| 6 ᠰᠠᠷ᠎ᠠ ᠶᠢᠨ 10 ᠤ ᠡᠳᠦᠷ᠂ ᠵᠠᠯᠠᠶᠢᠳ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ | ᠳᠠᠷᠤᠭ᠎ᠠ ᠯᠢ ᠬᠤᠤ ᠵᠠᠯᠠᠶᠢᠳ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠵᠠᠰᠠᠭ ᠤᠨ | ᠣᠷᠳᠣᠨ ᠤ 2025 ᠣᠨ ᠤ 6 ᠳ᠋ᠤᠭᠠᠷ ᠤᠳᠠᠭᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠢ | ᠡᠷᠭᠢᠯᠡᠨ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠲᠥᠪ ᠤᠨ ᠨᠠᠢᠮᠠᠨ ᠲᠣᠭᠲᠠᠭᠠᠯ ᠤᠨ ᠵᠣᠷᠢᠭ | ᠰᠠᠨᠠᠭ᠎ᠠ ᠶᠢ ᠭᠦᠨᠵᠡᠭᠡᠶ ᠲᠤᠭᠤᠰᠢᠯᠠᠭᠤᠯᠬᠤ ᠲᠤᠬᠠᠶ ᠴᠢᠬᠤᠯᠠ ᠶᠠᠷᠢᠶᠠᠨ ᠤ ᠵᠣᠷᠢᠭ ᠰᠠᠨᠠᠭ᠎ᠠ ᠵᠢᠴᠢ ᠲᠥᠪ ᠬᠤᠷᠢᠶ᠎ᠠ᠂ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶᠠᠨ ᠤ ᠬᠠᠮᠢᠶ᠎ᠠ ᠪᠥᠬᠦᠶ ᠪᠢᠴᠢᠭ | ᠮᠠᠲ᠋ᠧᠷᠢᠶᠠᠯ ᠤᠨ ᠵᠣᠷᠢᠭ ᠰᠠᠨᠠᠭ᠎ᠠ ᠪᠠ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠤᠯᠠᠮᠵᠢᠯᠠᠨ ᠰᠤᠷᠤᠯᠴᠠᠵᠤ᠂ ᠬᠠᠮᠢᠶ᠎ᠠ | ᠪᠥᠬᠦᠶ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠠᠷᠠᠭᠠᠴᠢ ᠶᠢᠨ ᠠᠯᠬᠤᠮ ᠤᠨ ᠠᠵᠢᠯ ᠢᠶᠠᠨ | ᠳᠣᠭᠢᠷᠠᠭᠤᠯᠤᠨ ᠪᠠᠶᠢᠷᠢᠯᠠᠭᠤᠯᠪᠠ᠃ | ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠤᠷᠲᠠᠯ ᠤᠨ ᠪᠠᠶᠢᠭᠤᠯᠤᠯᠲᠠ ᠶᠢ | ᠴᠢᠩᠭᠠᠳᠬᠠᠬᠤ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠵᠤ᠂ ᠲᠣᠭᠲᠠᠭᠠᠯ ᠠᠴᠠ ᠵᠥᠷᠢᠴᠡᠨ ᠢᠳᠡᠵᠦ | ᠤᠤᠭᠤᠬᠤ ᠶᠢ ᠲᠥᠪᠯᠡᠷᠡᠭᠦᠯᠦᠨ ᠴᠡᠭᠴᠡᠯᠡᠨ ᠵᠠᠰᠠᠬᠤ ᠶᠢ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ | ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ ᠴᠢᠬᠤᠯᠠ ᠡᠭᠦᠷᠭᠡ ᠪᠣᠯᠭᠠᠨ ᠴᠢᠩᠭ᠎ᠠ ᠠᠳᠬᠤᠨ | ᠪᠣᠳᠠᠲᠠᠢ ᠠᠳᠬᠤᠵᠤ᠂ ᠦᠵᠡᠯ ᠰᠠᠨᠠᠭᠠᠨ ᠤ ᠰᠡᠷᠭᠡᠶᠢᠯᠡᠯᠲᠡ ᠶᠢᠨ ᠱᠤᠭᠤᠮ ᠢ ᠡᠷᠡᠰ ᠪᠠᠲᠤ ᠴᠣᠭᠴᠠᠯᠠᠵᠤ᠂ ︽ | ᠢᠳᠡᠭᠡᠨ ᠤᠮᠳᠠᠭᠠᠨ ᠤ ᠲᠠᠯ᠎ᠠ ᠪᠠᠷ ᠬᠢ ᠢᠯᠵᠠᠷᠠᠯ ᠤᠨ ᠠᠰᠠᠭᠤᠳᠠᠯ︾ ᠢ ᠴᠢᠩᠭ᠎ᠠ ᠰᠡᠷᠭᠡᠶᠢᠯᠡᠬᠦ ᠬᠡᠷᠡᠭᠲᠡᠢ᠃ ᠡᠰᠡᠷᠭᠦ | ᠲᠠᠯ᠎ᠠ ᠶᠢᠨ ᠨᠡᠶᠢᠲᠡᠯᠢᠭ ᠬᠡᠷᠡᠭ ᠤᠨ ᠵᠢᠱᠢᠶ᠎ᠡ ᠳᠤ ᠢᠯᠡᠷᠡᠭᠰᠡᠨ ᠲᠤᠪᠤᠶᠢᠮ᠎ᠠ ᠠᠰᠠᠭᠤᠳᠠᠯ ᠳᠤ ᠰᠠᠨᠠᠭᠠᠴᠢᠯᠠᠭ᠎ᠠ ᠠᠴᠠ ᠪᠠᠨ | ᠴᠢᠭᠯᠡᠭᠦᠯᠦᠨ ᠭᠦᠨᠵᠡᠭᠡᠢ ᠲᠤᠩᠭᠠᠨ ᠪᠣᠳᠣᠯᠬᠢᠯᠠᠵᠤ᠂ ᠰᠡᠷᠡᠮᠵᠢ ᠶᠢᠨ ᠬᠤᠩᠬᠤ ᠶᠢ ᠪᠠᠶᠢᠩᠭᠤ ᠳᠤᠤᠭᠠᠷᠭᠠᠵᠤ᠂ | ᠰᠠᠬᠢᠯᠭ᠎ᠠ ᠪᠠᠲᠤ ᠶᠣᠰᠣ ᠲᠦᠷᠢᠮ ᠢ ᠦᠨᠡᠨ ᠬᠦ ᠤᠯᠤᠰ ᠲᠦᠷᠦ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ᠂ | ᠦᠢᠯᠡ ᠠᠵᠢᠯᠯᠠᠭᠠᠨ ᠤ ᠤᠬᠠᠮᠰᠠᠷ ᠪᠣᠯᠭᠠᠨ ᠬᠤᠪᠢᠷᠠᠭᠤᠯᠬᠤ ᠬᠡᠷᠡᠭᠲᠡᠢ᠃ ᠵᠣᠬᠢᠶᠠᠨ ᠪᠠᠶᠢᠭᠤᠯᠤᠯᠲᠠ ᠶᠢᠨ | ᠤᠳᠤᠷᠢᠳᠤᠯᠭ᠎ᠠ ᠪᠠᠨ ᠴᠢᠩᠭᠠᠳᠬᠠᠵᠤ᠂ ᠳᠡᠭᠡᠳᠦ ᠱᠠᠲᠤ ᠨᠢ ᠳᠣᠤᠷᠠᠳᠤ ᠱᠠᠲᠤ ᠪᠠᠨ ᠳᠠᠭᠠᠭᠤᠯᠤᠨ ᠥᠪᠡᠷ ᠢ ᠪᠠᠨ | ᠴᠢᠩᠭ᠎ᠠ ᠬᠠᠮᠢᠶᠠᠷᠴᠤ᠂ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ ᠡᠩᠨᠡᠭᠡ ᠶᠢ ᠴᠢᠩᠭᠠᠳᠬᠠᠵᠤ᠂ ᠲᠣᠭᠲᠠᠭᠠᠯ ᠠᠴᠠ | ᠵᠥᠷᠢᠴᠡᠨ ᠢᠳᠡᠵᠦ ᠤᠤᠭᠤᠬᠤ ᠦᠢᠯᠡ ᠠᠵᠢᠯᠯᠠᠭ᠎ᠠ ᠶᠢ ᠡᠬᠢ ᠡᠭᠦᠰᠦᠯ ᠠᠴᠠ ᠨᠢ ᠰᠡᠷᠭᠡᠶᠢᠯᠡᠨ ᠬᠤᠷᠢᠭᠯᠠᠵᠤ᠂ | ᠰᠤᠷᠲᠠᠯ ᠤᠨ ᠪᠠᠶᠢᠭᠤᠯᠤᠯᠲᠠ ᠶᠢ ᠪᠠᠶᠢᠩᠭᠤᠵᠢᠭᠤᠯᠬᠤ᠂ ᠣᠷᠳᠣ ᠬᠤᠭᠤᠴᠠᠭ᠎ᠠ ᠪᠠᠷ ᠪᠦᠲᠦᠮᠵᠢᠲᠡᠶ ᠪᠣᠯᠭᠠᠬᠤ ᠶᠢ | ᠠᠬᠢᠭᠤᠯᠬᠤ ᠬᠡᠷᠡᠭᠲᠡᠶ ᠭᠡᠵᠤ ᠴᠢᠬᠤᠯᠠᠴᠢᠯᠠᠵᠠᠢ᠃ |