ᠵᠠᠯᠠᠶᠢᠳ ᠬᠤᠰᠢᠭᠤ ᠣᠢ ᠶᠢᠨ ᠵᠢᠮᠢᠰ ᠤᠨ ᠠᠵᠤ ᠦᠢᠯᠡᠰ ᠢ ᠬᠦᠭᠵᠢᠬᠦᠯᠵᠤ ᠠᠷᠠᠳ ᠤᠯᠠᠨ ᠤ ᠤᠷᠤᠯᠭ᠎ᠠ ᠎ ᠶᠢ ᠨᠡᠮᠡᠭᠳᠡᠬᠦᠯᠤᠨ᠎ᠠ
ᠨᠡᠶᠢᠲᠡᠯᠡᠭᠰᠡᠨ ᠴᠠᠭ᠄
2025/5/8
    ᠤᠢᠢᠷ᠎ᠠ ᠶᠢᠨ ᠵᠢᠯ ᠠᠴᠠ ᠨᠠᠰᠢ᠂ ᠵᠠᠯᠠᠶᠢᠳ ᠬᠤᠰᠢᠭᠤ ᠨᠣᠭᠤᠭᠠᠷᠠᠭᠤᠯᠤᠯᠲᠠ ᠶᠢ ᠥᠷᠭᠡᠳᠬᠡᠬᠦ᠂ ᠨᠣᠭᠤᠭᠠᠷᠠᠭᠤᠯᠤᠯᠲᠠ ᠶᠢ ᠬᠥᠭᠵᠢᠭᠦᠯᠬᠦ᠂ ᠨᠣᠭᠤᠭᠠᠷᠠᠭᠤᠯᠤᠯᠲᠠ ᠶᠢ ᠬᠠᠮᠠᠭᠠᠯᠠᠬᠤ ︽ᠭᠤᠷᠪᠠᠨ ᠨᠤᠭᠤᠭᠠᠷᠠᠭᠤᠯᠤᠯᠳᠠ︾᠎ ᠶᠢ ᠵᠡᠷᠭᠡᠪᠡᠷ    ᠴᠢᠩᠭᠠᠳᠬᠠᠬᠤ ᠶᠢ ᠪᠠᠷᠢᠮᠲᠠᠯᠠᠵᠤ᠂ ︽ᠠᠵᠤ ᠦᠢᠯᠡᠰ ᠤᠨ ᠠᠮᠢ ᠠᠬᠤᠢᠢᠵᠢᠯᠳᠠ᠂ ᠠᠮᠢ ᠠᠬᠤᠢ ᠶᠢᠨ ᠠᠵᠤ ᠦᠢᠯᠡᠰᠵᠢᠯᠳᠡ︾᠎ ᠶᠢᠨ ᠬᠥᠭᠵᠢᠯᠲᠡ ᠶᠢᠨ ᠣᠶᠢᠯᠠᠭᠠᠭᠳᠠᠬᠤᠨ ᠢᠶᠠᠷ ᠰᠢᠳ ᠬᠦᠢᠯᠡᠰᠤ ᠶᠢᠨ ᠠᠵᠤ ᠦᠢᠯᠡᠰ ᠢ ᠶᠡᠬᠡᠪᠡᠷ ᠬᠥᠭᠵᠢᠭᠦᠯᠵᠦ᠂ ᠬᠥᠬᠡᠮᠳᠦᠭ ᠨᠤᠭᠤᠭᠠᠨ ᠠᠭᠤᠯᠠ ᠤᠰᠤ ᠪᠤᠯ ᠲᠠᠷᠤᠢ ᠠᠯᠳᠠ ᠮᠥᠩᠭᠦᠨ ᠠᠭᠤᠯᠠ ᠮᠦᠨ ᠭᠡᠬᠦ ᠦᠵᠡᠯ ᠰᠠᠨᠠᠭ᠎ᠠ ᠶᠢ ᠪᠤᠢ ᠪᠤᠯᠭᠠᠵᠤ᠂ ᠨᠤᠭᠤᠭᠠᠷᠠᠭᠤᠯᠬᠤ ᠪᠠ ᠪᠠᠶᠠᠵᠢᠭᠤᠯᠬᠤ ᠶᠢ ᠵᠡᠷᠭᠡᠪᠡᠷ ᠡᠷᠬᠢᠮᠯᠡᠬᠦ ᠶᠢ ᠠᠬᠢᠭᠤᠯᠵᠤ᠂ ᠠᠮᠢ ᠠᠬᠤᠢ ᠶᠢᠨ ᠭᠤᠶᠤ ᠰᠠᠶᠢᠬᠠᠨ ᠬᠢᠭᠡᠳ ᠠᠷᠠᠳ ᠤᠯᠠᠨ ᠤ ᠪᠠᠶᠠᠨ ᠴᠢᠨᠡᠭᠡᠯᠢᠭ ᠤᠨ ᠣᠷᠭᠠᠨᠢᠭ ᠨᠢᠭᠡᠳᠦᠯ ᠢ ᠪᠡᠶᠡᠯᠡᠭᠦᠯᠵᠤ ᠪᠤᠢ᠃     ᠰᠤᠷᠪᠤᠯᠵᠢᠯᠠᠭᠴᠢ ᠤᠶᠢᠷ᠎ᠠ ᠳᠤ᠂ ᠵᠠᠯᠠᠶᠢᠳ ᠬᠤᠰᠢᠭᠤᠨ ᠤ ᠬᠦᠷᠡᠯ ᠪᠠᠯᠭᠠᠰᠤ ᠶᠢᠨ ᠮᠠᠨᠳᠣᠯᠲᠤ ᠭᠠᠴᠠᠭᠠᠨ ᠤ ᠮᠧᠩ ᠵᠧᠨ ᠲᠠᠷᠢᠮᠠᠯ ᠤᠨ ᠰᠠᠭᠤᠷᠢᠨ ᠢᠶᠠᠷ ᠬᠦᠷᠬᠦ ᠳᠤ᠂ ᠰᠠᠶ᠋ᠢᠬᠠᠨ ᠤᠷᠪᠠᠭᠤᠯᠤᠭᠰᠠᠨ ᠭᠠᠵᠠᠷ ᠲᠡᠭᠡᠷ᠎ᠠ ᠠᠵᠢᠯᠴᠢᠳ ᠶᠠᠭ ᠰᠢᠳ ᠬᠦᠢᠯᠡᠰᠤ ᠶᠢᠨ ᠰᠢᠨ᠎ᠡ ᠴᠢᠬᠢ ᠰᠠᠭᠤᠯᠭᠠᠬᠤ ᠪᠠᠷ ᠶᠠᠭᠠᠷᠠᠯᠳᠤᠵᠤ ᠪᠠᠶᠢᠯ᠎ᠠ᠃ ᠡᠨᠡ ᠵᠢᠯ᠂ ᠵᠠᠯᠠᠶᠢᠳ ᠬᠤᠰᠢᠭᠤ ᠣᠳᠣ ᠶᠢᠨ ᠪᠠᠶᠢᠭ᠎ᠠ ᠰᠢᠳ ᠤᠨ ᠰᠠᠭᠤᠷᠢᠨ ᠭᠠᠵᠠᠷ ᠤᠨ ᠰᠠᠭᠤᠷᠢᠨ ᠳᠡᠭᠡᠷ᠎ᠡ᠂ ᠬᠦᠷᠡᠯ ᠪᠠᠯᠭᠠᠰᠤᠨ ᠤ ᠮᠠᠨᠳᠣᠯᠲᠤ ᠭᠠᠴᠠᠭᠠᠨ ᠳᠤ ᠰᠢᠳ ᠭᠦᠢᠯᠡᠰᠤ ᠶᠢᠨ ᠵᠢᠱᠢᠶ᠎ᠡ ᠦᠵᠡᠭᠦᠯᠬᠦ ᠬᠦᠷᠢᠶᠡᠯᠡᠩ ᠢ ᠪᠠᠬᠢᠵᠢᠭᠦᠯᠦᠨ ᠳᠡᠭᠡᠭᠰᠢᠯᠡᠭᠦᠯᠬᠦ ᠲᠦᠷᠤᠯ ᠵᠤᠶᠢᠯ ᠢ ᠦᠷᠨᠢᠬᠦᠯᠵᠤ᠂ ᠨᠥᠯᠥᠭᠡᠯᠡᠨ ᠳᠠᠶᠢᠴᠢᠯᠠᠬᠤ ᠴᠢᠳᠠᠪᠤᠷᠢ ᠪᠠᠨ ᠤᠯᠠᠮ ᠨᠢᠭᠡ ᠠᠯᠬᠤᠮ  ᠴᠢᠩᠭᠠᠷᠠᠭᠤᠯᠪᠠ᠃    ᠤᠢᠢᠷ᠎ᠠ ᠶᠢᠨ ᠵᠢᠯ ᠠᠴᠠ ᠨᠠᠰᠢ᠂ ᠵᠠᠯᠠᠶᠢᠳ ᠬᠤᠰᠢᠭᠤ ᠠᠮᠢ ᠠᠬᠤᠢ ᠶᠢᠨ ᠦᠷ᠎ᠡ ᠠᠰᠢᠭ᠂ ᠠᠵᠤ ᠠᠬᠤᠢ ᠶᠢᠨ ᠦᠷ᠎ᠡ ᠠᠰᠢᠭ ᠤᠨ ᠬᠤᠣᠰ ᠢᠯᠠᠯᠲᠠ ᠣᠯᠤᠭᠰᠠᠨ ᠰᠢᠳ ᠭᠦᠢᠯᠡᠰᠤ ᠶᠢᠨ ᠠᠵᠤ ᠠᠬᠤᠢ ᠶᠢᠨ ᠤᠢ ᠶᠢ ᠪᠣᠬᠢᠷᠲᠤᠯ ᠦᠭᠡᠢ ᠬᠥᠭᠵᠢᠯᠲᠡ ᠪᠠ ᠭᠠᠴᠠᠭ᠎ᠠ ᠲᠣᠰᠬᠤᠨ ᠢᠶᠠᠨ ᠬᠦᠴᠦᠷᠬᠡᠭᠵᠢᠭᠦᠯᠦᠨ ᠠᠷᠠᠳ ᠢᠶᠠᠨ ᠪᠠᠶᠠᠵᠢᠭᠤᠯᠬᠤ ᠴᠢᠬᠤᠯᠠ ᠰᠢᠪᠲᠤᠯᠤᠯᠲᠠ ᠶᠢᠨ ᠴᠡᠭ ᠪᠣᠯᠭᠠᠵᠤ᠂ ᠰᠢᠳ ᠭᠦᠢᠯᠡᠰᠤ ᠶᠢᠨ ᠪᠦᠬᠦ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢᠨ ᠰᠢᠰᠲ᠋ᠧᠮ ᠢ ᠪᠠᠶᠢᠭᠤᠯᠵᠤ᠂ ᠰᠢᠳ ᠭᠦᠢᠯᠡᠰᠤ ᠶᠢᠨ ᠲᠤᠰᠤ᠂  ᠰᠢᠳ ᠭᠦᠢᠯᠡᠰᠤ ᠶᠢᠨ ᠡᠭᠡᠳᠡᠩ ᠵᠡᠷᠭᠡ ᠰᠢᠷᠢᠰ ᠪᠦᠳᠤᠭᠡᠭᠳᠡᠬᠦᠨ ᠢ ᠲᠡᠯᠭᠡᠷᠡᠬᠦᠯᠵᠤ᠂  ᠠᠵᠤ ᠤᠶᠢᠯᠡᠰ ᠤᠨ ᠬᠡᠯᠬᠢᠶ᠎ᠡ ᠶᠢᠨ ᠲᠠᠭᠠᠭᠠᠴᠠ ᠪᠠ ᠨᠡᠮᠡᠯᠳᠡ ᠦᠷᠳᠡᠭ ᠢ ᠲᠠᠰᠤᠷᠠᠯᠳᠠ ᠦᠭᠡᠢ ᠲᠡᠭᠡᠭᠰᠢᠯᠡᠬᠦᠯᠵᠤ᠂ ᠠᠮᠢ ᠠᠬᠤᠢ ᠶᠢᠨ ᠦᠷ᠎ᠠ ᠠᠰᠢᠭ ᠪᠠ ᠠᠵᠤ ᠠᠬᠤᠢ ᠶᠢᠨ ᠦᠷ᠎ᠡ ᠠᠰᠢᠭ ᠢ ᠬᠤᠤᠰᠯᠠᠭᠤᠯᠤᠭᠰᠠᠨ ᠵᠠᠮ ᠢᠶᠠᠷ ᠵᠠᠮᠨᠠᠵᠤ ᠪᠤᠢ᠃ ᠣᠳᠣᠬᠠᠨ ᠪᠣᠯᠲᠠᠯ᠎ᠠ᠂ ᠪᠥᠬᠦ ᠬᠤᠰᠢᠭᠤᠨ ᠳᠤ ᠰᠢᠳ ᠳᠠᠷᠢᠬᠤ ᠲᠠᠯᠠᠪᠠᠶ ᠶᠢ ᠨᠡᠶᠢᠲᠡ 4 ᠲᠦᠮᠡᠨ ᠮᠥ ᠳᠡᠯᠭᠡᠷᠡᠭᠦᠯᠵᠦ᠂ ᠣᠳᠣᠬᠠᠨ ᠳᠤ ᠨᠢᠭᠡᠨᠲᠡ 3500 ᠮᠥ ᠨᠢ ᠡᠯᠪᠡᠭ ᠬᠤᠷᠢᠶᠠᠯᠲᠠ ᠶᠢᠨ ᠬᠤᠭᠤᠴᠠᠭᠠᠨ ᠳᠠᠭᠠᠨ ᠣᠷᠣᠵᠤ᠂ ᠵᠢᠱᠢᠯᠲᠡ ᠪᠠᠷ ᠡᠨᠡ ᠵᠢᠯ ᠤᠨ ᠤᠨᠠᠯᠲᠠ 100 ᠲᠦᠮᠡᠨ ᠵᠢᠩ ᠳᠤ ᠬᠦᠷᠴᠦ᠂ ᠵᠢᠱᠢᠯᠲᠡ ᠪᠠᠷ ᠦᠢᠯᠡᠳᠬᠦᠨ ᠤ ᠥᠷᠲᠡᠭ ᠨᠢ 1200 ᠲᠦᠮᠡᠨ ᠲᠥᠭᠦᠷᠢᠭ ᠲᠤ ᠬᠦᠷᠬᠦ ᠪᠣᠯᠤᠨ᠎ᠠ᠃
 
ᠢᠷᠡᠯᠲᠡ᠄ ᠵᠠᠯᠠᠶᠢᠳ ᠤᠨ ᠸᠢᠴᠠᠲ ᠮᠡᠳᠡᠭᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号