ᠠᠯᠳᠠᠷᠳᠤ ᠰᠤᠮᠤ ᠣᠳᠣᠬᠠᠨ ᠤ ᠭᠤᠤᠯᠳᠠᠯᠭ᠎ᠠ ᠲᠠᠢ ᠠᠵᠢᠯ ᠢᠶᠠᠨ ᠠᠬᠢᠭᠤᠯᠬᠤ ᠬᠤᠷᠠᠯ ᠬᠢᠵᠠᠢ
ᠨᠡᠶᠢᠲᠡᠯᠡᠭᠰᠡᠨ ᠴᠠᠭ᠄
2025/5/9
     5 ᠰᠠᠷ᠎ᠠ ᠶᠢᠨ 6 ᠤ ᠡᠳᠦᠷ᠂ ᠵᠠᠯᠠᠶᠢᠳ ᠬᠤᠰᠢᠭᠤᠨ ᠤ ᠠᠯᠳᠠᠷᠳᠤ ᠰᠤᠮᠤ ᠣᠳᠣᠬᠠᠨ ᠤ ᠭᠤᠣᠯᠳᠠᠯᠭ᠎ᠠ ᠲᠠᠢ ᠠᠵᠢᠯ ᠢᠶᠠᠨ ᠠᠬᠢᠭᠤᠯᠬᠤ ᠬᠤᠷᠠᠯ ᠬᠢᠵᠤ᠂ ᠨᠠᠮ ᠵᠠᠰᠠᠭ ᠤᠨ ᠤᠳᠤᠷᠢᠳᠬᠤ ᠪᠠᠭ ᠤᠨ ᠪᠦᠷᠢᠯᠳᠦᠬᠦᠨ᠂ ᠬᠠᠤᠯᠢ ᠴᠠᠭᠠᠵᠠ ᠶᠢᠨ ᠭᠠᠵᠠᠷ᠂ ᠲᠣᠮᠢᠯᠠᠭᠰᠠᠨ ᠰᠠᠯᠪᠤᠷᠢ ᠶᠢᠨ ᠭᠤᠣᠯ ᠬᠠᠷᠢᠭᠤᠴᠠᠯᠭᠠᠲᠠᠨ᠂ ᠡᠯ᠎ᠡ ᠭᠠᠴᠠᠭ᠎ᠠ ᠲᠤᠰᠬᠤᠨ ︵ᠨᠡᠶᠢᠭᠡᠮ ᠲᠣᠭᠤᠷᠢᠭ︶ ᠤ ᠨᠠᠮ ᠤᠨ ᠡᠭᠦᠷ ᠤᠨ ᠱᠦᠵᠢ᠂ ᠠᠮᠤᠷ ᠢ ᠬᠠᠮᠠᠭᠠᠯᠠᠬᠤ ᠵᠥᠪᠯᠡᠯ ᠤᠨ ᠡᠷᠬᠢᠯᠡᠭᠴᠢ ᠬᠤᠷᠠᠯ ᠳᠤ ᠣᠷᠣᠯᠴᠠᠪᠠ᠃ ᠬᠤᠷᠠᠯ ᠢ ᠰᠤᠮᠤᠨ ᠤ ᠨᠠᠮ ᠤᠨ ᠬᠤᠷᠢᠶᠠᠨ ᠤ ᠱᠦᠵᠢ ᠯᠢᠦ ᠵᠧᠩ ᠱᠦ ᠡᠷᠬᠢᠯᠡᠪᠡ᠃     ᠬᠤᠷᠠᠯ ᠠᠴᠠ ᠨᠢᠭᠡᠳᠦᠭᠡᠷ ᠵᠥᠪᠯᠡᠬᠦ ᠰᠡᠳᠦᠪ ᠢ ᠰᠤᠷᠤᠯᠴᠠᠬᠤ ᠳᠦᠷᠢᠮ ᠢ ᠨᠠᠶᠢᠳᠠᠪᠤᠷᠢᠵᠢᠭᠤᠯᠪᠠ᠃ ᠰᠤᠮᠤᠨ ᠤ ᠨᠠᠮ ᠤᠨ ᠬᠤᠷᠢᠶᠠᠨ ᠤ ᠱᠦᠵᠢ ᠯᠢᠦ ᠵᠧᠩ ᠱᠦ ︽ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠪᠠᠶᠢᠭᠤᠯᠤᠯᠲᠠ ᠶᠢᠨ ᠲᠤᠬᠠᠢ ᠴᠢᠬᠤᠯᠠ ᠦᠵᠡᠯ ᠰᠠᠨᠠᠭᠠᠨ ᠤ ᠲᠤᠪᠴᠢ ᠦᠬᠦᠯᠡᠯ︾ ᠤᠨ ᠬᠡᠰᠡᠭ ᠠᠭᠤᠯᠭ᠎ᠠ ᠶᠢ ᠳᠠᠭᠠᠭᠤᠯᠤᠨ ᠰᠤᠷᠤᠯᠴᠠᠪᠠ᠃     ᠬᠤᠷᠠᠯ ᠳᠡᠭᠡᠷ᠎ᠡ᠂ ᠯᠢᠦ ᠵᠧᠩ ᠱᠤ᠋ ᠪᠥᠬᠦ ᠬᠤᠰᠢᠭᠤᠨ ᠤ ᠠᠮᠤᠷ ᠠᠮᠤᠭᠤᠯᠠᠩ ᠤᠨ ᠪᠠᠶᠢᠭᠤᠯᠤᠯᠲᠠ ᠪᠠ ᠨᠡᠶᠢᠭᠡᠮ ᠤᠨ ᠠᠮᠤᠷ  ᠠᠮᠤᠭᠤᠯᠠᠩ ᠤᠨ ᠶᠡᠷᠤᠩᠬᠡᠢ ᠵᠠᠰᠠᠯᠲᠠ ᠶᠢᠨ ᠠᠵᠢᠯ ᠤᠨ ᠲᠣᠬᠢᠷᠠᠭᠤᠯᠤᠯᠲᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠭᠰᠠᠨ ᠪᠥᠭᠡᠳ ᠪᠣᠳᠠᠲᠠᠶ ᠲᠠᠢ ᠪᠠᠨ ᠤᠶᠠᠯᠳᠤᠭᠤᠯᠤᠨ ᠣᠳᠣᠬᠠᠨ ᠤ ᠭᠤᠤᠯᠳᠠᠯᠭ᠎ᠠ ᠲᠠᠢ ᠠᠵᠢᠯ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠠ᠃ ᠲᠡᠷᠡ᠂ ᠨᠢᠭᠡ ᠳᠤ ᠵᠥᠷᠢᠴᠡᠯ ᠵᠢᠭᠤᠷᠠᠯᠳᠤᠭᠠᠨ ᠢ ᠵᠢᠭᠰᠠᠭᠠᠨ ᠪᠠᠶᠢᠴᠠᠭᠠᠵᠤ ᠠᠷᠢᠯᠭᠠᠬᠤ ᠪᠠ ᠠᠮᠢᠨ ᠬᠡᠷᠡᠭ ᠢ ᠤᠷᠢᠳᠴᠢᠯᠡᠨ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠬᠦ ᠬᠡᠷᠡᠭᠲᠡᠶ᠃ ︽ᠵᠢᠭᠰᠠᠭᠠᠨ ᠪᠠᠶᠢᠴᠠᠭᠠᠬᠤ ᠶᠢᠨ ᠳᠠᠭᠠᠤ ᠠᠷᠢᠯᠭᠠᠬᠤ︾ ᠲᠣᠭᠲᠠᠴᠠ ᠶᠢ ᠬᠡᠷᠡᠭᠵᠢᠭᠦᠯᠵᠦ᠂ ᠲᠤᠰᠬᠠᠶ ᠮᠡᠷᠭᠡᠵᠢᠯ ᠤᠨ ᠬᠦᠴᠦᠨ ᠢ ᠵᠣᠬᠢᠶᠠᠨ ᠪᠠᠶᠢᠭᠤᠯᠤᠨ ︽ᠨᠢᠭᠡ ᠶᠠᠪᠤᠳᠠᠯ ᠳᠤ ᠨᠢᠭᠡ ᠲᠥᠷᠥ ᠶᠢᠨ ᠪᠣᠳᠣᠯᠭ᠎ᠠ︾ ᠶᠢ ᠨᠠᠷᠢᠯᠢᠭ ᠣᠨᠣᠴᠠᠲᠠᠶ ᠪᠠᠷ ᠡᠶᠡᠳᠡᠭᠦᠯᠦᠨ ᠰᠢᠢᠳᠪᠦᠷᠢᠯᠡᠵᠦ᠂ ︽ᠪᠠᠭ᠎ᠠ ᠶᠠᠪᠤᠳᠠᠯ ᠢ ᠭᠠᠴᠠᠭ᠎ᠠ ᠲᠣᠰᠬᠤᠨ ᠠᠴᠠ ᠭᠠᠷᠭᠠᠬᠤ ᠥᠬᠡᠶ᠂ ᠶᠡᠭᠡ ᠶᠠᠪᠤᠳᠠᠯ ᠢ ᠰᠤᠮᠤ ᠪᠠᠯᠭᠠᠰᠤ ᠰᠢᠶᠠᠩ ᠠᠴᠠ ᠭᠠᠷᠭᠠᠬᠤ ᠥᠬᠡᠶ︾ ᠪᠠᠶᠢᠬᠤ ᠶᠢ  ᠦᠨᠡᠨ ᠬᠦ ᠪᠠᠲᠤᠯᠠᠬᠤ ᠬᠡᠷᠡᠭᠲᠡᠶ᠃ ᠬᠤᠶᠠᠷ ᠲᠤ᠂ ᠤᠢ ᠰᠢᠭᠤᠢ ᠨᠤᠳᠤᠭ ᠪᠡᠯᠴᠢᠭᠡᠷ ᠢ ᠡᠪᠳᠡᠵᠤ ᠰᠤᠶᠢᠳᠭᠡᠨ ᠬᠠᠤᠯᠢ ᠲᠦᠷᠢᠮ ᠠᠴᠠ ᠵᠦᠷᠢᠴᠡᠭᠰᠡᠨ ᠦᠢᠯᠡ ᠠᠵᠢᠯᠯᠠᠭ᠎ᠠ ᠶᠢ ᠲᠦᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠰᠠᠶᠢᠳᠤᠷ ᠬᠢᠬᠦ ᠬᠡᠷᠡᠭᠳᠡᠢ᠃ ︽ᠲᠦᠷᠭᠡᠨ ᠢᠯᠡᠷᠡᠭᠦᠯᠬᠦ᠂ ᠲᠦᠷᠭᠡᠨ ᠵᠠᠰᠠᠬᠤ᠂ ᠲᠦᠷᠭᠡᠨ ᠰᠠᠶᠢᠵᠢᠷᠠᠭᠤᠯᠬᠤ︾ ᠵᠠᠷᠴᠢᠮ ᠢ ᠪᠠᠷᠢᠮᠲᠠᠯᠠᠵᠤ᠂ ᠠᠮᠢ ᠠᠬᠤᠢ ᠣᠷᠴᠢᠨ ᠲᠣᠭᠤᠷᠢᠨ ᠤ ᠠᠰᠠᠭᠤᠳᠠᠯ ᠢ ᠲᠠᠷᠤᠶᠢᠬᠠᠨ ᠢᠯᠡᠷᠡᠬᠦᠯᠵᠤ᠂ ᠥᠨᠳᠥᠷ ᠪᠦᠲᠦᠮᠵᠢᠲᠡᠢ ᠰᠢᠢᠳᠪᠦᠷᠢᠯᠡᠬᠦ ᠬᠡᠷᠡᠭᠳᠡᠢ᠃ ︽ᠴᠢᠩᠭ᠎ᠠ ᠰᠡᠷᠭᠡᠶᠢᠯᠡᠬᠦ᠂ ᠴᠢᠩᠭ᠎ᠠ ᠴᠣᠬᠢᠯᠲᠠ ᠥᠭᠬᠦ᠂ ᠴᠢᠩᠭ᠎ᠠ ᠬᠠᠮᠢᠶᠠᠷᠬᠤ᠂ ᠴᠢᠩᠭ᠎ᠠ ᠪᠠᠶᠢᠴᠠᠭᠠᠬᠤ︾ ᠶᠢ ᠴᠢᠩᠭᠠᠳᠬᠠᠵᠤ᠂ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠡᠷᠡᠰ ᠬᠤᠷᠢᠭᠯᠠᠬᠤ ᠬᠡᠷᠡᠭᠳᠡᠢ᠃ ᠭᠤᠷᠪᠠ ᠳᠤ᠂ ᠬᠦᠮᠤᠨ ᠠᠷᠠᠳ ᠤᠨ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠰᠠᠶᠢᠲᠤᠷ ᠬᠢᠬᠦ ᠬᠡᠷᠡᠭᠲᠡᠢ᠃ ᠭᠤᠤᠯᠳᠠᠯᠭ᠎ᠠ ᠲᠠᠢ ᠣᠷᠣᠨ ᠪᠦᠰᠡ ᠪᠠ ᠪᠠᠭᠤᠷᠠᠶ ᠭᠤᠭᠴᠤᠭ᠎ᠠ ᠶᠢ ᠴᠢᠩᠭ᠎ᠠ ᠠᠩᠬᠠᠷᠴᠤ᠂ ᠪᠠᠷᠢᠯᠭ᠎ᠠ ᠶᠢᠨ ᠬᠤᠭ ᠨᠣᠪᠰᠢ᠂ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠨ ᠰᠢᠢᠳᠪᠦᠷᠢᠯᠡᠵᠦ᠂ ᠭᠠᠴᠠᠭ᠎ᠠ ᠲᠣᠰᠬᠤᠨ ᠤ ᠭᠤᠤᠯ ᠵᠠᠮ ᠳᠠᠭᠠᠤ᠂ ᠲᠠᠷᠢᠶᠠᠨ ᠭᠠᠵᠠᠷ᠂ ᠬᠦᠷᠢᠶ᠎ᠡ ᠬᠠᠰᠢᠶ᠎ᠠ᠂ ᠭᠤᠤᠯ ᠤᠨ ᠵᠠᠮ ᠤᠨ ᠬᠠᠵᠠᠭᠤ ᠶᠢᠨ ᠭᠤᠤ ᠶᠢ ᠲᠦᠢᠯᠪᠤᠷᠢᠲᠠᠶ ᠴᠡᠪᠡᠷᠯᠡᠬᠦ ᠬᠡᠷᠡᠭᠳᠡᠢ᠃ ᠣᠯᠠᠨ ᠲᠦᠮᠡᠨ ᠢ ᠳᠠᠶᠢᠴᠢᠯᠠᠨ ᠣᠷᠴᠢᠨ ᠲᠣᠭᠤᠷᠢᠨ ᠢ ᠴᠡᠭᠴᠡᠯᠡᠨ ᠵᠠᠰᠠᠬᠤ ᠳᠤ ᠰᠠᠨᠠᠭᠠᠴᠢᠯᠠᠭ᠎ᠠ ᠠᠴᠠ ᠪᠠᠨ ᠣᠷᠣᠯᠴᠠᠭᠤᠯᠵᠤ᠂ ︽ᠬᠥᠮᠦᠨ ᠪᠦᠬᠦᠨ ᠣᠷᠣᠯᠴᠠᠵᠤ᠂ ᠬᠠᠮᠲᠤᠪᠠᠷ ᠬᠠᠮᠢᠶᠠᠷᠬᠤ︾ ᠵᠠᠰᠠᠯᠲᠠ ᠶᠢᠨ ᠪᠠᠶᠢᠷᠢᠰᠢᠯ ᠢ ᠪᠣᠶ ᠪᠣᠯᠭᠠᠵᠤ᠂ ᠪᠠᠶᠢᠩᠭᠤᠵᠢᠭᠤᠯᠤᠭᠰᠠᠨ ᠬᠠᠮᠢᠶᠠᠷᠤᠨ ᠬᠠᠮᠠᠭᠠᠯᠠᠬᠤ ᠲᠣᠭᠲᠠᠴᠠ ᠶᠢ ᠪᠦᠷᠢᠨᠰᠢᠭᠦᠯᠬᠦ ᠬᠡᠷᠡᠭᠳᠡᠢ᠃ ᠲᠦᠷᠪᠡ ᠳᠤ᠂ ᠪᠡᠯᠴᠢᠭᠡᠷᠯᠡᠭᠦᠯᠬᠦ ᠶᠢ ᠵᠤᠭᠰᠤᠭᠠᠬᠤ ᠪᠠᠶᠢᠩᠭᠤᠵᠢᠭᠰᠠᠨ ᠬᠢᠨᠠᠯᠲᠠ ᠲᠠᠯᠪᠢᠵᠤ ᠲᠣᠭᠤᠷᠢᠨ ᠪᠠᠶᠢᠴᠠᠭᠠᠬᠤ ᠡᠷᠴᠢᠮ ᠢ ᠦᠷᠭᠦᠯᠵᠢᠯᠡᠨ ᠴᠢᠩᠭᠠᠷᠠᠭᠤᠯᠬᠤ ᠬᠡᠷᠡᠭᠳᠡᠢ᠃ ︽ᠭᠤᠤᠯᠳᠠᠯᠭ᠎ᠠ ᠲᠠᠢ ᠣᠷᠣᠨ ᠪᠦᠰᠡ ᠶᠢ ᠪᠥᠬᠦ ᠲᠠᠯ᠎ᠠ ᠪᠠᠷ ᠪᠠᠶᠢᠴᠠᠭᠠᠨ ᠰᠡᠷᠭᠡᠶᠢᠯᠡᠬᠦ︾ ᠪᠠᠷ ᠳᠠᠮᠵᠢᠭᠤᠯᠤᠨ ᠬᠠᠷᠢᠶ᠎ᠠ ᠣᠷᠣᠨ ᠤ ᠬᠠᠤᠯᠢ ᠠᠴᠠ ᠵᠥᠷᠢᠴᠡᠨ ᠬᠤᠯᠠᠭᠠᠶᠢᠯᠠᠨ ᠮᠠᠯᠵᠢᠬᠤ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ ᠪᠠᠶᠢᠴᠠᠭᠠᠨ ᠰᠢᠢᠳᠪᠦᠷᠢᠯᠡᠵᠦ᠂ ᠬᠠᠷᠢᠶ᠎ᠠ ᠣᠷᠣᠨ ᠤ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠪᠠ ᠪᠥᠲᠥᠭᠡᠨ ᠪᠠᠶᠢᠭᠤᠯᠤᠯᠲᠠ ᠶᠢ ᠦᠨᠡᠨ ᠬᠦ ᠰᠠᠶᠢᠲᠤᠷ ᠬᠢᠬᠦ ᠬᠡᠷᠡᠭᠳᠡᠢ ᠭᠡᠵᠤ ᠴᠢᠬᠤᠯᠠᠴᠢᠯᠠᠵᠠᠢ᠃    ᠬᠤᠷᠠᠯ ᠠᠴᠠ ᠪᠠᠰᠠ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠳᠦᠭᠡᠨ ᠪᠠᠶᠢᠭᠤᠯᠤᠯᠲᠠ ᠶᠢ ᠵᠢᠭᠰᠠᠭᠠᠨ ᠪᠠᠶᠢᠴᠠᠭᠠᠬᠤ᠂ ᠠᠶᠤᠯᠭᠦᠢ ᠦᠢᠯᠡᠳᠪᠦᠷᠢᠯᠡᠯ᠂ ᠭᠤᠷᠪᠠ ᠶᠢ ᠬᠤᠪᠢᠷᠠᠭᠤᠯᠬᠤ ᠥᠭᠡᠷᠡᠴᠢᠯᠡᠯᠲᠡ᠂ ᠭᠤᠷᠪᠠᠨ ᠶᠠᠪᠤᠳᠠᠯ ᠢ ᠢᠯᠡ ᠪᠣᠯᠭᠠᠬᠤ᠂ ᠭᠤᠷᠪᠠᠨ ᠡᠳ᠋ ᠬᠦᠷᠦᠩᠭᠡ ᠶᠢᠨ ᠬᠠᠮᠢᠶᠠᠷᠤᠯᠲᠠ᠂ ᠳᠤᠷ᠎ᠠ ᠪᠠᠷ ᠢᠶᠠᠨ ᠠᠲᠠᠷ ᠬᠠᠭᠠᠯᠪᠤᠷᠢᠯᠠᠬᠤ᠂ ᠨᠠᠮ ᠤᠨ ᠪᠠᠶᠢᠭᠤᠯᠤᠯᠲᠠ ᠵᠡᠷᠭᠡ ᠣᠳᠣᠬᠠᠨ ᠤ ᠭᠤᠣᠯᠳᠠᠯᠭ᠎ᠠ ᠲᠠᠢ ᠠᠵᠢᠯ ᠢᠶᠠᠨ ᠲᠤᠬᠢᠷᠠᠭᠤᠯᠤᠨ ᠪᠠᠶᠢᠷᠢᠯᠠᠭᠤᠯᠵᠠᠢ᠃   
 
ᠢᠷᠡᠯᠲᠡ᠄ ᠠᠯᠳᠠᠷᠳᠤ ᠰᠤᠮᠤ ᠶᠢᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号