| ︽ᠤᠯᠤᠰ ᠲᠥᠷᠥ ᠶᠢ ᠬᠦᠴᠦᠷᠬᠡᠭᠵᠢᠭᠦᠯᠵᠦ ᠬᠡᠪ ᠴᠢᠨᠠᠷ ᠢ ᠳᠡᠭᠡᠭᠰᠢᠯᠡᠭᠦᠯᠦᠨ ᠬᠠᠷᠢᠭᠤᠴᠠᠯᠭ᠎ᠠ ᠡᠭᠦᠷᠭᠡᠯᠡᠬᠦ ᠶᠢ | ᠠᠬᠢᠭᠤᠯᠬᠤ︾ ᠡᠩᠨᠡᠭᠡ ᠶᠢ ᠴᠡᠭᠴᠡᠯᠡᠬᠦ ᠲᠤᠰᠬᠠᠶ ᠠᠵᠢᠯᠯᠠᠭ᠎ᠠ ᠶᠢ ᠭᠦᠨᠵᠡᠭᠡᠶ ᠠᠬᠢᠭᠤᠯᠵᠤ᠂ ᠺᠠᠳ᠋ᠷ ᠴᠠᠬᠳᠠᠭᠠᠨ ᠤ | ᠠᠵᠢᠯ ᠮᠡᠷᠭᠡᠵᠢᠯ ᠤᠨ ᠬᠡᠪ ᠪᠣᠯᠪᠠᠰᠤᠷᠠᠯ ᠪᠠ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠬᠦ ᠪᠠᠷ ᠵᠤᠷᠢᠯᠭ᠎ᠠ | ᠪᠤᠯᠭᠠᠵᠦ᠂ ᠤᠶᠢᠷ᠎ᠠ ᠶᠢᠨ ᠡᠳᠦᠷ ᠵᠠᠯᠠᠶᠢᠳ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠴᠠᠭᠳᠠᠭᠠᠨ ᠤ | ᠶᠠᠪᠤᠳᠠᠯ ᠤᠨ ᠶᠣᠰᠣᠯᠠᠯ ᠤᠨ ᠪᠣᠯᠪᠠᠰᠤᠷᠠᠯ ᠤᠨ ᠠᠩᠭᠢ ᠥᠷᠨᠢᠭᠦᠯᠵᠦ᠂ ᠪᠥᠬᠦ ᠺᠠᠳ᠋ᠷ ᠴᠠᠭᠳᠠᠭᠠᠨ ᠳᠤ ᠨᠢᠬᠡ | ᠤᠳᠠᠭ᠎ᠠ ᠶᠢᠨ ᠬᠡᠷᠡᠭᠯᠡᠭᠡᠨ ᠤ ᠶᠣᠰᠣᠯᠠᠯ ᠤᠨ ᠬᠢᠴᠢᠶᠡᠯ ᠤᠷᠤᠪᠠ᠃ | ᠪᠣᠯᠪᠠᠰᠤᠷᠠᠯ ᠳᠤᠮᠳᠠ᠂ ᠰᠤᠷᠭᠠᠭᠴᠢ ᠠᠴᠠ ︽ᠶᠣᠰᠣᠯᠠᠯ︾ ᠤᠨ ᠦᠨᠳᠦᠰᠦᠨ ᠠᠭᠤᠯᠤᠭᠳᠠᠬᠤᠨ ᠢ ᠭᠦᠨᠵᠡᠭᠡᠶ | ᠪᠥᠭᠡᠳ ᠣᠶᠢᠯᠠᠭᠠᠮᠵᠢᠲᠠᠶ ᠲᠣᠳᠣᠷᠬᠠᠶᠢᠯᠠᠨ ᠥᠭᠦᠯᠡᠭᠰᠡᠨ ᠪᠥᠭᠡᠳ ᠳᠣᠲᠣᠭᠠᠳᠤ ᠶᠢ ᠬᠠᠮᠠᠭᠠᠯᠠᠬᠤ ᠠᠵᠢᠯ ᠤᠨ ᠠᠵᠢᠯ | ᠮᠡᠷᠭᠡᠵᠢᠯ ᠤᠨ ᠣᠨᠴᠠᠯᠢᠭ ᠲᠠᠢ ᠨᠢᠭᠲᠠ ᠤᠶᠠᠯᠳᠤᠭᠤᠯᠤᠨ᠂ ᠠᠮᠢᠳᠤᠯᠢᠭ ᠵᠢᠱᠢᠶ᠎ᠡ ᠦᠵᠡᠭᠦᠯᠬᠦ ᠵᠢᠭᠠᠨ ᠰᠤᠷᠭᠠᠯᠲᠠ ᠪᠠ | ᠦᠢᠯᠡᠳᠦᠯᠴᠡᠨ ᠰᠣᠯᠢᠯᠴᠠᠬᠤ ᠪᠠᠷ ᠳᠠᠮᠵᠢᠭᠤᠯᠤᠨ᠂ ᠳᠦᠷᠢ ᠲᠥᠷᠬᠦ ᠵᠢᠴᠢ ᠡᠯ᠎ᠡ ᠲᠥᠷᠥᠯ ᠤᠨ ᠶᠣᠰᠣᠯᠠᠯ ᠤᠨ ᠨᠠᠷᠢᠨ | ᠵᠦᠢᠯᠡᠰ ᠲᠤ ᠠᠩᠬᠠᠷᠤᠯ ᠢᠶᠠᠨ ᠲᠥᠪᠯᠡᠷᠡᠭᠦᠯᠵᠦ᠂ ᠠᠷᠠᠳ ᠤᠨ ᠴᠠᠭᠳᠠᠭ᠎ᠠ ᠶᠢᠨ ᠬᠤᠪᠢ ᠬᠥᠮᠦᠨ ᠤ ᠳᠦᠷᠢ | ᠲᠥᠷᠬᠦ ᠶᠢ ᠱᠤᠭᠤᠬᠤ᠂ ᠦᠢᠯᠡᠴᠢᠯᠡᠭᠡ ᠪᠠᠨ ᠵᠢᠷᠤᠮᠵᠢᠭᠤᠯᠬᠤ ᠵᠡᠷᠭᠡ ᠲᠠᠯ᠎ᠠ ᠪᠠᠷ ᠨᠠᠷᠢᠨ ᠨᠢᠮᠪᠠᠶ ᠲᠠᠶᠢᠯᠤᠮᠵᠢ ᠬᠢᠵᠡᠶ᠃ | ᠪᠤᠯᠪᠠᠰᠤᠷᠠᠯ ᠤᠨ ᠠᠭᠤᠯᠭ᠎ᠠ ᠶᠢ ᠪᠣᠳᠠᠲᠠᠶ ᠠᠵᠢᠯ ᠲᠠᠢ ᠨᠢᠭᠲᠠ ᠤᠶᠠᠯᠳᠤᠭᠤᠯᠤᠨ᠂ ᠨᠡᠶᠢᠳᠡ ᠶᠢᠨ ᠲᠠᠯᠠᠪᠤᠷ ᠲᠠᠬᠢ | ᠠᠯᠪᠠᠨ ᠶᠠᠪᠤᠳᠠᠯ ᠤᠨ ᠶᠣᠰᠣᠯᠠᠯ ᠤᠨ ᠲᠤᠬᠠᠶ ᠣᠶᠢᠯᠠᠭᠠᠯᠲᠠ ᠪᠠ ᠲᠠᠨᠢᠯᠲᠠ ᠶᠢ ᠭᠦᠨᠵᠡᠭᠡᠶᠢᠷᠡᠭᠦᠯᠦᠨ᠂ ᠠᠷᠠᠳ ᠤᠨ | ᠴᠠᠭᠳᠠᠭ᠎ᠠ ᠶᠢᠨ ᠠᠵᠢᠯ ᠮᠡᠷᠭᠡᠵᠢᠯ ᠤᠨ ᠬᠡᠪ ᠪᠣᠯᠪᠠᠰᠤᠷᠠᠯ ᠪᠠ ᠪᠣᠯᠪᠠᠰᠤᠨ ᠤ ᠬᠠᠤᠯᠢ ᠬᠡᠷᠡᠭᠵᠢᠭᠦᠯᠬᠦ ᠤᠬᠠᠮᠰᠠᠷ ᠢ | ᠪᠦᠲᠦᠮᠵᠢᠲᠡᠶ ᠳᠡᠭᠡᠭᠰᠢᠯᠡᠭᠦᠯᠪᠡ᠃ | ᠲᠣᠰ ᠤᠳᠠᠭᠠᠨ ᠤ ᠪᠣᠯᠪᠠᠰᠤᠷᠠᠯ ᠢᠶᠠᠷ ᠳᠡᠮᠵᠢᠨ᠂ ᠠᠷᠠᠳ ᠤᠨ ᠴᠠᠭᠳᠠᠭ᠎ᠠ ᠶᠢᠨ ᠶᠣᠰᠣ ᠵᠢᠷᠤᠮ ᠢ | ᠵᠢᠷᠤᠮᠵᠢᠭᠤᠯᠤᠨ ᠬᠡᠷᠡᠭᠯᠡᠬᠦ ᠤᠬᠠᠮᠰᠠᠷᠲᠤ ᠴᠢᠨᠠᠷ ᠢ ᠤᠯᠠᠮ ᠨᠢᠭᠡ ᠠᠯᠬᠤᠮ ᠴᠢᠩᠭᠠᠷᠠᠭᠤᠯᠵᠤ᠂ ᠣᠯᠠᠨ ᠲᠦᠮᠡᠨ ᠳᠤ | ᠦᠢᠯᠡᠴᠢᠯᠡᠬᠦ ᠵᠣᠷᠢᠯᠲᠠ ᠶᠢ ᠴᠢᠩᠭᠠᠷᠠᠭᠤᠯᠬᠤ ᠶᠢᠨ ᠬᠠᠮᠲᠤ ᠪᠠᠰᠠ ᠠᠷᠠᠳ ᠤᠨ ᠴᠠᠭᠳᠠᠭ᠎ᠠ ᠳᠤ ᠨᠠᠩ ᠬᠡᠷᠡᠭᠯᠡᠭᠡᠨ ᠤ | ᠨᠡᠪᠲᠡᠷᠡᠯᠴᠡᠨ ᠰᠣᠯᠢᠯᠴᠠᠬᠤ ᠮᠡᠷᠭᠡᠵᠢᠯ ᠢ ᠡᠵᠡᠮᠰᠢᠭᠦᠯᠵᠦ᠂ ᠬᠤᠪᠢ ᠬᠥᠮᠦᠨ ᠤ ᠶᠡᠷᠦᠩᠬᠡᠶᠢᠯᠡᠭᠰᠡᠨ ᠬᠡᠪ ᠪᠣᠯᠪᠠᠰᠤᠷᠠᠯ ᠢ | ᠳᠡᠭᠡᠭᠰᠢᠯᠡᠭᠦᠯᠬᠦ᠂ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠳᠤ ᠢᠳᠡᠪᠬᠢᠲᠡᠶ ᠠᠬᠢᠭᠤᠯᠬᠤ ᠦᠢᠯᠡᠳᠦᠯ | ᠦᠵᠡᠭᠦᠯᠪᠡ᠃ ︵ᠱᠸᠡᠭ ᡁᠢ ᠬᠤᠸᠠ︶ |