| 6 ᠰᠠᠷ᠎ᠠ ᠶᠢᠨ 10 ᠤ ᠡᠳᠦᠷ᠂ ᠵᠠᠯᠠᠶᠢᠳ ᠬᠤᠰᠢᠭᠤᠨ ᠤ ᠨᠠᠮ ᠤᠨ ᠬᠤᠷᠢᠶᠠᠨ ᠤ ᠱᠦᠵᠢ ᠴᠢ ᠯᠢᠨ ᠳᠤᠮᠳᠠᠳᠤ | ᠤᠯᠤᠰ ᠤᠨ ᠡᠪ ᠬᠠᠮᠲᠤ ᠨᠠᠮ ᠤᠨ ᠵᠠᠯᠠᠶᠢᠳ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠬᠤᠷᠢᠶᠠᠨ ᠤ | ᠪᠠᠶᠢᠩᠭᠤ ᠶᠢᠨ ᠬᠤᠷᠢᠶ᠎ᠠ 2025 ᠣᠨ ᠤ ᠠᠷᠪᠠᠨ ᠵᠢᠷᠭᠤᠳᠤᠭᠠᠷ ᠤᠳᠠᠭ᠎ᠠ ᠶᠢᠨ ᠬᠤᠷᠠᠯ ᠢ ᠡᠷᠭᠢᠯᠡᠨ | ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ | ᠭᠦᠨᠵᠡᠭᠡᠶ ᠲᠤᠭᠤᠰᠢᠯᠠᠭᠤᠯᠬᠤ ᠲᠤᠬᠠᠶ ᠴᠢᠬᠤᠯᠠ ᠶᠠᠷᠢᠶᠠᠨ ᠤ ᠵᠣᠷᠢᠭ ᠰᠠᠨᠠᠭ᠎ᠠ ᠵᠢᠴᠢ ᠲᠥᠪ ᠬᠤᠷᠢᠶ᠎ᠠ᠂ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶᠠᠨ ᠤ ᠬᠠᠮᠢᠶ᠎ᠠ ᠪᠥᠬᠦᠶ ᠬᠤᠷᠠᠯ ᠪᠠ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ | ᠤᠯᠠᠮᠵᠢᠯᠠᠨ ᠰᠤᠷᠤᠯᠴᠠᠵᠤ᠂ ᠲᠠᠷᠠᠭᠠᠴᠢ ᠶᠢᠨ ᠠᠯᠬᠤᠮ ᠤᠨ ᠠᠵᠢᠯ ᠢᠶᠠᠨ ᠳᠣᠭᠢᠷᠠᠭᠤᠯᠤᠨ ᠪᠠᠶᠢᠷᠢᠯᠠᠭᠤᠯᠪᠠ᠃ | ᠬᠤᠷᠠᠯ ᠠᠴᠠ᠂ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠦᠵᠡᠯ ᠰᠠᠨᠠᠭ᠎ᠠ ᠪᠣᠯᠤᠨ ᠦᠢᠯᠡ | ᠠᠵᠢᠯᠯᠠᠭ᠎ᠠ ᠪᠠᠨ ᠶᠡᠷᠦᠩᠬᠡᠢ ᠱᠦᠵᠢ ᠰᠢ ᠶᠢᠨ ᠫᠢᠩ ᠪᠣᠯᠤᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ | ᠪᠠᠶᠢᠷᠢᠯᠠᠭᠤᠯᠤᠯᠲᠠ ᠲᠠᠢ ᠡᠷᠡᠰ ᠨᠢᠭᠡᠳᠬᠡᠵᠦ᠂ ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠶᠢ | ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠦᠷᠭᠦᠯᠵᠢᠯᠡᠨ ᠭᠦᠨᠵᠡᠭᠡᠢ ᠥᠷᠨᠢᠭᠦᠯᠬᠦ ᠬᠡᠷᠡᠭᠲᠡᠢ᠃ ᠭᠦᠨᠵᠡᠭᠡᠶ | ᠰᠤᠷᠭᠠᠮᠵᠢ ᠠᠪᠴᠤ᠂ ᠰᠠᠬᠢᠯᠭ᠎ᠠ ᠪᠠᠲᠤ ᠶᠢ ᠬᠡᠷᠡᠭᠵᠢᠭᠦᠯᠦᠨ ᠬᠠᠷᠢᠭᠤᠴᠠᠯᠭ᠎ᠠ ᠨᠡᠬᠡᠮᠵᠢᠯᠡᠬᠦ ᠶᠢ ᠴᠢᠩᠭᠠᠳᠬᠠᠵᠤ᠂ | ᠰᠤᠷᠳᠠᠯ ᠤᠨ ᠢᠯᠵᠠᠷᠠᠯ ᠢ ᠵᠡᠷᠭᠡᠪᠡᠷ ᠪᠠᠶᠢᠴᠠᠭᠠᠵᠤ ᠵᠡᠷᠭᠡᠪᠡᠷ ᠵᠠᠰᠠᠬᠤ ᠶᠢ ᠪᠠᠷᠢᠮᠳᠠᠯᠠᠵᠤ᠂ ᠰᠠᠬᠢᠯᠭ᠎ᠠ ᠪᠠᠳᠤ | ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠶᠢᠨ ︽ᠢᠳᠡᠭᠡᠨ ᠤᠮᠳᠠᠭᠠᠨ ᠤ ᠲᠠᠯ᠎ᠠ ᠪᠠᠷ ᠬᠢ ᠢᠯᠵᠠᠷᠠᠯ ᠤᠨ | ᠠᠰᠠᠭᠤᠳᠠᠯ︾ ᠢ ᠡᠷᠡᠰ ᠵᠠᠯᠬᠠᠭᠠᠨ ᠰᠢᠳᠭᠡᠵᠤ᠂ ︽ᠠᠷᠢᠬᠢᠨ ᠰᠢᠷᠡᠭᠡᠨ ᠲᠡᠭᠡᠷᠡᠬᠢ ᠠᠷᠠᠯᠵᠢᠶ᠎ᠠ︾ ᠶᠢ ᠡᠷᠡᠰ | ᠬᠤᠷᠢᠭᠯᠠᠵᠤ᠂ ᠰᠤᠷᠲᠠᠯ ᠴᠢᠬᠡᠴᠢ ᠣᠪᠣᠷ ᠲᠥᠪ ᠤᠯᠤᠰ ᠲᠥᠷᠥ ᠶᠢᠨ ᠠᠮᠢ ᠠᠬᠤᠶ ᠪᠣᠯᠤᠨ ᠰᠠᠶᠢᠨ ᠰᠠᠶᠢᠬᠠᠨ | ᠬᠥᠭᠵᠢᠯᠲᠡ ᠶᠢᠨ ᠣᠷᠴᠢᠨ ᠲᠣᠭᠤᠷᠢᠨ ᠢ ᠪᠣᠶ ᠪᠣᠯᠭᠠᠬᠤ ᠬᠡᠷᠡᠭᠲᠡᠶ᠃ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ | ᠭᠤᠣᠯ ᠴᠣᠭᠴᠠ ᠶᠢᠨ ᠬᠠᠷᠢᠭᠤᠴᠠᠯᠭ᠎ᠠ ᠪᠣᠯᠤᠨ ︽ᠨᠢᠭᠡ ᠠᠵᠢᠯ ᠤᠨ ᠪᠠᠶᠢᠷᠢ ᠳᠤ ᠬᠤᠣᠰ ᠬᠠᠷᠢᠭᠤᠴᠠᠯᠭ᠎ᠠ | ᠡᠭᠦᠷᠭᠡᠯᠡᠬᠦ︾ ᠶᠢ ᠰᠠᠶᠢᠳᠤᠷ ᠭᠦᠢᠴᠡᠳᠬᠡᠵᠦ᠂ ᠰᠤᠷᠲᠠᠯ ᠤᠨ ᠪᠠᠶᠢᠭᠤᠯᠤᠯᠲᠠ ᠶᠢ ᠲᠠᠰᠤᠷᠠᠯᠲᠠ ᠦᠭᠡᠢ | ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠵᠤ᠂ ᠨᠡᠩ ᠥᠨᠳᠥᠷ ᠪᠠᠷᠢᠮᠵᠢᠶ᠎ᠠ᠂ ᠨᠡᠩ ᠴᠢᠩᠭ᠎ᠠ | ᠱᠠᠭᠠᠷᠳᠠᠯᠭ᠎ᠠ ᠪᠠᠷ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠤᠨ ᠠᠮᠵᠢᠯᠲᠠ ᠪᠦᠲᠦᠮᠵᠢ ᠤᠯᠬᠤ ᠶᠢ ᠠᠬᠢᠭᠤᠯᠬᠤ | ᠬᠡᠷᠡᠭᠲᠡᠢ ᠭᠡᠵᠤ ᠴᠢᠩᠭᠠᠳᠬᠠᠵᠠᠢ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ | |