| ᠤᠶᠢᠷ᠎ᠠ ᠶᠢᠨ ᠬᠡᠳᠦᠨ ᠡᠳᠦᠷ ᠤᠨ ᠲᠤᠷᠰᠢ᠂ ᠵᠠᠯᠠᠶᠢᠳ ᠬᠤᠰᠢᠭᠤᠨ ᠤ ᠬᠤᠯᠪᠣᠭ᠎ᠠ ᠪᠠᠯᠭᠠᠰᠤ ᠶᠢᠨ ᠪᠤᠤ | ᠴᠢᠤᠸᠠᠨ ᠲᠤᠰᠬᠤᠨ ᠤ ᠠᠷᠠᠳ ᠵᠢᠮᠢᠰ ᠤᠨ ᠣᠢ ᠳᠠᠭᠠᠨ ᠴᠠᠨ᠎ᠠ ᠴᠡᠴᠡᠭ ᠲᠠᠷᠢᠵᠤ ᠡᠬᠢᠯᠡᠵᠠᠢ᠃ ᠡᠨᠡ ᠨᠢ ᠳᠠᠩ | ᠭᠠᠭᠴᠠ ᠵᠢᠮᠢᠰ ᠤᠨ ᠮᠤᠳᠤᠨ ᠤ ᠲᠠᠷᠢᠮᠠᠯ ᠢ ︽ᠤᠢ ᠰᠢᠭᠤᠢ ᠡᠪᠡᠰᠤᠨ ᠡᠮ ᠠᠶᠠᠯᠠᠯ ᠵᠢᠭᠤᠯᠴᠢᠯᠠᠯ︾ ᠭᠡᠬᠦ ᠭᠤᠷᠪᠠᠨ | ᠠᠵᠤ ᠦᠢᠯᠡᠰ ᠢ ᠠᠭᠤᠰᠤᠯᠴᠠᠭᠤᠯᠬᠤ ᠰᠢᠨ᠎ᠠ ᠶᠢ ᠡᠭᠦᠳᠬᠦ ᠵᠠᠭᠪᠤᠷ ᠪᠤᠯᠳᠠᠯ᠎ᠠ ᠤᠷᠳᠤᠳᠬᠠᠵᠤ᠂ ᠭᠠᠵᠠᠷ ᠰᠢᠷᠤᠢ ᠶᠢᠨ | ᠡᠬᠢ ᠪᠠᠶᠠᠯᠢᠭ ᠢ ᠪᠦᠲᠦᠮᠵᠢᠲᠡᠢ ᠠᠮᠢᠯᠠᠭᠤᠯᠵᠤ᠂ ᠬᠥᠳᠡᠭᠡ ᠲᠤᠰᠬᠤᠨ ᠢ ᠬᠥᠭᠵᠢᠭᠦᠯᠦᠨ ᠮᠠᠨᠳᠤᠭᠤᠯᠬᠤ ᠳᠤ ᠰᠢᠨ᠎ᠠ | ᠠᠮᠢᠵᠢᠷᠠᠯ ᠤᠨ ᠬᠦᠴᠦᠨ ᠨᠡᠮᠡᠷᠢᠯᠡᠪᠡ᠃ | ᠵᠠᠯᠠᠶᠢᠳ ᠬᠤᠰᠢᠭᠤᠨ ᠤ ᠬᠤᠯᠪᠣᠭ᠎ᠠ ᠪᠠᠯᠭᠠᠰᠤ ᠶᠢᠨ ᠪᠦᠦ ᠴᠢᠤᠸᠠᠨ ᠲᠣᠰᠬᠤᠨ ᠤ 120 ᠮᠦ ᠬᠠᠮᠲᠤ ᠶᠢᠨ | ᠵᠢᠮᠢᠰ ᠤᠨ ᠬᠦᠷᠢᠶᠡᠯᠡᠩ ᠳᠤ᠂ 40 ᠭᠠᠷᠤᠢ ᠲᠣᠰᠬᠤᠨ ᠤ ᠠᠷᠠᠳ ᠴᠠᠨ᠎ᠠ ᠴᠡᠴᠡᠭ ᠤᠨ ᠴᠢᠬᠢ ᠲᠠᠷᠢᠵᠤ ᠪᠠᠶᠢᠯ᠎ᠠ᠃ | ᠨᠦᠬᠡ ᠮᠠᠯᠳᠠᠵᠤ᠂ ᠴᠢᠬᠢ ᠰᠠᠭᠤᠯᠭᠠᠨ᠂ ᠰᠢᠷᠣᠢ ᠳᠠᠷᠤᠨ᠎ᠠ ᠁ ᠤᠯᠠᠨ ᠢᠶᠠᠷ ᠢᠶᠠᠨ ᠠᠵᠢᠯ ᠢᠶᠠᠨ ᠬᠤᠪᠢᠶᠠᠷᠢᠯᠠᠨ | ᠬᠠᠮᠵᠢᠯᠴᠠᠵᠤ᠂ ᠲᠤᠩ ᠶᠠᠭᠠᠷᠠᠯᠲᠠᠢ ᠠᠵᠢᠯᠯᠠᠵᠠᠭᠠᠨ᠎ᠠ᠃ | ᠬᠤᠯᠪᠣᠭ᠎ᠠ ᠪᠠᠯᠭᠠᠰᠤ ᠶᠢᠨ ᠪᠦᠦ ᠴᠢᠤᠸᠠᠨ ᠲᠣᠰᠬᠤᠨ ᠣᠯᠠᠨ ᠲᠠᠯ᠎ᠠ ᠶᠢᠨ ᠰᠢᠨᠵᠢᠯᠡᠨ ᠪᠠᠶᠢᠴᠠᠭᠠᠯᠲᠠ ᠪᠠᠷ | ᠳᠡᠮᠵᠢᠨ᠂ ᠵᠢᠮᠢᠰ ᠤᠨ ᠮᠣᠳᠣᠨ ᠤ ᠤᠷᠭᠤᠯᠲᠠ ᠶᠢᠨ ᠦᠶᠡᠯᠡᠯ ᠤᠨ ᠬᠤᠭᠤᠴᠠᠭ᠎ᠠ ᠨᠢ ᠣᠷᠳᠣ᠂ ᠴᠠᠨ᠎ᠠ ᠴᠡᠴᠡᠭ ᠢ 3 | ᠵᠢᠯ ᠳᠤ ᠬᠤᠷᠢᠶᠠᠨ ᠠᠪᠴᠤ ᠪᠣᠯᠤᠨ᠎ᠠ᠂ ᠬᠤᠶᠠᠭᠤᠯᠠ ᠪᠠᠨ ᠬᠡᠷᠡᠯ ᠤᠨ ᠲᠤᠰᠤᠯᠲᠠ᠂ ᠤᠰᠤ ᠪᠣᠷᠳᠣᠭᠤᠷ ᠤᠨ | ᠬᠡᠷᠡᠭᠴᠡᠭᠡ ᠶᠢᠨ ᠲᠠᠯ᠎ᠠ ᠪᠠᠷ ᠬᠠᠷᠢᠯᠴᠠᠨ ᠨᠥᠬᠦᠪᠥᠷᠢᠯᠡᠵᠦ᠂ ᠡᠶᠢᠮᠦᠷᠬᠦ ᠵᠢᠮᠢᠰ ᠤᠨ ᠣᠶ ᠶᠢᠨ ᠡᠮ ᠤᠨ ᠲᠠᠷᠢᠯᠭ᠎ᠠ ᠶᠢᠨ | ᠵᠠᠭᠪᠤᠷ ᠨᠢ ︽ᠨᠢᠭᠡ ᠭᠠᠵᠠᠷ ᠲᠤ ᠬᠤᠤᠰ ᠤᠷᠤᠯᠭ᠎ᠠ ᠤᠯᠬᠤ︾ ᠶᠢ ᠪᠦᠲᠦᠮᠵᠢᠲᠡᠶ ᠪᠡᠶᠡᠯᠡᠭᠦᠯᠪᠡ᠃ ᠣᠳᠣᠬᠠᠨ ᠤ | ᠵᠠᠬ᠎ᠠ ᠳᠡᠯᠭᠡᠭᠦᠷ ᠤᠨ ᠦᠨ᠎ᠡ ᠬᠠᠩᠰᠢ ᠶᠢᠨ ᠲᠥᠰᠦᠪ ᠢᠶᠠᠷ᠂ ᠲᠤᠬᠠᠶ ᠶᠢᠨ ᠦᠶ᠎ᠡ ᠳᠤ ᠴᠠᠨ᠎ᠠ ᠴᠡᠴᠡᠭ ᠤᠨ ᠮᠥ | ᠪᠦᠷᠢ ᠶᠢᠨ ᠣᠷᠣᠯᠭ᠎ᠠ ᠨᠢ 6000 ᠲᠥᠭᠦᠷᠢᠭ ᠨᠡᠮᠡᠭᠳᠡᠵᠦ᠂ ᠵᠢᠯ ᠪᠦᠷᠢ ᠲᠣᠰᠬᠤᠨ ᠤ ᠬᠠᠮᠲᠤ ᠨᠡᠶᠢᠲᠡ ᠳᠤ 10 | ᠲᠦᠮᠡᠨ ᠲᠥᠭᠦᠷᠢᠭ ᠤᠨ ᠣᠷᠣᠯᠭ᠎ᠠ ᠡᠬᠦᠳᠬᠦ ᠶᠢᠨ ᠬᠠᠮᠲᠤ 50 ᠰᠢᠬᠠᠮ ᠡᠷᠦᠬᠡ ᠲᠣᠰᠬᠤᠨ ᠤ ᠠᠷᠠᠳ ᠢ | ᠳᠠᠶᠢᠴᠢᠯᠠᠨ ᠬᠡᠷ ᠤᠨ ᠡᠭᠦᠳᠡᠨ ᠲᠡᠭᠡᠷ᠎ᠡ ᠪᠠᠨ ᠲᠦᠷ ᠴᠠᠭ ᠤᠨ ᠬᠥᠯᠥᠰᠥᠨ ᠠᠵᠢᠯ ᠬᠢᠵᠦ ᠣᠷᠣᠯᠭ᠎ᠠ ᠶᠢ ᠨᠢ | ᠨᠡᠮᠡᠭᠳᠡᠭᠦᠯᠵᠤ ᠪᠤᠢ᠃ |