| 2025 ᠣᠨ ᠤ 6 ᠰᠠᠷ᠎ᠠ ᠶᠢᠨ 9 ᠤ ᠡᠳᠦᠷ ᠪᠣᠯ ᠠᠷᠪᠠᠨ ᠨᠠᠢᠮᠡᠳᠡᠬᠢ ᠣᠯᠠᠨ ᠤᠯᠤᠰ ᠤᠨ ᠲᠠᠩᠰᠠ | ᠡᠪᠬᠡᠮᠡᠯ ᠤᠨ ᠡᠳᠦᠷ ᠪᠣᠯᠤᠨ᠎ᠠ᠃ ᠵᠠᠯᠠᠶᠢᠳ ᠬᠤᠰᠢᠭᠤᠨ ᠤ ᠲᠠᠩᠰᠠ ᠡᠪᠬᠡᠮᠡᠯ ᠤᠨ ᠲᠡᠤᠬᠡ ᠣᠶᠢᠯᠠᠯᠭ᠎ᠠ ᠶᠢᠨ ᠣᠷᠳᠣᠨ | ᠬᠤᠰᠢᠭᠤᠨ ᠤ ᠲᠠᠩᠰᠠ ᠡᠪᠬᠡᠮᠡᠯ ᠤᠨ ᠤᠷᠳᠤᠨ ᠲᠠᠢ ᠬᠠᠮᠳᠤᠷᠠᠨ ︽ᠲᠠᠩᠰᠠ ᠡᠪᠬᠡᠮᠡᠯ ᠤᠨ ᠲᠤᠬᠠᠢ ᠶᠠᠷᠢᠬᠤ ᠶᠢ | ᠰᠣᠨᠣᠰᠤᠭᠠᠷᠠᠢ︾ ᠭᠡᠬᠦ ᠠᠵᠢᠯᠯᠠᠭ᠎ᠠ ᠶᠢᠨ ᠭᠤᠤᠯ ᠰᠡᠳᠦᠪ ᠤᠨ ᠲᠣᠭᠤᠷᠢᠨ ᠳᠤ᠂ ᠣᠯᠠᠨ ᠤᠯᠤᠰ ᠤᠨ ᠲᠠᠩᠰᠠ | ᠡᠪᠬᠡᠮᠡᠯ ᠤᠨ ᠡᠳᠦᠷ ᠤᠨ ᠤᠬᠠᠭᠤᠯᠭ᠎ᠠ ᠶᠢᠨ ᠰᠢᠷᠢᠰ ᠠᠵᠢᠯᠯᠠᠭ᠎ᠠ ᠶᠢ ᠢᠳᠡᠪᠬᠢᠲᠡᠶ ᠥᠷᠨᠢᠭᠦᠯᠵᠦ᠂ ᠡᠨᠡ ᠨᠢ | ᠨᠡᠶᠢᠭᠡᠮ ᠤᠨ ᠲᠠᠩᠰᠠ ᠡᠪᠬᠡᠮᠡᠯ ᠤᠨ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠵᠤ᠂ ᠨᠠᠩ ᠣᠯᠠᠨ ᠬᠥᠮᠦᠨ ᠳᠤ | ᠲᠠᠩᠰᠠ ᠡᠪᠬᠡᠮᠡᠯ ᠢ ᠣᠶᠢᠯᠠᠭᠠᠭᠤᠯᠵᠤ᠂ ᠲᠠᠩᠰᠠ ᠡᠪᠬᠡᠮᠡᠯ ᠢ ᠠᠩᠬᠠᠷᠤᠭᠤᠯᠤᠨ᠂ ᠲᠠᠩᠰᠠ ᠡᠪᠬᠡᠮᠡᠯ ᠤᠨ ᠡᠬᠢ | ᠪᠠᠶᠠᠯᠢᠭ ᠢ ᠨᠡᠭᠡᠭᠡᠨ ᠠᠰᠢᠭᠯᠠᠬᠤ ᠶᠢ ᠠᠬᠢᠭᠤᠯᠬᠤ ᠶᠢᠨ ᠲᠥᠯᠥᠭᠡ ᠶᠤᠮ᠃ | ᠠᠵᠢᠯᠯᠠᠭ᠎ᠠ ᠶᠢᠨ ᠲᠤᠬᠠᠶ ᠶᠢᠨ ᠲᠠᠯᠠᠪᠠᠢ ᠳᠤ᠂ ᠠᠵᠢᠯᠲᠠᠳ ᠤᠬᠠᠭᠤᠯᠭ᠎ᠠ ᠶᠢᠨ ᠰᠠᠮᠪᠠᠷ᠎ᠠ ᠶᠢ ᠳᠡᠯᠭᠡᠨ | ᠦᠵᠡᠭᠦᠯᠬᠦ ᠪᠠᠷ ᠳᠠᠮᠵᠢᠭᠤᠯᠤᠨ᠂ ᠬᠤᠪᠣᠷ ᠨᠠᠨᠳᠢᠨ ᠲᠠᠩᠰᠠ ᠡᠪᠬᠡᠮᠡᠯ ᠤᠨ ᠠᠷᠤ ᠳᠠᠬᠢ ᠬᠥᠮᠦᠨ ᠮᠡᠳᠡᠬᠦ ᠥᠯᠢᠭᠡᠷ ᠢ | ᠳᠡᠯᠭᠡᠨ ᠦᠵᠡᠭᠦᠯᠵᠦ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠠᠩᠰᠠ ᠡᠪᠬᠡᠮᠡᠯ ᠤᠨ ᠬᠠᠤᠯᠢ︾ | ᠂ ︽ᠲᠠᠩᠰᠠ ᠡᠪᠬᠡᠮᠡᠯ ᠤᠨ ᠮᠡᠳᠡᠯᠭᠡ ᠶᠢᠨ ᠤᠬᠠᠭᠤᠯᠭ᠎ᠠ ᠶᠢᠨ ᠭᠠᠷ ᠳᠡᠪᠲᠡᠷ︾ ᠵᠡᠷᠭᠡ ᠮᠠᠲ᠋ᠧᠷᠢᠶᠠᠯ ᠢ ᠲᠠᠷᠬᠠᠭᠠᠵᠤ᠂ | ᠨᠠᠰᠢ ᠴᠠᠰᠢ ᠥᠩᠭᠡᠷᠡᠬᠦ ᠣᠯᠠᠨ ᠲᠦᠮᠡᠨ ᠳᠤ ᠲᠠᠩᠰᠠ ᠡᠪᠬᠡᠮᠡᠯ ᠤᠨ ᠮᠡᠳᠡᠯᠭᠡ ᠶᠢ ᠲᠦᠭᠡᠮᠡᠯᠵᠢᠭᠦᠯᠦᠨ᠂ ᠣᠯᠠᠨ | ᠲᠦᠮᠡᠨ ᠤ ᠡᠳᠦᠷ ᠲᠤᠲᠤᠮ ᠤᠨ ᠠᠩᠬᠠᠷᠴᠤ ᠪᠠᠶᠢᠭ᠎ᠠ ᠲᠠᠩᠰᠠ ᠡᠪᠬᠡᠮᠡᠯ ᠤᠨ ᠠᠰᠠᠭᠤᠳᠠᠯ ᠲᠠᠢ ᠤᠶᠠᠯᠳᠤᠭᠤᠯᠤᠨ᠂ | ᠨᠢᠭᠤᠷᠲᠠᠨ ᠨᠠᠷᠢᠨ ᠲᠠᠶᠢᠯᠪᠤᠷᠢᠯᠠᠵᠤ᠂ ᠲᠠᠩᠰᠠ ᠡᠪᠬᠡᠮᠡᠯ ᠤᠨ ᠬᠠᠤᠯᠢ ᠴᠠᠭᠠᠵᠠ ᠬᠠᠤᠯᠢ ᠲᠣᠭᠲᠠᠭᠠᠯ ᠪᠠ ᠲᠠᠩᠰᠠ | ᠡᠪᠬᠡᠮᠡᠯ ᠤᠨ ᠤᠬᠠᠮᠰᠠᠷ ᠢ ᠬᠥᠮᠦᠰ ᠤᠨ ᠰᠡᠳᠬᠢᠯ ᠳᠤ ᠨᠠᠩ ᠭᠦᠨ ᠬᠠᠳᠠᠩᠰᠢᠭᠤᠯᠪᠠ᠃ | ᠲᠣᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠨᠢ ᠣᠯᠠᠨ ᠲᠦᠮᠡᠨ ᠤ ᠬᠠᠤᠯᠢ ᠶᠣᠰᠣᠭᠠᠷ ᠲᠠᠩᠰᠠ | ᠡᠪᠬᠡᠮᠡᠯ ᠢ ᠠᠰᠢᠭᠯᠠᠬᠤ᠂ ᠤᠬᠠᠮᠰᠠᠷ ᠠᠴᠠ ᠪᠠᠨ ᠲᠠᠩᠰᠠ ᠡᠪᠬᠡᠮᠡᠯ ᠢ ᠬᠠᠮᠠᠭᠠᠯᠠᠬᠤ᠂ ᠲᠠᠩᠰᠠ ᠡᠪᠬᠡᠮᠡᠯ ᠤᠨ ᠠᠮᠤᠷ | ᠲᠦᠪᠰᠢᠨ ᠢ ᠡᠷᠡᠰ ᠬᠠᠮᠠᠭᠠᠯᠠᠬᠤ ᠤᠬᠠᠮᠰᠠᠷ ᠢ ᠴᠢᠩᠭᠠᠷᠠᠭᠤᠯᠵᠤ᠂ ᠪᠥᠬᠦ ᠨᠡᠶᠢᠭᠡᠮ ᠢᠶᠠᠷ ᠢᠶᠠᠨ ᠲᠠᠩᠰᠠ ᠡᠪᠬᠡᠮᠡᠯ ᠤᠨ | ᠠᠵᠢᠯ ᠢ ᠠᠩᠬᠠᠷᠬᠤ ᠬᠡᠮᠵᠢᠶ᠎ᠡ ᠪᠠ ᠳᠡᠮᠵᠢᠬᠦ ᠬᠡᠮᠵᠢᠶ᠎ᠡ ᠶᠢ ᠳᠡᠭᠡᠭᠰᠢᠯᠡᠭᠦᠯᠵᠦ᠂ ᠲᠠᠩᠰᠠ ᠡᠪᠬᠡᠮᠡᠯ ᠤᠨ ᠦᠢᠯᠡᠰ ᠤᠨ | ᠬᠥᠭᠵᠢᠯᠲᠡ ᠳᠤ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠣᠶ ᠪᠣᠯᠭᠠᠪᠠ᠃ |