠠᠯᠠᠶᠢᠳ ᠬᠤᠰᠢᠭᠤᠨ ᠳᠤ ᠪᠠᠶᠢᠴᠠᠭᠠᠨ ᠰᠤᠳᠤᠯᠤᠯᠲᠠ ᠬᠢᠬᠦ ᠬᠤᠭᠤᠴᠠᠭᠠᠨ ᠳᠤ ᠳᠤᠷᠠᠳᠤᠭᠰᠠᠨ ᠠᠵᠢᠯ ᠤᠨ ᠱᠠᠭᠠᠷᠳᠠᠯᠭ᠎ᠠ ᠲᠠᠢ ᠤᠶᠠᠯᠳᠤᠭᠤᠯᠤᠨ᠂ ᠦᠵᠡᠯ ᠰᠠᠨᠠᠭ᠎ᠠ ᠪᠠᠨ ᠬᠡᠷᠬᠢᠨ ᠤᠯᠠᠮ ᠨᠢᠭᠡ ᠠᠯᠬᠤᠮ ᠴᠢᠯᠥᠭᠡᠯᠡᠵᠤ᠂ ᠠᠵᠢᠯ ᠤᠨ ᠰᠤᠷᠲᠠᠯ ᠢᠶᠠᠨ ᠬᠡᠷᠬᠢᠨ ᠬᠤᠪᠢᠷᠠᠭᠤᠯᠬᠤ ᠶᠢᠨ ᠲᠣᠭᠤᠷᠢᠨ ᠳᠤ᠂ ᠠᠰᠠᠭᠤᠳᠠᠯ ᠢ ᠢᠯᠡᠷᠡᠭᠦᠯᠬᠦ ᠪᠠ ᠰᠢᠢᠳᠪᠦᠷᠢᠯᠡᠬᠦ ᠴᠢᠳᠠᠪᠤᠷᠢ ᠪᠠᠨ ᠦᠨᠡᠨ ᠬᠦ ᠳᠡᠭᠡᠭᠰᠢᠯᠡᠭᠦᠯᠬᠦ ᠲᠤᠬᠠᠶ ᠰᠤᠷᠤᠯᠴᠠᠵᠤ ᠰᠤᠳᠤᠯᠤᠨ ᠶᠠᠷᠢᠯᠴᠠᠪᠠ᠃ ᠬᠤᠰᠢᠭᠤᠨ ᠤ ᠨᠠᠮ ᠤᠨ ᠬᠤᠷᠢᠶᠠᠨ ᠤ ᠱᠦᠵᠢ ᠴᠢ ᠯᠢᠨ ᠬᠤᠷᠠᠯ ᠡᠷᠭᠢᠯᠡᠵᠦ ᠶᠠᠷᠢᠶ᠎ᠠ ᠲᠠᠯᠪᠢᠪᠠ᠃    ᠬᠤᠷᠠᠯ ᠠᠴᠠ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠤᠯᠤᠰ ᠲᠦᠷᠦ ᠶᠢᠨ ᠬᠠᠷᠢᠭᠤᠴᠠᠯᠭ᠎ᠠ ᠪᠠᠨ ᠪᠠᠲᠤ ᠡᠭᠦᠷᠭᠡᠯᠡᠵᠦ᠂ ᠤᠯᠤᠰ ᠲᠦᠷᠦ ᠶᠢᠨ ᠲᠠᠯ᠎ᠠ ᠠᠴᠠ ᠦᠵᠡᠬᠦ᠂ ᠤᠯᠤᠰ ᠲᠦᠷᠦ ᠶᠢᠨ ᠲᠠᠯ᠎ᠠ ᠠᠴᠠ ᠰᠢᠢᠳᠪᠦᠷᠢᠯᠡᠬᠦ ᠶᠢ ᠪᠠᠷᠢᠮᠲᠠᠯᠠᠬᠤ ᠬᠡᠷᠡᠭᠲᠡᠢ᠃ ᠬᠥᠭᠵᠢᠯᠲᠡ ᠶᠢᠨ ᠳᠤᠮᠳᠠ ᠬᠠᠮᠠᠭᠠᠯᠠᠬᠤ᠂ ᠬᠠᠮᠠᠭᠠᠯᠠᠬᠤ ᠳᠤᠮᠳᠠ ᠬᠥᠭᠵᠢᠭᠦᠯᠬᠦ ᠰᠡᠳᠬᠢᠮᠵᠢ ᠶᠢ ᠪᠠᠷᠢᠮᠲᠠᠯᠠᠵᠤ᠂ ᠦᠵᠡᠯ ᠰᠠᠨᠠᠭ᠎ᠠ ᠲᠠᠨᠢᠯᠲᠠ ᠪᠠᠨ ᠰᠠᠶᠢᠳᠤᠷ ᠬᠤᠪᠢᠷᠠᠭᠤᠯᠵᠤ᠂ ᠲᠡᠮᠡᠭᠡᠴᠢ ᠤᠯᠤᠰ ᠤᠨ ᠲᠠᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠢ ᠴᠡᠭᠴᠡᠯᠡᠨ ᠰᠠᠶᠢᠵᠢᠷᠠᠭᠤᠯᠵᠤ ᠬᠠᠮᠢᠶᠠᠷᠤᠨ ᠬᠠᠮᠠᠭᠠᠯᠠᠬᠤ ᠶᠢ ᠰᠠᠶᠢᠲᠤᠷ ᠠᠳᠬᠤᠵᠤ᠂ ᠪᠥᠬᠦ ᠬᠤᠰᠢᠭᠤᠨ ᠤ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠶᠠᠰᠤ ᠴᠢᠨᠠᠷ ᠢ ᠬᠦᠴᠦᠯᠡᠨ ᠳᠡᠭᠡᠭᠰᠢᠯᠡᠭᠦᠯᠵᠦ᠂ ᠨᠠᠮ ᠤᠨ ᠭᠡᠰᠢᠭᠦᠨ ᠺᠠᠳ᠋ᠷ ᠤᠨ ᠰᠤᠷᠲᠠᠯ ᠤᠨ ᠪᠠᠶᠢᠭᠤᠯᠤᠯᠲᠠ ᠶᠢ ᠰᠠᠶᠢᠳᠤᠷ ᠴᠢᠩᠭᠠᠳᠬᠠᠵᠤ᠂ ᠴᠢᠨᠠᠷ ᠰᠠᠶᠢᠲᠠᠶ ᠬᠥᠭᠵᠢᠯᠲᠡ ᠶᠢ ᠰᠠᠶᠢᠳᠤᠷ ᠲᠥᠯᠥᠪᠵᠢᠭᠦᠯᠦᠨ ᠠᠬᠢᠭᠤᠯᠬᠤ ᠬᠡᠷᠡᠭᠳᠡᠢ᠃ ︽ᠨᠢᠭᠡ ᠬᠥᠯᠭᠡ ᠰᠢᠲᠠᠷ᠎ᠠ︾ ᠶᠢᠨ ᠤᠬᠠᠮᠰᠠᠷ ᠢ ᠪᠠᠲᠤ ᠪᠣᠶ ᠪᠣᠯᠭᠠᠵᠤ᠂ ᠦᠵᠡᠯ ᠰᠠᠨᠠᠭ᠎ᠠ ᠪᠠᠨ ᠨᠢᠭᠡᠳᠬᠡᠨ᠂ ᠬᠠᠮᠳᠤᠷᠠᠯ ᠤᠨ ᠬᠦᠴᠦᠨ ᠢ ᠪᠦᠷᠢᠯᠳᠦᠭᠦᠯᠵᠦ᠂ ᠠᠰᠠᠭᠤᠳᠠᠯ ᠳᠤ ᠰᠢᠭᠤᠳ ᠬᠠᠨᠳᠤᠵᠤ᠂ ᠠᠰᠠᠭᠤᠳᠠᠯ ᠢ ᠰᠢᠢᠳᠪᠦᠷᠢᠯᠡᠨ᠂ ︽ᠤᠳᠠᠭᠠᠨ᠂ ᠪᠦᠳᠦᠭᠦᠯᠢᠭ᠂ ᠬᠡᠶᠢᠰᠪᠦᠷᠢ︾᠂ ᠠᠵᠢᠯ ᠬᠢᠬᠦ  ᠦᠭᠡᠢ ᠠᠵᠢᠯᠯᠠᠭ᠎ᠠ ᠶᠢ ᠡᠷᠡᠰ ᠵᠠᠯᠠᠷᠠᠭᠤᠯᠤᠨ ᠵᠠᠰᠠᠵᠤ᠂ ᠲᠣᠰ ᠲᠣᠰ ᠤᠨ ᠬᠠᠷᠢᠭᠤᠴᠠᠯᠭ᠎ᠠ ᠪᠠᠨ ᠭᠦᠢᠴᠡᠳᠭᠡᠵᠤ᠂ ᠨᠢᠭᠡ ᠠᠴᠠ ᠵᠦᠢᠴᠢᠯᠡᠨ ᠨᠥᠭᠦᠭᠡ ᠶᠢ ᠮᠡᠳᠡᠵᠦ᠂ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢ ᠰᠠᠶᠢᠲᠤᠷ ᠠᠳᠬᠤᠵᠤ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠬᠦ ᠳᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠶ ᠭᠡᠵᠤ ᠴᠢᠬᠤᠯᠠᠴᠢᠯᠠᠵᠠᠢ᠃
 
ᠢᠷᠡᠯᠲᠡ᠄ ᠵᠠᠯᠠᠶᠢᠳ ᠤᠨ ᠸᠢᠴᠠᠲ ᠮᠡᠳᠡᠭᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号