| ᠤᠢᠢᠷ᠎ᠠ ᠶᠢᠨ ᠵᠢᠯ ᠠᠴᠠ ᠨᠠᠰᠢ᠂ ᠵᠠᠯᠠᠶᠢᠳ ᠬᠤᠰᠢᠭᠤ ᠨᠣᠭᠤᠭᠠᠷᠠᠭᠤᠯᠤᠯᠲᠠ ᠶᠢ ᠥᠷᠭᠡᠳᠬᠡᠬᠦ᠂ | ᠨᠣᠭᠤᠭᠠᠷᠠᠭᠤᠯᠤᠯᠲᠠ ᠶᠢ ᠬᠥᠭᠵᠢᠭᠦᠯᠬᠦ᠂ ᠨᠣᠭᠤᠭᠠᠷᠠᠭᠤᠯᠤᠯᠲᠠ ᠶᠢ ᠬᠠᠮᠠᠭᠠᠯᠠᠬᠤ ︽ᠭᠤᠷᠪᠠᠨ ᠨᠤᠭᠤᠭᠠᠷᠠᠭᠤᠯᠤᠯᠳᠠ︾ | ᠶᠢ ᠵᠡᠷᠭᠡᠪᠡᠷ ᠴᠢᠩᠭᠠᠳᠬᠠᠬᠤ ᠶᠢ ᠪᠠᠷᠢᠮᠲᠠᠯᠠᠵᠤ᠂ ︽ᠠᠵᠤ ᠦᠢᠯᠡᠰ ᠤᠨ ᠠᠮᠢ ᠠᠬᠤᠢᠢᠵᠢᠯᠳᠠ᠂ ᠠᠮᠢ | ᠠᠬᠤᠢ ᠶᠢᠨ ᠠᠵᠤ ᠦᠢᠯᠡᠰᠵᠢᠯᠳᠡ︾ ᠶᠢᠨ ᠬᠥᠭᠵᠢᠯᠲᠡ ᠶᠢᠨ ᠣᠶᠢᠯᠠᠭᠠᠭᠳᠠᠬᠤᠨ ᠢᠶᠠᠷ ᠰᠢᠳ ᠬᠦᠢᠯᠡᠰᠤ ᠶᠢᠨ ᠠᠵᠤ | ᠦᠢᠯᠡᠰ ᠢ ᠶᠡᠬᠡᠪᠡᠷ ᠬᠥᠭᠵᠢᠭᠦᠯᠵᠦ᠂ ᠬᠥᠬᠡᠮᠳᠦᠭ ᠨᠤᠭᠤᠭᠠᠨ ᠠᠭᠤᠯᠠ ᠤᠰᠤ ᠪᠤᠯ ᠲᠠᠷᠤᠢ ᠠᠯᠳᠠ ᠮᠥᠩᠭᠦᠨ | ᠠᠭᠤᠯᠠ ᠮᠦᠨ ᠭᠡᠬᠦ ᠦᠵᠡᠯ ᠰᠠᠨᠠᠭ᠎ᠠ ᠶᠢ ᠪᠤᠢ ᠪᠤᠯᠭᠠᠵᠤ᠂ ᠨᠤᠭᠤᠭᠠᠷᠠᠭᠤᠯᠬᠤ ᠪᠠ ᠪᠠᠶᠠᠵᠢᠭᠤᠯᠬᠤ ᠶᠢ ᠵᠡᠷᠭᠡᠪᠡᠷ | ᠡᠷᠬᠢᠮᠯᠡᠬᠦ ᠶᠢ ᠠᠬᠢᠭᠤᠯᠵᠤ᠂ ᠠᠮᠢ ᠠᠬᠤᠢ ᠶᠢᠨ ᠭᠤᠶᠤ ᠰᠠᠶᠢᠬᠠᠨ ᠬᠢᠭᠡᠳ ᠠᠷᠠᠳ ᠤᠯᠠᠨ ᠤ ᠪᠠᠶᠠᠨ ᠴᠢᠨᠡᠭᠡᠯᠢᠭ ᠤᠨ | ᠣᠷᠭᠠᠨᠢᠭ ᠨᠢᠭᠡᠳᠦᠯ ᠢ ᠪᠡᠶᠡᠯᠡᠭᠦᠯᠵᠤ ᠪᠤᠢ᠃ | ᠰᠤᠷᠪᠤᠯᠵᠢᠯᠠᠭᠴᠢ ᠤᠶᠢᠷ᠎ᠠ ᠳᠤ᠂ ᠵᠠᠯᠠᠶᠢᠳ ᠬᠤᠰᠢᠭᠤᠨ ᠤ ᠬᠦᠷᠡᠯ ᠪᠠᠯᠭᠠᠰᠤ ᠶᠢᠨ ᠮᠠᠨᠳᠣᠯᠲᠤ ᠭᠠᠴᠠᠭᠠᠨ ᠤ | ᠮᠧᠩ ᠵᠧᠨ ᠲᠠᠷᠢᠮᠠᠯ ᠤᠨ ᠰᠠᠭᠤᠷᠢᠨ ᠢᠶᠠᠷ ᠬᠦᠷᠬᠦ ᠳᠤ᠂ ᠰᠠᠶ᠋ᠢᠬᠠᠨ ᠤᠷᠪᠠᠭᠤᠯᠤᠭᠰᠠᠨ ᠭᠠᠵᠠᠷ ᠲᠡᠭᠡᠷ᠎ᠠ ᠠᠵᠢᠯᠴᠢᠳ | ᠶᠠᠭ ᠰᠢᠳ ᠬᠦᠢᠯᠡᠰᠤ ᠶᠢᠨ ᠰᠢᠨ᠎ᠡ ᠴᠢᠬᠢ ᠰᠠᠭᠤᠯᠭᠠᠬᠤ ᠪᠠᠷ ᠶᠠᠭᠠᠷᠠᠯᠳᠤᠵᠤ ᠪᠠᠶᠢᠯ᠎ᠠ᠃ ᠡᠨᠡ ᠵᠢᠯ᠂ ᠵᠠᠯᠠᠶᠢᠳ | ᠬᠤᠰᠢᠭᠤ ᠣᠳᠣ ᠶᠢᠨ ᠪᠠᠶᠢᠭ᠎ᠠ ᠰᠢᠳ ᠤᠨ ᠰᠠᠭᠤᠷᠢᠨ ᠭᠠᠵᠠᠷ ᠤᠨ ᠰᠠᠭᠤᠷᠢᠨ ᠳᠡᠭᠡᠷ᠎ᠡ᠂ ᠬᠦᠷᠡᠯ ᠪᠠᠯᠭᠠᠰᠤᠨ ᠤ | ᠮᠠᠨᠳᠣᠯᠲᠤ ᠭᠠᠴᠠᠭᠠᠨ ᠳᠤ ᠰᠢᠳ ᠭᠦᠢᠯᠡᠰᠤ ᠶᠢᠨ ᠵᠢᠱᠢᠶ᠎ᠡ ᠦᠵᠡᠭᠦᠯᠬᠦ ᠬᠦᠷᠢᠶᠡᠯᠡᠩ ᠢ ᠪᠠᠬᠢᠵᠢᠭᠦᠯᠦᠨ ᠳᠡᠭᠡᠭᠰᠢᠯᠡᠭᠦᠯᠬᠦ | ᠲᠦᠷᠤᠯ ᠵᠤᠶᠢᠯ ᠢ ᠦᠷᠨᠢᠬᠦᠯᠵᠤ᠂ ᠨᠥᠯᠥᠭᠡᠯᠡᠨ ᠳᠠᠶᠢᠴᠢᠯᠠᠬᠤ ᠴᠢᠳᠠᠪᠤᠷᠢ ᠪᠠᠨ ᠤᠯᠠᠮ ᠨᠢᠭᠡ ᠠᠯᠬᠤᠮ | ᠴᠢᠩᠭᠠᠷᠠᠭᠤᠯᠪᠠ᠃ | ᠤᠢᠢᠷ᠎ᠠ ᠶᠢᠨ ᠵᠢᠯ ᠠᠴᠠ ᠨᠠᠰᠢ᠂ ᠵᠠᠯᠠᠶᠢᠳ ᠬᠤᠰᠢᠭᠤ ᠠᠮᠢ ᠠᠬᠤᠢ ᠶᠢᠨ ᠦᠷ᠎ᠡ ᠠᠰᠢᠭ᠂ ᠠᠵᠤ ᠠᠬᠤᠢ ᠶᠢᠨ | ᠦᠷ᠎ᠡ ᠠᠰᠢᠭ ᠤᠨ ᠬᠤᠣᠰ ᠢᠯᠠᠯᠲᠠ ᠣᠯᠤᠭᠰᠠᠨ ᠰᠢᠳ ᠭᠦᠢᠯᠡᠰᠤ ᠶᠢᠨ ᠠᠵᠤ ᠠᠬᠤᠢ ᠶᠢᠨ ᠤᠢ ᠶᠢ ᠪᠣᠬᠢᠷᠲᠤᠯ | ᠦᠭᠡᠢ ᠬᠥᠭᠵᠢᠯᠲᠡ ᠪᠠ ᠭᠠᠴᠠᠭ᠎ᠠ ᠲᠣᠰᠬᠤᠨ ᠢᠶᠠᠨ ᠬᠦᠴᠦᠷᠬᠡᠭᠵᠢᠭᠦᠯᠦᠨ ᠠᠷᠠᠳ ᠢᠶᠠᠨ ᠪᠠᠶᠠᠵᠢᠭᠤᠯᠬᠤ ᠴᠢᠬᠤᠯᠠ | ᠰᠢᠪᠲᠤᠯᠤᠯᠲᠠ ᠶᠢᠨ ᠴᠡᠭ ᠪᠣᠯᠭᠠᠵᠤ᠂ ᠰᠢᠳ ᠭᠦᠢᠯᠡᠰᠤ ᠶᠢᠨ ᠪᠦᠬᠦ ᠠᠵᠤ ᠦᠢᠯᠡᠰ ᠤᠨ ᠬᠡᠯᠬᠢᠶ᠎ᠡ ᠶᠢᠨ | ᠬᠥᠭᠵᠢᠯᠲᠡ ᠶᠢᠨ ᠰᠢᠰᠲ᠋ᠧᠮ ᠢ ᠪᠠᠶᠢᠭᠤᠯᠵᠤ᠂ ᠰᠢᠳ ᠭᠦᠢᠯᠡᠰᠤ ᠶᠢᠨ ᠲᠤᠰᠤ᠂ ᠰᠢᠳ ᠭᠦᠢᠯᠡᠰᠤ ᠶᠢᠨ ᠡᠭᠡᠳᠡᠩ | ᠵᠡᠷᠭᠡ ᠰᠢᠷᠢᠰ ᠪᠦᠳᠤᠭᠡᠭᠳᠡᠬᠦᠨ ᠢ ᠲᠡᠯᠭᠡᠷᠡᠬᠦᠯᠵᠤ᠂ ᠠᠵᠤ ᠤᠶᠢᠯᠡᠰ ᠤᠨ ᠬᠡᠯᠬᠢᠶ᠎ᠡ ᠶᠢᠨ ᠲᠠᠭᠠᠭᠠᠴᠠ ᠪᠠ ᠨᠡᠮᠡᠯᠳᠡ | ᠦᠷᠳᠡᠭ ᠢ ᠲᠠᠰᠤᠷᠠᠯᠳᠠ ᠦᠭᠡᠢ ᠲᠡᠭᠡᠭᠰᠢᠯᠡᠬᠦᠯᠵᠤ᠂ ᠠᠮᠢ ᠠᠬᠤᠢ ᠶᠢᠨ ᠦᠷ᠎ᠠ ᠠᠰᠢᠭ ᠪᠠ ᠠᠵᠤ ᠠᠬᠤᠢ ᠶᠢᠨ | ᠦᠷ᠎ᠡ ᠠᠰᠢᠭ ᠢ ᠬᠤᠤᠰᠯᠠᠭᠤᠯᠤᠭᠰᠠᠨ ᠵᠠᠮ ᠢᠶᠠᠷ ᠵᠠᠮᠨᠠᠵᠤ ᠪᠤᠢ᠃ ᠣᠳᠣᠬᠠᠨ ᠪᠣᠯᠲᠠᠯ᠎ᠠ᠂ ᠪᠥᠬᠦ ᠬᠤᠰᠢᠭᠤᠨ ᠳᠤ | ᠰᠢᠳ ᠳᠠᠷᠢᠬᠤ ᠲᠠᠯᠠᠪᠠᠶ ᠶᠢ ᠨᠡᠶᠢᠲᠡ 4 ᠲᠦᠮᠡᠨ ᠮᠥ ᠳᠡᠯᠭᠡᠷᠡᠭᠦᠯᠵᠦ᠂ ᠣᠳᠣᠬᠠᠨ ᠳᠤ ᠨᠢᠭᠡᠨᠲᠡ 3500 ᠮᠥ ᠨᠢ | ᠡᠯᠪᠡᠭ ᠬᠤᠷᠢᠶᠠᠯᠲᠠ ᠶᠢᠨ ᠬᠤᠭᠤᠴᠠᠭᠠᠨ ᠳᠠᠭᠠᠨ ᠣᠷᠣᠵᠤ᠂ ᠵᠢᠱᠢᠯᠲᠡ ᠪᠠᠷ ᠡᠨᠡ ᠵᠢᠯ ᠤᠨ ᠤᠨᠠᠯᠲᠠ 100 ᠲᠦᠮᠡᠨ | ᠵᠢᠩ ᠳᠤ ᠬᠦᠷᠴᠦ᠂ ᠵᠢᠱᠢᠯᠲᠡ ᠪᠠᠷ ᠦᠢᠯᠡᠳᠬᠦᠨ ᠤ ᠥᠷᠲᠡᠭ ᠨᠢ 1200 ᠲᠦᠮᠡᠨ ᠲᠥᠭᠦᠷᠢᠭ ᠲᠤ ᠬᠦᠷᠬᠦ | ᠪᠣᠯᠤᠨ᠎ᠠ᠃ |