2025 ᠣᠨ ᠤ ᠣᠯᠠᠨ ᠤᠯᠤᠰ ᠤᠨ ᠲᠠᠩᠰᠠ ᠡᠪᠬᠡᠮᠡᠯ ᠤᠨ ᠡᠳᠦᠷ ᠤᠨ ᠰᠢᠷᠢᠰ ᠠᠵᠢᠯᠯᠠᠭ᠎ᠠ ᠶᠢ ᠡᠬᠢᠯᠡᠭᠦᠯᠦᠭᠰᠡᠨ ᠵᠠᠯᠠᠶᠢᠳ ᠬᠤᠰᠢᠭᠤ
ᠨᠡᠶᠢᠲᠡᠯᠡᠭᠰᠡᠨ ᠴᠠᠭ᠄
2025/6/10
     2025 ᠣᠨ ᠤ 6 ᠰᠠᠷ᠎ᠠ ᠶᠢᠨ 9᠎ ᠤ ᠡᠳᠦᠷ ᠪᠣᠯ ᠠᠷᠪᠠᠨ ᠨᠠᠢᠮᠡᠳᠡᠬᠢ ᠣᠯᠠᠨ ᠤᠯᠤᠰ ᠤᠨ ᠲᠠᠩᠰᠠ ᠡᠪᠬᠡᠮᠡᠯ ᠤᠨ ᠡᠳᠦᠷ ᠪᠣᠯᠤᠨ᠎ᠠ᠃ ᠵᠠᠯᠠᠶᠢᠳ ᠬᠤᠰᠢᠭᠤᠨ ᠤ ᠲᠠᠩᠰᠠ ᠡᠪᠬᠡᠮᠡᠯ ᠤᠨ ᠲᠡᠤᠬᠡ ᠣᠶᠢᠯᠠᠯᠭ᠎ᠠ ᠶᠢᠨ ᠣᠷᠳᠣᠨ ᠬᠤᠰᠢᠭᠤᠨ ᠤ ᠲᠠᠩᠰᠠ ᠡᠪᠬᠡᠮᠡᠯ ᠤᠨ ᠤᠷᠳᠤᠨ ᠲᠠᠢ ᠬᠠᠮᠳᠤᠷᠠᠨ ︽ᠲᠠᠩᠰᠠ ᠡᠪᠬᠡᠮᠡᠯ ᠤᠨ ᠲᠤᠬᠠᠢ ᠶᠠᠷᠢᠬᠤ ᠶᠢ ᠰᠣᠨᠣᠰᠤᠭᠠᠷᠠᠢ︾ ᠭᠡᠬᠦ ᠠᠵᠢᠯᠯᠠᠭ᠎ᠠ ᠶᠢᠨ ᠭᠤᠤᠯ ᠰᠡᠳᠦᠪ ᠤᠨ ᠲᠣᠭᠤᠷᠢᠨ ᠳᠤ᠂ ᠣᠯᠠᠨ ᠤᠯᠤᠰ ᠤᠨ ᠲᠠᠩᠰᠠ ᠡᠪᠬᠡᠮᠡᠯ ᠤᠨ ᠡᠳᠦᠷ ᠤᠨ ᠤᠬᠠᠭᠤᠯᠭ᠎ᠠ ᠶᠢᠨ ᠰᠢᠷᠢᠰ ᠠᠵᠢᠯᠯᠠᠭ᠎ᠠ ᠶᠢ ᠢᠳᠡᠪᠬᠢᠲᠡᠶ ᠥᠷᠨᠢᠭᠦᠯᠵᠦ᠂ ᠡᠨᠡ ᠨᠢ ᠨᠡᠶᠢᠭᠡᠮ ᠤᠨ ᠲᠠᠩᠰᠠ ᠡᠪᠬᠡᠮᠡᠯ ᠤᠨ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠵᠤ᠂ ᠨᠠᠩ ᠣᠯᠠᠨ ᠬᠥᠮᠦᠨ ᠳᠤ ᠲᠠᠩᠰᠠ ᠡᠪᠬᠡᠮᠡᠯ ᠢ ᠣᠶᠢᠯᠠᠭᠠᠭᠤᠯᠵᠤ᠂ ᠲᠠᠩᠰᠠ ᠡᠪᠬᠡᠮᠡᠯ ᠢ ᠠᠩᠬᠠᠷᠤᠭᠤᠯᠤᠨ᠂ ᠲᠠᠩᠰᠠ ᠡᠪᠬᠡᠮᠡᠯ ᠤᠨ ᠡᠬᠢ ᠪᠠᠶᠠᠯᠢᠭ ᠢ ᠨᠡᠭᠡᠭᠡᠨ ᠠᠰᠢᠭᠯᠠᠬᠤ ᠶᠢ ᠠᠬᠢᠭᠤᠯᠬᠤ ᠶᠢᠨ ᠲᠥᠯᠥᠭᠡ ᠶᠤᠮ᠃
11.jpg
    ᠠᠵᠢᠯᠯᠠᠭ᠎ᠠ ᠶᠢᠨ ᠲᠤᠬᠠᠶ ᠶᠢᠨ ᠲᠠᠯᠠᠪᠠᠢ ᠳᠤ᠂ ᠠᠵᠢᠯᠲᠠᠳ ᠤᠬᠠᠭᠤᠯᠭ᠎ᠠ ᠶᠢᠨ ᠰᠠᠮᠪᠠᠷ᠎ᠠ ᠶᠢ ᠳᠡᠯᠭᠡᠨ ᠦᠵᠡᠭᠦᠯᠬᠦ ᠪᠠᠷ ᠳᠠᠮᠵᠢᠭᠤᠯᠤᠨ᠂ ᠬᠤᠪᠣᠷ ᠨᠠᠨᠳᠢᠨ ᠲᠠᠩᠰᠠ ᠡᠪᠬᠡᠮᠡᠯ ᠤᠨ ᠠᠷᠤ ᠳᠠᠬᠢ ᠬᠥᠮᠦᠨ ᠮᠡᠳᠡᠬᠦ ᠥᠯᠢᠭᠡᠷ ᠢ ᠳᠡᠯᠭᠡᠨ ᠦᠵᠡᠭᠦᠯᠵᠦ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠠᠩᠰᠠ ᠡᠪᠬᠡᠮᠡᠯ ᠤᠨ ᠬᠠᠤᠯᠢ︾ ᠂ ︽ᠲᠠᠩᠰᠠ ᠡᠪᠬᠡᠮᠡᠯ ᠤᠨ ᠮᠡᠳᠡᠯᠭᠡ ᠶᠢᠨ ᠤᠬᠠᠭᠤᠯᠭ᠎ᠠ ᠶᠢᠨ ᠭᠠᠷ ᠳᠡᠪᠲᠡᠷ︾ ᠵᠡᠷᠭᠡ ᠮᠠᠲ᠋ᠧᠷᠢᠶᠠᠯ ᠢ ᠲᠠᠷᠬᠠᠭᠠᠵᠤ᠂ ᠨᠠᠰᠢ ᠴᠠᠰᠢ ᠥᠩᠭᠡᠷᠡᠬᠦ ᠣᠯᠠᠨ ᠲᠦᠮᠡᠨ ᠳᠤ ᠲᠠᠩᠰᠠ ᠡᠪᠬᠡᠮᠡᠯ ᠤᠨ ᠮᠡᠳᠡᠯᠭᠡ ᠶᠢ ᠲᠦᠭᠡᠮᠡᠯᠵᠢᠭᠦᠯᠦᠨ᠂ ᠣᠯᠠᠨ ᠲᠦᠮᠡᠨ ᠤ ᠡᠳᠦᠷ ᠲᠤᠲᠤᠮ ᠤᠨ ᠠᠩᠬᠠᠷᠴᠤ ᠪᠠᠶᠢᠭ᠎ᠠ ᠲᠠᠩᠰᠠ ᠡᠪᠬᠡᠮᠡᠯ ᠤᠨ ᠠᠰᠠᠭᠤᠳᠠᠯ ᠲᠠᠢ ᠤᠶᠠᠯᠳᠤᠭᠤᠯᠤᠨ᠂ ᠨᠢᠭᠤᠷᠲᠠᠨ ᠨᠠᠷᠢᠨ ᠲᠠᠶᠢᠯᠪᠤᠷᠢᠯᠠᠵᠤ᠂ ᠲᠠᠩᠰᠠ ᠡᠪᠬᠡᠮᠡᠯ ᠤᠨ ᠬᠠᠤᠯᠢ ᠴᠠᠭᠠᠵᠠ ᠬᠠᠤᠯᠢ ᠲᠣᠭᠲᠠᠭᠠᠯ ᠪᠠ ᠲᠠᠩᠰᠠ ᠡᠪᠬᠡᠮᠡᠯ ᠤᠨ ᠤᠬᠠᠮᠰᠠᠷ ᠢ ᠬᠥᠮᠦᠰ ᠤᠨ ᠰᠡᠳᠬᠢᠯ ᠳᠤ ᠨᠠᠩ ᠭᠦᠨ ᠬᠠᠳᠠᠩᠰᠢᠭᠤᠯᠪᠠ᠃
33.jpg
22.jpg
      ᠲᠣᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠨᠢ ᠣᠯᠠᠨ ᠲᠦᠮᠡᠨ ᠤ ᠬᠠᠤᠯᠢ ᠶᠣᠰᠣᠭᠠᠷ ᠲᠠᠩᠰᠠ ᠡᠪᠬᠡᠮᠡᠯ ᠢ ᠠᠰᠢᠭᠯᠠᠬᠤ᠂ ᠤᠬᠠᠮᠰᠠᠷ ᠠᠴᠠ ᠪᠠᠨ ᠲᠠᠩᠰᠠ ᠡᠪᠬᠡᠮᠡᠯ ᠢ ᠬᠠᠮᠠᠭᠠᠯᠠᠬᠤ᠂ ᠲᠠᠩᠰᠠ ᠡᠪᠬᠡᠮᠡᠯ ᠤᠨ ᠠᠮᠤᠷ ᠲᠦᠪᠰᠢᠨ ᠢ ᠡᠷᠡᠰ ᠬᠠᠮᠠᠭᠠᠯᠠᠬᠤ ᠤᠬᠠᠮᠰᠠᠷ ᠢ ᠴᠢᠩᠭᠠᠷᠠᠭᠤᠯᠵᠤ᠂ ᠪᠥᠬᠦ ᠨᠡᠶᠢᠭᠡᠮ ᠢᠶᠠᠷ ᠢᠶᠠᠨ ᠲᠠᠩᠰᠠ ᠡᠪᠬᠡᠮᠡᠯ ᠤᠨ ᠠᠵᠢᠯ ᠢ ᠠᠩᠬᠠᠷᠬᠤ ᠬᠡᠮᠵᠢᠶ᠎ᠡ ᠪᠠ ᠳᠡᠮᠵᠢᠬᠦ ᠬᠡᠮᠵᠢᠶ᠎ᠡ ᠶᠢ ᠳᠡᠭᠡᠭᠰᠢᠯᠡᠭᠦᠯᠵᠦ᠂ ᠲᠠᠩᠰᠠ ᠡᠪᠬᠡᠮᠡᠯ ᠤᠨ ᠦᠢᠯᠡᠰ ᠤᠨ ᠬᠥᠭᠵᠢᠯᠲᠡ ᠳᠤ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠣᠶ ᠪᠣᠯᠭᠠᠪᠠ᠃
 
ᠢᠷᠡᠯᠲᠡ᠄ ᠵᠠᠯᠠᠶᠢᠳ ᠤᠨ ᠸᠢᠴᠠᠲ ᠮᠡᠳᠡᠭᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号