ᠰᠢ ᠶᠢᠨ ᠫᠢᠩ ᠭᠦᠢᠵᠧᠦ ᠶᠢᠨ ᠪᠢ ᠵᠢᠶᠧ ᠬᠤᠳᠠ ᠶᠢᠨ ᠴᠢᠶᠠᠨ ᠰᠢ ᠬᠤᠳᠠ ᠶᠢᠨ ᠵᠢᠭᠤᠯᠴᠢᠯᠠᠯ ᠤᠨ ᠣᠩᠭᠤᠴᠠ ᠬᠥᠷᠪᠡᠭᠰᠡᠨ ᠡ᠊ᠨᠳᠡᠯ ᠤᠨ ᠲᠤᠬᠠᠢ ᠴᠢᠬᠤᠯᠠ ᠵᠢᠭᠠᠪᠤᠷᠢ ᠥᠭᠴᠦ ᠴᠢᠬᠤᠯᠠᠴᠢᠯᠠᠭᠰᠠᠨ ᠨᠢ᠄ ᠠᠷᠭ᠎ᠠ ᠪᠦᠭᠦᠨ ᠢ ᠰᠦᠪᠡᠭᠴᠢᠯᠡᠵᠦ ᠤᠰᠤᠨ ᠳᠤ ᠤᠨᠠᠭᠰᠠᠨ ᠬᠥᠮᠥᠰ ᠢ ᠡᠷᠢᠨ ᠠᠪᠤᠷᠠᠵᠤ ᠪᠦᠭᠦ ᠬᠦᠴᠦᠨ ᠢᠶᠠᠷ ᠢᠶᠠᠨ ᠰᠢᠷᠬᠠᠲᠤᠭᠰᠠᠳ ᠢ ᠠᠪᠤᠷᠠᠨ ᠡᠮᠨᠡᠵᠦ ᠬᠦᠨᠳᠦ ᠣᠨᠴᠠ ᠶᠡᠭᠡ ᠠᠮᠤᠷ ᠲᠦᠪᠰᠢᠨ ᠤ ᠡ᠊ᠨᠳᠡᠯ ᠣᠯᠠᠨ ᠡᠭᠦᠰᠬᠦ ᠬᠠᠨᠳᠤᠰᠢ ᠶᠢ ᠡᠷᠡᠰ ᠬᠤᠷᠢᠭᠯᠠᠬᠤ ᠬᠡᠷᠡᠭᠲᠡᠢ ᠯᠢ ᠴᠢᠶᠠᠩ ᠴᠣᠬᠤᠯᠠᠪᠤᠷᠢ ᠥᠭᠴᠡᠢ
ᠨᠡᠶᠢᠲᠡᠯᠡᠭᠰᠡᠨ ᠴᠠᠭ᠄
2025/5/6
          ᠰᠢᠨᠬᠤᠸᠠ ᠬᠤᠷᠢᠶ᠎ᠠ ᠶᠢᠨ ᠪᠡᠭᠡᠵᠢᠩ ᠤᠨ 5 ᠰᠠᠷ᠎ᠠ ᠶᠢᠨ 4 ᠤ ᠴᠠᠭᠢᠯᠭᠠᠨ ᠮᠡᠳᠡᠭᠡ  5 ᠰᠠᠷ᠎ᠠ ᠶᠢᠨ 4 ᠤ 16 ᠴᠠᠭ 40 ᠮᠢᠨᠦ᠋ᠲ ᠤᠨ ᠦᠶ᠎ᠡ ᠪᠠᠷ ᠭᠦᠢᠵᠧᠦ ᠶᠢᠨ ᠪᠢ ᠵᠢᠶᠧ ᠬᠤᠲᠠ ᠶᠢᠨ ᠴᠢᠶᠠᠨ ᠰᠢ ᠬᠤᠲᠠ ᠶᠢᠨ ᠰᠢᠨ ᠷᠧᠨ ᠰᠢᠶᠠᠩ ᠤᠨ ᠬᠤᠸᠠ ᠦ᠋ ᠲᠣᠰᠬᠤᠨ ᠤ ᠵᠠᠭᠤᠨ ᠭᠠᠵᠠᠷ ᠤᠨ ᠵᠢᠷᠤᠭᠲᠤ ᠬᠤᠩᠭᠢᠯ ᠤᠨ ᠦᠵᠡᠮᠵᠢ ᠶᠢᠨ ᠣᠷᠣᠨ ᠳᠤ ᠵᠢᠭᠤᠯᠴᠢᠯᠠᠯ ᠤᠨ ᠣᠩᠭᠤᠴᠠ ᠬᠥᠷᠪᠡᠭᠰᠡᠨ ᠡ᠊ᠨᠳᠡᠯ ᠭᠠᠷᠴᠠᠢ᠃ ᠣᠳᠣᠬᠠᠨ ᠪᠤᠯᠲᠠᠯ᠎ᠠ᠂ ᠡ᠊ᠨᠳᠡᠯ ᠳᠤ 3 ᠬᠥᠮᠥᠨ ᠡ᠊ᠨᠳᠡᠵᠦ᠂ 60 ᠬᠥᠮᠥᠨ ᠢ ᠡᠮᠨᠡᠯᠭᠡ ᠳᠤ ᠬᠦᠷᠭᠡᠨ ᠠᠪᠤᠷᠠᠨ ᠡᠮᠨᠡᠵᠦ᠂ 14 ᠬᠥᠮᠥᠨ ᠢ ᠶᠠᠭ ᠡᠷᠢᠨ ᠠᠪᠤᠷᠠᠵᠤ ᠪᠠᠶᠢᠨ᠎ᠠ᠃       ᠡ᠊ᠨᠳᠡᠯ ᠡᠭᠦᠰᠦᠭᠰᠡᠨ ᠤ ᠳᠠᠷᠠᠭ᠎ᠠ᠂ ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠳᠡᠭᠡᠳᠦ ᠬᠡᠮᠵᠢᠶ᠎ᠡ ᠪᠠᠷ ᠴᠢᠬᠤᠯᠠᠴᠢᠯᠠᠬᠤ ᠶᠢᠨ ᠬᠠᠮᠲᠤ ᠴᠢᠬᠤᠯᠠ ᠵᠢᠭᠠᠪᠤᠷᠢ ᠥᠭᠴᠦ᠂ ᠭᠦᠢᠵᠧᠦ ᠶᠢᠨ ᠪᠢ ᠵᠢᠶᠧ ᠬᠤᠳᠠ ᠶᠢᠨ ᠴᠢᠶᠠᠨ ᠰᠢ ᠬᠤᠳᠠ ᠶᠢᠨ ᠨᠢᠭᠡᠨ ᠦᠵᠡᠮᠵᠢ ᠶᠢᠨ ᠣᠷᠣᠨ ᠳᠤ ᠵᠢᠭᠤᠯᠴᠢᠯᠠᠯ ᠤᠨ ᠣᠩᠭᠤᠴᠠ ᠬᠥᠷᠪᠡᠭᠰᠡᠨ ᠡ᠊ᠨᠳᠡᠯ ᠭᠠᠷᠪᠠ᠂ ᠠᠷᠭ᠎ᠠ ᠪᠦᠭᠦᠨ ᠢ ᠰᠦᠪᠡᠭᠴᠢᠯᠡᠨ ᠤᠰᠤᠨ ᠳᠤ ᠤᠨᠠᠭᠰᠠᠨ ᠬᠥᠮᠥᠰ ᠢ ᠡᠷᠢᠨ ᠠᠪᠤᠷᠠᠵᠤ᠂ ᠪᠦᠭᠦ ᠬᠦᠴᠦᠨ ᠢᠶᠠᠷ ᠢᠶᠠᠨ ᠰᠢᠷᠬᠠᠲᠤᠭᠰᠠᠳ ᠢ ᠠᠪᠤᠷᠠᠨ ᠡᠮᠨᠡᠵᠦ᠂ ᠡ᠊ᠨᠳᠡᠭᠰᠡᠳ ᠤᠨ ᠬᠤᠶᠢᠲᠤᠬᠢ ᠶᠠᠪᠤᠳᠠᠯ ᠵᠢᠴᠢ ᠭᠡᠷ ᠪᠦᠯᠢ ᠶᠢᠨ ᠬᠢᠨ ᠢ ᠲᠣᠬᠤᠨᠢᠭᠤᠯᠬᠤ ᠵᠡᠷᠭᠡ ᠠᠵᠢᠯ ᠢ ᠲᠣᠬᠢᠲᠠᠢ ᠰᠠᠶᠢᠲᠤᠷ ᠬᠢᠬᠦ ᠬᠡᠷᠡᠭᠲᠡᠢ ᠭᠡᠵᠦ ᠵᠢᠭᠠᠵᠤ ᠭᠠᠷᠭᠠᠪᠠ᠃       ᠰᠢ ᠶᠢᠨ ᠫᠢᠩ᠂ ᠣᠶᠢᠷ᠎ᠠ ᠶᠢᠨ ᠬᠤᠭᠤᠴᠠᠭᠠᠨ ᠳᠤ ᠵᠠᠷᠢᠮ ᠭᠠᠵᠠᠷ ᠲᠤ ᠵᠠᠯᠭᠠᠭ᠎ᠠ ᠪᠠᠷ ᠠᠮᠤᠷ ᠲᠦᠪᠰᠢᠨ ᠤ ᠡ᠊ᠨᠳᠡᠯ ᠭᠠᠷᠴᠤ ᠤᠯᠠᠨ ᠬᠥᠮᠥᠨ ᠦᠬᠦᠵᠦ ᠰᠢᠷᠬᠠᠲᠤᠪᠠ᠂ ᠡᠯ᠎ᠡ ᠭᠠᠵᠠᠷ ᠣᠷᠣᠨ ᠪᠣᠯᠣᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠭᠦᠨᠵᠡᠭᠡᠢ ᠰᠤᠷᠭᠠᠮᠵᠢ ᠠᠪᠴᠤ᠂ ᠠᠯᠮᠠᠶᠢᠷᠠᠬᠤ ᠦᠵᠡᠯ ᠰᠠᠨᠠᠭ᠎ᠠ ᠶᠢ ᠡᠷᠡᠰ ᠲᠡᠪᠴᠢᠵᠦ᠂ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠪᠣᠳᠠᠲᠠᠶᠢᠵᠢᠭᠤᠯᠵᠤ᠂ ᠵᠢᠭᠤᠯᠴᠢᠯᠠᠯ ᠤᠨ ᠦᠵᠡᠮᠵᠢ ᠶᠢᠨ ᠣᠷᠣᠨ᠂ ᠲᠣᠮᠣ ᠭᠡᠯᠪᠡᠷᠢ ᠶᠢᠨ ᠤᠯᠠᠨ ᠨᠡᠶᠢᠲᠡ ᠶᠢᠨ ᠲᠠᠯᠠᠪᠤᠷ᠂ ᠰᠠᠭᠤᠭᠠᠯᠢ ᠠᠷᠠᠳ ᠤᠨ ᠲᠣᠭᠤᠷᠢᠭ᠂ ᠡᠷᠭᠢᠵᠦ ᠬᠠᠷᠢᠬᠤ ᠵᠠᠮ ᠬᠠᠷᠢᠯᠴᠠᠭ᠎ᠠ ᠵᠡᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠠᠮᠤᠷ ᠲᠦᠪᠰᠢᠨ ᠤ ᠠᠷᠭ᠎ᠠ ᠬᠡᠮᠵᠢᠶ᠎ᠡ ᠶᠢ ᠴᠢᠩᠭᠠᠳᠬᠠᠵᠤ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠬᠦᠨᠳᠦ ᠣᠨᠴᠠ ᠶᠡᠭᠡ ᠠᠮᠤᠷ ᠲᠦᠪᠰᠢᠨ ᠤ ᠡ᠊ᠨᠳᠡᠯ ᠤᠯᠠᠨ ᠡᠭᠦᠰᠬᠦ ᠬᠠᠨᠳᠤᠰᠢ ᠶᠢ ᠡᠷᠡᠰ ᠬᠤᠷᠢᠭᠯᠠᠬᠤ ᠬᠡᠷᠡᠭᠲᠡᠢ ᠭᠡᠵᠦ ᠴᠢᠬᠤᠯᠠᠴᠢᠯᠠᠪᠠ᠃       ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠶᠡᠷᠦᠩᠬᠡᠢ ᠰᠠᠶᠢᠳ ᠯᠢ ᠴᠢᠶᠠᠩ ᠴᠣᠬᠤᠯᠠᠪᠤᠷᠢ ᠥᠭᠴᠦ᠂ ᠬᠠᠷᠢᠯᠴᠠᠭ᠎ᠠ ᠲᠠᠰᠤᠷᠠᠬᠰᠠᠨ ᠬᠥᠮᠥᠰ ᠢ ᠪᠦᠭᠦ ᠬᠦᠴᠦᠨ ᠢᠶᠠᠷ ᠢᠶᠠᠨ ᠡᠷᠢᠨ ᠠᠪᠤᠷᠠᠵᠤ᠂ ᠰᠢᠷᠬᠠᠲᠤᠭᠰᠠᠳ ᠢ ᠠᠪᠤᠷᠠᠨ ᠡᠮᠨᠡᠵᠦ᠂ ᠭᠡᠷ ᠪᠦᠯᠢ ᠶᠢᠨ ᠬᠢᠨ ᠢ ᠲᠣᠬᠤᠨᠢᠭᠤᠯᠬᠤ᠂ ᠬᠤᠶᠢᠲᠤᠬᠢ ᠶᠠᠪᠤᠳᠠᠯ ᠢ ᠰᠢᠢᠳᠪᠦᠷᠢᠯᠡᠬᠦ ᠪᠠ ᠡ᠊ᠨᠳᠡᠯ ᠢ ᠪᠠᠶᠢᠴᠠᠭᠠᠨ ᠰᠢᠢᠳᠪᠦᠷᠢᠯᠡᠬᠦ ᠵᠡᠷᠭᠡ ᠠᠵᠢᠯ ᠢ ᠦᠨᠡᠨ ᠬᠦ ᠰᠠᠶᠢᠲᠤᠷ ᠬᠢᠬᠦ ᠬᠡᠷᠡᠭᠲᠡᠢ᠃ ︽5 · 1︾ ᠤ ᠠᠮᠠᠷᠠᠯᠲᠠ ᠰᠢᠪᠲᠤᠷᠠᠭᠠᠨ ᠳᠠᠭᠠᠨ ᠣᠷᠣᠵᠠᠢ᠂ ᠡᠯ᠎ᠡ ᠭᠠᠵᠠᠷ ᠡᠯ᠎ᠡ ᠬᠤᠯᠪᠣᠭᠳᠠᠯ ᠪᠦᠬᠦᠢ ᠲᠠᠯ᠎ᠠ ᠶᠢᠨ ᠬᠢᠨ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠪᠠ ᠠᠮᠤᠷ ᠲᠦᠪᠰᠢᠨ ᠤ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠶᠢ ᠤᠯᠠᠮ ᠨᠢᠭᠡ ᠠᠯᠬᠤᠮ ᠱᠠᠯᠠᠪᠳᠠᠭᠤᠯᠤᠨ ᠵᠢᠯᠤᠭᠤᠳᠴᠤ᠂ ᠭᠤᠣᠯᠳᠠᠯᠭ᠎ᠠ ᠲᠠᠢ ᠲᠠᠯᠠᠪᠤᠷ ᠭᠠᠵᠠᠷ᠂ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠶᠢ ᠲᠣᠪᠤᠶᠢᠯᠭᠠᠨ᠂ ᠠᠶᠤᠯ ᠲᠦᠭᠰᠢᠭᠦᠷᠢ ᠶᠢᠨ ᠭᠡᠮ ᠰᠣᠭᠤᠭ ᠢ ᠪᠦᠭᠦ ᠲᠠᠯ᠎ᠠ ᠪᠠᠷ ᠵᠢᠭᠰᠠᠭᠠᠨ ᠪᠠᠶᠢᠴᠠᠭᠠᠵᠤ ᠠᠷᠢᠯᠭᠠᠨ᠂ ᠡᠯ᠎ᠡ ᠲᠦᠷᠦᠯ ᠤᠨ ᠬᠦᠨᠳᠦ ᠣᠨᠴᠠ ᠶᠡᠭᠡ ᠡ᠊ᠨᠳᠡᠯ ᠭᠠᠷᠬᠤ ᠶᠢ ᠡᠷᠡᠰ ᠰᠡᠷᠭᠡᠶᠢᠯᠡᠨ ᠬᠤᠷᠢᠭᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃       ᠰᠢ ᠶᠢᠨ ᠫᠢᠩ ᠤᠨ ᠴᠢᠬᠤᠯᠠ ᠵᠢᠭᠠᠪᠤᠷᠢ ᠪᠣᠯᠣᠨ ᠯᠢ ᠴᠢᠶᠠᠩ ᠤᠨ ᠱᠠᠭᠠᠷᠳᠠᠯᠭ᠎ᠠ ᠶᠢ ᠦᠨᠳᠦᠰᠦᠯᠡᠨ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ ᠭᠡᠰᠢᠭᠦᠨ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠳᠡᠳ᠋ ᠶᠡᠷᠦᠩᠬᠡᠢ ᠰᠠᠶᠢᠳ ᠵᠠᠩ ᠭᠦᠸᠧ ᠴᠢᠩ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠢ ᠳᠠᠭᠠᠭᠤᠯᠤᠨ ᠲᠤᠬᠠᠢ ᠶᠢᠨ ᠲᠠᠯᠠᠪᠠᠢ ᠳᠤ ᠬᠦᠷᠴᠦ ᠠᠪᠤᠷᠠᠨ ᠲᠤᠰᠠᠯᠠᠵᠤ ᠰᠢᠢᠳᠪᠦᠷᠢᠯᠡᠬᠦ ᠠᠵᠢᠯ ᠢ ᠵᠢᠭᠠᠨ ᠵᠢᠯᠣᠭᠤᠳᠪᠠ᠃ ᠭᠦᠢᠵᠧᠦ ᠮᠤᠵᠢ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠭᠤᠣᠯ ᠬᠠᠷᠢᠭᠤᠴᠠᠯᠭᠠᠲᠠᠨ ᠨᠥᠬᠦᠳ ᠨᠢᠭᠡᠨᠲᠡ ᠲᠤᠬᠠᠢ ᠶᠢᠨ ᠲᠠᠯᠠᠪᠠᠢ ᠳᠤ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠠᠵᠢᠯ ᠢ ᠵᠢᠯᠤᠭᠤᠳᠴᠤ᠂ ᠭᠦᠢᠵᠧᠦ ᠮᠤᠵᠢ᠂ ᠪᠢ ᠵᠢᠶᠧ ᠬᠤᠳᠠ ᠶᠢᠨ ᠬᠢᠨ ᠲᠤᠬᠠᠢ ᠶᠢᠨ ᠲᠠᠯᠠᠪᠠᠢ ᠳᠤ ᠡᠷᠢᠵᠦ ᠠᠪᠤᠷᠠᠬᠤ᠂ ᠰᠢᠷᠬᠠᠲᠤᠭᠰᠠᠳ ᠢ ᠠᠪᠤᠷᠠᠨ ᠡᠮᠨᠡᠬᠦ ᠵᠡᠷᠭᠡ ᠠᠵᠢᠯ ᠢ ᠪᠦᠭᠦ ᠬᠦᠴᠦ ᠪᠠᠷ ᠢᠶᠠᠨ ᠰᠠᠶᠢᠲᠤᠷ ᠬᠢᠵᠦ ᠪᠠᠶᠢᠨ᠎ᠠ᠃ ᠣᠳᠣᠬᠠᠨ ᠳᠤ ᠬᠤᠯᠪᠣᠭᠳᠠᠯ ᠪᠦᠬᠦᠢ ᠠᠵᠢᠯ ᠶᠠᠭ ᠶᠠᠪᠤᠭᠳᠠᠵᠤ ᠪᠤᠢ᠃   
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号