ᠳᠤᠮᠳᠠᠳᠤ ᠤᠯᠤᠰ ᠤᠨ ᠡᠪ ᠬᠠᠮᠲᠤ ᠨᠠᠮ ᠤᠨ ᠵᠠᠯᠠᠶᠢᠳ ᠬᠤᠰᠢᠭᠤᠨ ᠤ ᠬᠤᠷᠢᠶ᠎ᠠ ᠪᠠᠶᠢᠩᠭᠤ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/6/11
     6 ᠰᠠᠷ᠎ᠠ ᠶᠢᠨ 10᠎ ᠤ ᠡᠳᠦᠷ᠂ ᠵᠠᠯᠠᠶᠢᠳ ᠬᠤᠰᠢᠭᠤᠨ ᠤ ᠨᠠᠮ ᠤᠨ ᠬᠤᠷᠢᠶᠠᠨ ᠤ ᠱᠦᠵᠢ ᠴᠢ ᠯᠢᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠵᠠᠯᠠᠶᠢᠳ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠬᠤᠷᠢᠶ᠎ᠠ 2025 ᠣᠨ ᠤ ᠠᠷᠪᠠᠨ ᠵᠢᠷᠭᠤᠳᠤᠭᠠᠷ ᠤᠳᠠᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠬᠤ ᠲᠤᠬᠠᠶ ᠴᠢᠬᠤᠯᠠ ᠶᠠᠷᠢᠶᠠᠨ ᠤ ᠵᠣᠷᠢᠭ ᠰᠠᠨᠠᠭ᠎ᠠ ᠵᠢᠴᠢ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠬᠠᠮᠢᠶ᠎ᠠ ᠪᠥᠬᠦᠶ ᠬᠤᠷᠠᠯ ᠪᠠ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠠᠷᠠᠭᠠᠴᠢ ᠶᠢᠨ ᠠᠯᠬᠤᠮ ᠤᠨ ᠠᠵᠢᠯ ᠢᠶᠠᠨ ᠳᠣᠭᠢᠷᠠᠭᠤᠯᠤᠨ ᠪᠠᠶᠢᠷᠢᠯᠠᠭᠤᠯᠪᠠ᠃     ᠬᠤᠷᠠᠯ ᠠᠴᠠ᠂ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ ᠶᠡᠷᠦᠩᠬᠡᠢ ᠱᠦᠵᠢ ᠰᠢ ᠶᠢᠨ ᠫᠢᠩ ᠪᠣᠯᠤᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠲᠠᠢ ᠡᠷᠡᠰ ᠨᠢᠭᠡᠳᠬᠡᠵᠦ᠂ ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠶᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠦᠷᠭᠦᠯᠵᠢᠯᠡᠨ ᠭᠦᠨᠵᠡᠭᠡᠢ ᠥᠷᠨᠢᠭᠦᠯᠬᠦ ᠬᠡᠷᠡᠭᠲᠡᠢ᠃ ᠭᠦᠨᠵᠡᠭᠡᠶ ᠰᠤᠷᠭᠠᠮᠵᠢ ᠠᠪᠴᠤ᠂ ᠰᠠᠬᠢᠯᠭ᠎ᠠ ᠪᠠᠲᠤ ᠶᠢ ᠬᠡᠷᠡᠭᠵᠢᠭᠦᠯᠦᠨ ᠬᠠᠷᠢᠭᠤᠴᠠᠯᠭ᠎ᠠ ᠨᠡᠬᠡᠮᠵᠢᠯᠡᠬᠦ ᠶᠢ ᠴᠢᠩᠭᠠᠳᠬᠠᠵᠤ᠂ ᠰᠤᠷᠳᠠᠯ ᠤᠨ ᠢᠯᠵᠠᠷᠠᠯ ᠢ ᠵᠡᠷᠭᠡᠪᠡᠷ ᠪᠠᠶᠢᠴᠠᠭᠠᠵᠤ ᠵᠡᠷᠭᠡᠪᠡᠷ ᠵᠠᠰᠠᠬᠤ ᠶᠢ ᠪᠠᠷᠢᠮᠳᠠᠯᠠᠵᠤ᠂ ᠰᠠᠬᠢᠯᠭ᠎ᠠ ᠪᠠᠳᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠶᠢᠨ ︽ᠢᠳᠡᠭᠡᠨ ᠤᠮᠳᠠᠭᠠᠨ ᠤ ᠲᠠᠯ᠎ᠠ ᠪᠠᠷ ᠬᠢ ᠢᠯᠵᠠᠷᠠᠯ ᠤᠨ ᠠᠰᠠᠭᠤᠳᠠᠯ︾᠎ ᠢ ᠡᠷᠡᠰ ᠵᠠᠯᠬᠠᠭᠠᠨ ᠰᠢᠳᠭᠡᠵᠤ᠂  ︽ᠠᠷᠢᠬᠢᠨ ᠰᠢᠷᠡᠭᠡᠨ ᠲᠡᠭᠡᠷᠡᠬᠢ ᠠᠷᠠᠯᠵᠢᠶ᠎ᠠ︾᠎ ᠶᠢ ᠡᠷᠡᠰ ᠬᠤᠷᠢᠭᠯᠠᠵᠤ᠂ ᠰᠤᠷᠲᠠᠯ ᠴᠢᠬᠡᠴᠢ ᠣᠪᠣᠷ ᠲᠥᠪ ᠤᠯᠤᠰ ᠲᠥᠷᠥ ᠶᠢᠨ ᠠᠮᠢ ᠠᠬᠤᠶ ᠪᠣᠯᠤᠨ ᠰᠠᠶᠢᠨ ᠰᠠᠶᠢᠬᠠᠨ ᠬᠥᠭᠵᠢᠯᠲᠡ ᠶᠢᠨ ᠣᠷᠴᠢᠨ ᠲᠣᠭᠤᠷᠢᠨ ᠢ ᠪᠣᠶ ᠪᠣᠯᠭᠠᠬᠤ ᠬᠡᠷᠡᠭᠲᠡᠶ᠃ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠭᠤᠣᠯ ᠴᠣᠭᠴᠠ ᠶᠢᠨ ᠬᠠᠷᠢᠭᠤᠴᠠᠯᠭ᠎ᠠ ᠪᠣᠯᠤᠨ ︽ᠨᠢᠭᠡ ᠠᠵᠢᠯ ᠤᠨ ᠪᠠᠶᠢᠷᠢ ᠳᠤ ᠬᠤᠣᠰ ᠬᠠᠷᠢᠭᠤᠴᠠᠯᠭ᠎ᠠ ᠡᠭᠦᠷᠭᠡᠯᠡᠬᠦ︾᠎ ᠶᠢ ᠰᠠᠶᠢᠳᠤᠷ ᠭᠦᠢᠴᠡᠳᠬᠡᠵᠦ᠂ ᠰᠤᠷᠲᠠᠯ ᠤᠨ ᠪᠠᠶᠢᠭᠤᠯᠤᠯᠲᠠ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠵᠤ᠂ ᠨᠡᠩ ᠥᠨᠳᠥᠷ ᠪᠠᠷᠢᠮᠵᠢᠶ᠎ᠠ᠂ ᠨᠡᠩ ᠴᠢᠩᠭ᠎ᠠ ᠱᠠᠭᠠᠷᠳᠠᠯᠭ᠎ᠠ ᠪᠠᠷ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠤᠨ ᠠᠮᠵᠢᠯᠲᠠ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠢ ᠭᠡᠵᠤ ᠴᠢᠩᠭᠠᠳᠬᠠᠵᠠᠢ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃   
 
ᠢᠷᠡᠯᠲᠡ᠄ ᠵᠠᠯᠠᠶᠢᠳ ᠤᠨ ᠸᠢᠴᠠᠲ ᠮᠡᠳᠡᠭᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号