| | | ᠨᠢᠭᠡ᠂ ᠨᠡᠶᠢᠲᠡᠯᠡᠭᠰᠡᠨ ᠠᠬᠤᠶ ᠪᠠᠶᠢᠳᠠᠯ | ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ | ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠤᠲᠤᠭ ᠪᠡᠯᠴᠢᠭᠡᠷ ᠤᠨ ᠲᠠᠭᠠᠭᠠᠴᠡ ᠠᠴᠠ | ᠬᠡᠳᠤᠷᠠᠳᠠᠯ᠎ᠠ ᠮᠠᠯᠵᠢᠬᠤ ᠠᠰᠠᠭᠤᠳᠠᠯ ᠢ ᠰᠠᠶᠢᠲᠤᠷ ᠰᠢᠢᠳᠪᠦᠷᠢᠯᠡᠵᠦ᠂ ᠨᠤᠲᠤᠭ ᠪᠡᠯᠴᠢᠭᠡᠷ ᠲᠤ ᠰᠡᠯᠭᠦᠨ ᠮᠠᠯᠵᠢᠬᠤ ᠪᠠ | ᠮᠠᠯ ᠠᠵᠤ ᠠᠬᠤᠶ ᠶᠢᠨ ᠬᠡᠯᠪᠡᠷᠢ ᠶᠢ ᠬᠤᠪᠢᠷᠠᠭᠤᠯᠤᠨ ᠲᠠᠰ ᠲᠡᠪᠰᠢᠬᠦᠯᠬᠦ ᠶᠢ ᠠᠬᠢᠭᠤᠯᠬᠤ ᠶᠢᠨ ᠲᠥᠯᠥᠭᠡ᠂ | ᠲᠤᠷᠰᠢᠯᠲᠠ ᠶᠢᠨ ᠠᠵᠢᠯ ᠤᠨ ᠲᠤᠷᠰᠢᠯᠭ᠎ᠠ ᠪᠠᠨ ᠪᠥᠬᠦ ᠲᠠᠯ᠎ᠠ ᠪᠠᠷ ᠳ᠋ᠦᠩᠨᠡᠭᠰᠡᠨ ᠰᠠᠭᠤᠷᠢᠨ ᠳᠡᠭᠡᠷ᠎ᠡ᠂ ︽ᠥᠪᠡᠷᠲᠡᠭᠡᠨ | ᠵᠠᠰᠠᠬᠤ ᠣᠷᠣᠨ ᠤ ᠨᠤᠲᠤᠭ ᠪᠡᠯᠴᠢᠭᠡᠷ ᠤᠨ ᠲᠠᠭᠠᠭᠠᠴᠡ ᠠᠴᠠ ᠬᠡᠳᠤᠷᠡᠳᠡᠯ᠎ᠡ ᠮᠠᠯᠵᠢᠬᠤ ᠠᠰᠠᠭᠤᠳᠠᠯ ᠢ ᠪᠥᠬᠦ | ᠲᠠᠯ᠎ᠠ ᠪᠠᠷ ᠰᠢᠢᠳᠪᠦᠷᠢᠯᠡᠬᠦ ᠬᠡᠷᠡᠭᠵᠢᠭᠦᠯᠬᠦ ᠲᠥᠰᠦᠯ ᠢ ᠳᠠᠷᠤᠮᠠᠯᠯᠠᠨ ᠲᠠᠷᠬᠠᠭᠠᠬᠤ ᠲᠤᠬᠠᠶ ᠥᠪᠡᠷᠲᠡᠭᠡᠨ ᠵᠠᠰᠠᠬᠤ | ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ ᠵᠠᠰᠠᠭ ᠠᠯᠪᠠᠨ | ᠲᠠᠷᠬᠠᠭᠠᠭᠰᠠᠨ ﹇2024﹈ 63 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ ᠮᠠᠨ ᠤ ᠬᠤᠰᠢᠭᠤᠨ ᠤ | ᠪᠣᠳᠠᠲᠠᠶ ᠲᠠᠢ ᠪᠠᠨ ᠤᠶᠠᠯᠳᠤᠭᠤᠯᠤᠨ᠂ ᠲᠣᠰ ᠲᠥᠰᠦᠯ ᠢ ᠲᠣᠭᠲᠠᠭᠠᠪᠠ᠃ | ᠬᠤᠶᠠᠷ᠂ ᠨᠡᠶᠢᠲᠡᠯᠡᠭᠰᠡᠨ ᠦᠨᠳᠦᠰᠦᠯᠡᠯ | ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠤᠲᠤᠭ ᠪᠡᠯᠴᠢᠭᠡᠷ ᠤᠨ ᠬᠠᠤᠯᠢ︾᠂ ︽ᠪᠦᠭᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠳᠦᠷᠢᠮ︾᠂ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠤᠲᠤᠭ ᠪᠡᠯᠴᠢᠭᠡᠷ ᠤᠨ ᠬᠠᠮᠢᠶᠠᠷᠤᠯᠲᠠ ᠶᠢᠨ ᠳᠦᠷᠢᠮ︾᠂ ︽ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠪᠡᠯᠴᠢᠭᠡᠷ ᠢ ᠲᠠᠩᠴᠡᠬᠦᠷᠢᠳᠠᠢ ᠪᠠᠶᠢᠯᠭᠠᠬᠤ ᠪᠠ | ᠪᠡᠯᠴᠢᠭᠡᠷᠯᠡᠭᠦᠯᠬᠦ ᠶᠢ ᠵᠤᠭᠰᠤᠭᠠᠵᠤ ᠪᠡᠯᠴᠢᠭᠡᠷ ᠢ ᠰᠡᠯᠬᠦᠬᠦ ᠳᠦᠷᠢᠮ︾᠂ ︽ᠥᠪᠡᠷᠲᠡᠭᠡᠨ ᠵᠠᠰᠠᠬᠤ ᠣᠷᠣᠨ ᠤ | ᠨᠤᠲᠤᠭ ᠪᠡᠯᠴᠢᠭᠡᠷ ᠤᠨ ᠲᠠᠭᠠᠭᠠᠴᠡ ᠠᠴᠠ ᠬᠡᠳᠤᠷᠡᠳᠠᠯ᠎ᠠ ᠮᠠᠯᠵᠢᠬᠤ ᠠᠰᠠᠭᠤᠳᠠᠯ ᠢ ᠪᠦᠬᠦ ᠲᠠᠯ᠎ᠠ ᠪᠠᠷ ᠰᠢᠢᠳᠪᠤᠷᠢᠯᠡᠬᠦ | ᠬᠡᠷᠡᠭᠵᠢᠭᠦᠯᠬᠦ ᠲᠥᠰᠦᠯ ᠢ ᠳᠠᠷᠤᠮᠠᠯᠯᠠᠨ ᠲᠠᠷᠬᠠᠭᠠᠬᠤ ᠲᠤᠬᠠᠶ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ᠢᠶᠠᠷ ᠦᠨᠳᠤᠰᠤᠯᠡᠯ ᠪᠤᠯᠭᠠᠵᠠᠢ᠃ | ᠭᠤᠷᠪᠠ᠂ ᠵᠠᠩᠭᠢᠯᠠᠭ᠎ᠠ ᠶᠢᠨ ᠦᠭᠡᠰ ᠤᠨ ᠲᠠᠶᠢᠯᠤᠮᠵᠢ | ︵ᠨᠢᠭᠡ︶ ᠪᠡᠯᠴᠢᠭᠡᠷᠯᠡᠭᠦᠯᠬᠦ ᠶᠢ ᠵᠤᠭᠰᠤᠭᠠᠬᠤ ᠣᠷᠣᠨ᠄ ᠪᠡᠯᠴᠢᠭᠡᠷᠯᠡᠭᠦᠯᠬᠦ ᠶᠢ ᠵᠤᠭᠰᠤᠭᠠᠬᠤ ᠣᠷᠣᠨ | ᠭᠡᠳᠡᠭ ᠨᠢ ᠪᠡᠯᠴᠢᠭᠡᠷᠯᠡᠭᠦᠯᠬᠦ ᠶᠢ ᠵᠤᠭᠰᠤᠭᠠᠬᠤ ᠶᠢ ᠬᠡᠷᠡᠭᠵᠢᠭᠦᠯᠬᠦ ᠣᠷᠣᠨ ᠪᠣᠯᠤᠨ᠎ᠠ᠂ ᠡᠩ ᠤᠨ ᠪᠠᠶᠢᠳᠠᠯ ᠳᠤ ᠨᠤᠲᠤᠭ | ᠪᠡᠯᠴᠢᠭᠡᠷ ᠤᠨ ᠠᠮᠢ ᠠᠬᠤᠶ ᠶᠢ ᠬᠦᠨᠳᠦ ᠨᠣᠴᠢᠲᠠᠶ ᠡᠪᠳᠡᠭᠰᠡᠨ ᠣᠷᠣᠨ᠂ ᠠᠮᠢ ᠠᠬᠤᠶ ᠶᠢᠨ ᠬᠡᠪᠡᠷᠡᠭ ᠣᠷᠣᠨ ᠪᠣᠯᠤᠨ | ᠰᠢᠭᠤᠶᠢᠲᠤ ᠣᠷᠣᠨ᠂ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠵᠡᠷᠭᠡ ᠠᠮᠢ ᠠᠬᠤᠶ ᠶᠢᠨ ᠵᠠᠩᠭᠢᠯᠠᠭ᠎ᠠ ᠶᠢᠨ ᠣᠷᠣᠨ | ᠪᠣᠯᠤᠨ᠎ᠠ᠃ | ︵ᠬᠤᠶᠠᠷ︶ ᠮᠠᠯ ᠪᠡᠯᠴᠢᠭᠡᠷ ᠢ ᠲᠡᠩᠴᠡᠬᠦᠷᠢᠳᠠᠢ ᠪᠠᠶᠢᠯᠭᠠᠬᠤ ᠣᠷᠣᠨ᠄ ᠵᠣᠬᠢᠬᠤ ᠣᠷᠣᠨ ᠪᠦᠰᠡ ᠪᠣᠯᠤᠨ ᠴᠠᠭ | ᠬᠤᠭᠤᠴᠠᠭᠠᠨ ᠳᠤ᠂ ᠨᠤᠲᠤᠭ ᠪᠡᠯᠴᠢᠭᠡᠷ ᠪᠣᠯᠤᠨ ᠪᠤᠰᠤᠳ ᠠᠷᠭ᠎ᠠ ᠵᠠᠮ ᠢᠶᠠᠷ ᠳᠠᠮᠵᠢᠭᠤᠯᠤᠨ ᠬᠠᠩᠭᠠᠭᠰᠠᠨ ᠲᠡᠵᠢᠭᠡᠯ | ᠡᠪᠡᠰᠦ ᠪᠤᠷᠳᠤᠭ᠎ᠠ ᠶᠢᠨ ᠬᠡᠮᠵᠢᠶ᠎ᠡ ᠶᠢ ᠲᠡᠵᠢᠭᠡᠵᠦ ᠪᠠᠶᠢᠭ᠎ᠠ ᠮᠠᠯ ᠤᠨᠤᠭ᠎ᠠ ᠶᠢᠨ ᠬᠡᠷᠡᠭᠰᠡᠬᠦ ᠲᠡᠵᠢᠭᠡᠯ ᠡᠪᠡᠰᠦ | ᠪᠤᠷᠳᠤᠭ᠎ᠠ ᠯᠦᠭᠡ ᠬᠠᠷᠢᠴᠠᠩᠭᠤᠶ ᠪᠠᠷ ᠲᠡᠩᠴᠡᠬᠦᠷᠢ ᠲᠠᠢ ᠪᠠᠶᠢᠯᠭᠠᠬᠤ ᠶᠢ ᠵᠢᠭᠠᠵᠤ ᠪᠤᠶ᠂ ᠥᠭᠡᠷ᠎ᠡ ᠪᠠᠷ ᠬᠡᠯᠡᠪᠡᠯ᠂ | ᠮᠠᠯ ᠤᠨᠤᠭ᠎ᠠ ᠳᠤ ᠭᠦᠢᠴᠡᠳ ᠲᠡᠵᠢᠭᠡᠯ ᠡᠪᠡᠰᠦ ᠪᠣᠷᠳᠤᠭ᠎ᠠ ᠪᠠᠶᠢᠬᠤ ᠶᠢ ᠪᠠᠲᠤᠯᠠᠬᠤ ᠮᠥᠷᠲᠡᠭᠡᠨ ᠨᠤᠲᠤᠭ ᠪᠡᠯᠴᠢᠭᠡᠷ ᠢ | ᠴᠤ ᠡᠪᠳᠡᠬᠦ ᠦᠭᠡᠶ ᠪᠠᠶᠢᠬᠤ ᠬᠡᠷᠡᠭᠲᠡᠶ᠃ ᠮᠠᠯ ᠪᠡᠯᠴᠢᠭᠡᠷ ᠢ ᠲᠡᠩᠴᠡᠬᠦᠷᠢᠳᠠᠢ ᠪᠠᠶᠢᠯᠭᠠᠬᠤ ᠣᠷᠣᠨ ᠳᠤ ᠲᠣᠭᠲᠠᠮᠠᠯ | ᠬᠤᠭᠤᠴᠠᠭ᠎ᠠ ᠲᠠᠢ ᠪᠠᠷ ᠪᠡᠯᠴᠢᠭᠡᠷ ᠢ ᠠᠮᠠᠷᠠᠭᠤᠯᠬᠤ ᠳᠦᠷᠢᠮ ᠢ ᠬᠡᠷᠡᠭᠵᠢᠭᠦᠯᠤᠨ᠎ᠠ᠃ | ︵ᠭᠤᠷᠪᠠ︶ ᠪᠡᠯᠴᠢᠭᠡᠷ ᠤᠨ ᠲᠠᠭᠠᠭᠠᠴᠠ᠄ ᠵᠣᠬᠢᠬᠤ ᠪᠡᠯᠴᠢᠭᠡᠷ ᠤᠨ ᠲᠠᠯᠠᠪᠠᠢ᠂ ᠵᠣᠬᠢᠬᠤ ᠠᠰᠢᠭᠯᠠᠯᠳᠠ ᠶᠢᠨ | ᠬᠤᠭᠤᠴᠠᠭᠠᠨ ᠳᠤ ᠲᠡᠵᠢᠭᠡᠵᠤ ᠪᠠᠶᠢᠭ᠎ᠠ ᠭᠡᠷ ᠤᠨ ᠲᠡᠵᠢᠭᠡᠪᠦᠷᠢ ᠶᠢᠨ ᠲᠤᠭ᠎ᠠ ᠶᠢ ᠠᠴᠢᠶᠠᠯᠠᠵᠤ ᠪᠠᠶᠢᠨ᠎ᠠ᠃ | ︵ᠲᠦᠷᠪᠡ︶ ᠪᠡᠯᠴᠢᠭᠡᠷ ᠤᠨ ᠳᠠᠭᠠᠭᠠᠴᠠ ᠳᠤ ᠲᠤᠬᠢᠷᠠᠬᠤ ᠬᠡᠮᠵᠢᠶ᠎ᠠ᠄ ᠡᠪᠡᠰᠤ ᠪᠡᠯᠴᠢᠭᠡᠷ ᠤᠨ ᠤᠷᠭᠤᠴᠠ ᠶᠢᠨ | ᠬᠡᠮᠵᠢᠶ᠎ᠡ ᠪᠠ ᠭᠡᠷ ᠤᠨ ᠲᠡᠵᠢᠭᠡᠪᠤᠷᠢ ᠶᠢᠨ ᠢᠳᠡᠰᠢᠯᠡᠬᠦ ᠬᠡᠮᠵᠢᠶ᠎ᠠ ᠲᠠᠩᠴᠡᠬᠦᠷᠢᠳᠠᠢ ᠪᠤᠯᠬᠤ ᠦᠶ᠎ᠡ ᠳᠤ ᠲᠠᠷᠤᠢ ᠬᠠᠮᠤᠭ | ᠤᠨ ᠰᠠᠶᠢᠨ ᠪᠡᠯᠴᠢᠭᠡᠷ ᠤᠨ ᠲᠠᠭᠠᠭᠠᠠᠴᠠ ᠶᠢᠨ ᠬᠡᠮᠵᠢᠶ᠎ᠠ ᠪᠠᠷ ᠪᠠᠷᠢᠮᠵᠢᠶ᠎ᠠ ᠪᠤᠯᠭᠠᠪᠠᠯ ᠵᠤᠬᠢᠨ᠎ᠠ᠃ | ᠳᠥᠷᠪᠡ᠂ ᠭᠤᠤᠯᠳᠠᠯᠭ᠎ᠠ ᠲᠠᠢ ᠡᠭᠦᠷᠭᠡ ᠶᠢᠨ ᠲᠠᠶᠢᠯᠤᠮᠵᠢ | ︽ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠪᠡᠯᠴᠢᠭᠡᠷ ᠤᠨ ᠳᠠᠭᠠᠭᠠᠴᠠ ᠠᠴᠠ | ᠬᠡᠳᠦᠷᠡᠭᠰᠡᠨ ᠮᠠᠯ ᠤᠨᠤᠭ᠎ᠠ ᠶᠢ ᠬᠠᠰᠤᠵᠤ ᠪᠠᠭᠠᠰᠬᠠᠬᠤ᠂ ᠨᠤᠲᠤᠭ ᠪᠡᠯᠴᠢᠭᠡᠷ ᠤᠨ ᠬᠢᠨᠠᠯᠲᠠ ᠬᠠᠮᠢᠶᠠᠷᠤᠯᠲᠠ ᠶᠢᠨ ᠬᠢᠷᠢ | ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠬᠦ᠂ ᠮᠠᠯᠵᠢᠬᠤ ᠣᠷᠣᠨ ᠤ ᠦᠢᠯᠡᠳᠪᠦᠷᠢᠯᠡᠯ ᠤᠨ ᠠᠷᠭ᠎ᠠ ᠶᠢ ᠰᠠᠶᠢᠳᠤᠷ | ᠬᠤᠪᠢᠷᠠᠭᠤᠯᠬᠤ᠂ ᠮᠠᠯ ᠠᠵᠤ ᠠᠬᠤᠶ ᠶᠢᠨ ᠣᠷᠣᠯᠭ᠎ᠠ ᠶᠢ ᠨᠡᠮᠡᠭᠳᠡᠭᠦᠯᠬᠦ ᠮᠠᠯᠴᠢᠳ ᠤᠨ ᠣᠷᠣᠯᠭ᠎ᠠ ᠶᠢ ᠨᠡᠮᠡᠭᠳᠡᠭᠦᠯᠬᠦ ᠶᠢ | ᠠᠬᠢᠭᠤᠯᠬᠤ︾ ᠵᠡᠷᠭᠡ ᠳᠥᠷᠪᠡᠨ ᠵᠦᠢᠯ ᠤᠨ ᠭᠤᠤᠯᠳᠠᠯᠭ᠎ᠠ ᠲᠠᠢ ᠡᠭᠦᠷᠭᠡ ᠪᠠᠷ ᠪᠦᠷᠢᠯᠳᠦᠵᠡᠶ᠃ | ︵ᠨᠢᠭᠡ︶ ᠲᠤᠬᠠᠢ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠪᠡᠯᠴᠢᠭᠡᠷ ᠤᠨ | ᠳᠠᠭᠠᠭᠠᠴᠠ ᠠᠴᠠ ᠬᠡᠲᠦᠷᠡᠭᠰᠡᠨ ᠮᠠᠯ ᠤᠨᠤᠭ᠎ᠠ ᠶᠢ ᠪᠠᠭᠠᠰᠬᠠᠨ᠎ᠠ᠃ | ᠪᠡᠯᠴᠢᠭᠡᠷ ᠤᠨ ᠳᠠᠭᠠᠭᠠᠴᠠ ᠠᠴᠠ ᠬᠡᠲᠦᠷᠡᠭᠰᠡᠨ ᠰᠠᠭᠤᠷᠢ ᠲᠤᠭ᠎ᠠ ᠶᠢ ᠲᠣᠳᠣᠷᠬᠠᠶ ᠣᠶᠢᠯᠠᠭᠠᠬᠤ᠂ ᠪᠡᠯᠴᠢᠭᠡᠷ | ᠤᠨ ᠳᠠᠭᠠᠭᠠᠴᠠ ᠠᠴᠠ ᠬᠡᠲᠦᠷᠡᠭᠰᠡᠨ ᠮᠠᠯ ᠤᠨᠤᠭ᠎ᠠ ᠶᠢ ᠰᠠᠯᠭᠠᠨ ᠭᠠᠷᠭᠠᠬᠤ ᠵᠠᠭᠪᠤᠷ ᠢ ᠵᠦᠶ ᠵᠣᠬᠢᠰᠲᠠᠶ ᠲᠣᠭᠲᠠᠭᠠᠬᠤ᠂ | ᠬᠠᠰᠢᠶᠠᠯᠠᠨ ᠲᠡᠵᠢᠭᠡᠵᠦ ᠠᠷᠠᠴᠢᠯᠠᠬᠤ ᠶᠢ ᠠᠬᠢᠭᠤᠯᠬᠤ᠂ ᠡᠷᠴᠢᠮᠵᠢᠭᠦᠯᠤᠨ ᠲᠡᠵᠢᠭᠡᠨ ᠦᠷᠡᠵᠢᠭᠦᠯᠬᠦ ᠶᠢ ᠠᠬᠢᠭᠤᠯᠬᠤ᠂ | ᠮᠠᠯᠴᠢᠨ ᠲᠠᠷᠢᠶᠠᠴᠢᠳ ᠢ ᠲᠠᠶᠢᠴᠢᠯᠡᠨ ᠵᠣᠬᠢᠬᠤ ᠬᠡᠪᠴᠢᠶᠡᠲᠦ ᠦᠬᠡᠷ ᠬᠤᠨᠢ ᠪᠣᠷᠳᠣᠵᠤ ᠲᠠᠷᠭᠤᠯᠠᠭᠤᠯᠬᠤ ᠵᠡᠷᠭᠡ | ᠠᠷᠭ᠎ᠠ ᠪᠠᠷ ᠪᠡᠯᠴᠢᠭᠡᠷ ᠤᠨ ᠳᠠᠭᠠᠭᠠᠴᠠ ᠠᠴᠠ ᠬᠡᠲᠦᠷᠡᠭᠰᠡᠨ ᠮᠠᠯ ᠤᠨᠤᠭ᠎ᠠ ᠶᠢ ᠪᠠᠭᠠᠰᠬᠠᠨ᠎ᠠ᠃ | ︵ᠬᠤᠶᠠᠷ︶ ᠨᠤᠲᠤᠭ ᠪᠡᠯᠴᠢᠭᠡᠷ ᠤᠨ ᠬᠢᠨᠠᠯᠲᠠ ᠬᠠᠮᠢᠶᠠᠷᠤᠯᠲᠠ ᠶᠢᠨ ᠬᠢᠷᠢ ᠲᠦᠪᠰᠢᠨ ᠢ ᠪᠦᠬᠦ ᠲᠠᠯ᠎ᠠ ᠪᠠᠷ | ᠳᠡᠭᠡᠭᠰᠢᠯᠡᠭᠦᠯᠤᠨ᠎ᠠ | ᠱᠠᠩᠨᠠᠵᠤ ᠲᠣᠷᠭᠠᠬᠤ ᠠᠷᠭ᠎ᠠ ᠶᠢ ᠨᠠᠶᠢᠳᠠᠪᠤᠷᠢᠵᠢᠭᠤᠯᠬᠤ᠂ ᠦᠨᠳᠦᠰᠦᠨ ᠱᠠᠲᠤᠨ ᠤ ᠵᠠᠰᠠᠯᠲᠠ ᠶᠢᠨ | ᠴᠢᠳᠠᠪᠤᠷᠢ ᠶᠢ ᠳᠡᠭᠡᠭᠰᠢᠯᠡᠭᠦᠯᠬᠦ᠂ ᠨᠤᠲᠤᠭ ᠪᠡᠯᠴᠢᠭᠡᠷ ᠤᠨ ᠲᠣᠤᠷᠵᠢᠭᠤᠯᠤᠭᠰᠠᠨ ᠬᠢᠨᠠᠯᠲᠠ ᠬᠠᠮᠢᠶᠠᠷᠤᠯᠲᠠ ᠶᠢ | ᠴᠢᠩᠭᠠᠷᠠᠭᠤᠯᠬᠤ᠂ ᠨᠤᠲᠤᠭ ᠪᠡᠯᠴᠢᠭᠡᠷ ᠤᠨ ᠬᠥᠳᠡᠯᠦᠩᠭᠦᠶ ᠬᠢᠨᠠᠨ ᠬᠡᠮᠵᠢᠯᠲᠡ ᠶᠢ ᠴᠢᠩᠭᠠᠳᠬᠠᠬᠤ ᠵᠡᠷᠭᠡ ᠠᠵᠢᠯ ᠢᠶᠠᠷ | ᠳᠠᠮᠵᠢᠭᠤᠯᠤᠨ᠂ ᠨᠤᠲᠤᠭ ᠪᠡᠯᠴᠢᠭᠡᠷ ᠤᠨ ᠬᠢᠨᠠᠯᠲᠠ ᠬᠠᠮᠢᠶᠠᠷᠤᠯᠲᠠ ᠶᠢᠨ ᠠᠵᠢᠯ ᠢ ᠴᠢᠩᠭᠠᠳᠬᠠᠨ᠎ᠠ᠃ | ︵ᠭᠤᠷᠪᠠ︶ ᠮᠠᠯᠵᠢᠬᠤ ᠣᠷᠣᠨ ᠤ ᠦᠢᠯᠡᠳᠪᠦᠷᠢᠯᠡᠯ ᠤᠨ ᠠᠷᠭ᠎ᠠ ᠮᠠᠶ᠋ᠢᠭ ᠢ ᠠᠯᠬᠤᠮ ᠠᠯᠬᠤᠮ ᠢᠶᠠᠷ | ᠬᠤᠪᠢᠷᠠᠭᠤᠯᠤᠨ᠎ᠠ | ᠲᠡᠵᠢᠭᠡᠯ ᠪᠣᠷᠳᠤᠭ᠎ᠠ ᠶᠢᠨ ᠬᠠᠩᠭᠠᠯᠭ᠎ᠠ ᠶᠢᠨ ᠪᠠᠲᠤᠯᠠᠭ᠎ᠠ ᠶᠢ ᠴᠢᠩᠭᠠᠳᠬᠠᠬᠤ᠂ ᠡᠰᠢ ᠰᠦᠷᠡᠯ ᠢ ᠰᠠᠶᠢᠳᠤᠷ | ᠠᠰᠢᠭᠯᠠᠬᠤ ᠶᠢ ᠴᠢᠩᠭᠠᠳᠬᠠᠬᠤ᠂ ᠲᠡᠵᠢᠭᠡᠯ ᠪᠣᠷᠳᠤᠭ᠎ᠠ ᠶᠢ ᠬᠠᠳᠠᠭᠠᠯᠠᠵᠤ ᠵᠥᠭᠡᠭᠡᠪᠦᠷᠢᠯᠡᠨ ᠪᠤᠷᠤᠯᠠᠭᠤᠯᠬᠤ | ᠰᠢᠰᠲ᠋ᠧᠮ ᠢ ᠲᠡᠭᠦᠯᠳᠡᠷᠵᠢᠭᠦᠯᠬᠦ᠂ ᠰᠢᠯᠢᠳᠡᠭ ᠡᠭᠦᠯᠳᠡᠷ ᠢ ᠰᠣᠩᠭᠤᠨ ᠰᠠᠶᠢᠵᠢᠷᠠᠭᠤᠯᠬᠤ ᠠᠵᠢᠯ ᠢ ᠴᠢᠩᠭᠠᠳᠬᠠᠬᠤ᠂ | ᠨᠡᠶᠢᠭᠡᠮᠴᠢᠯᠡᠭᠰᠡᠨ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠬᠦ᠂ ᠠᠰᠢᠭ ᠲᠤᠰᠠ ᠲᠠᠢ ᠬᠤᠯᠪᠤᠯᠳᠤᠭᠤᠯᠤᠭᠰᠠᠨ | ᠰᠢᠨ᠎ᠡ ᠶᠢ ᠡᠭᠦᠳᠬᠦ ᠵᠡᠷᠭᠡ ᠮᠠᠯᠴᠢᠨ ᠲᠠᠷᠢᠶᠠᠴᠢᠳ ᠲᠤ ᠠᠰᠢᠭ ᠬᠦᠷᠳᠡᠭᠡᠬᠦ ᠠᠵᠢᠯ ᠢᠶᠠᠷ ᠳᠠᠮᠵᠢᠭᠤᠯᠤᠨ᠂ ᠮᠠᠯᠵᠢᠬᠤ | ᠣᠷᠣᠨ ᠤ ᠦᠢᠯᠡᠳᠪᠦᠷᠢᠯᠡᠯ ᠤᠨ ᠠᠷᠭ᠎ᠠ ᠮᠠᠶ᠋ᠢᠭ ᠢ ᠠᠯᠬᠤᠮ ᠠᠯᠬᠤᠮ ᠢᠶᠠᠷ ᠬᠤᠪᠢᠷᠠᠭᠤᠯᠤᠨ᠎ᠠ᠃ | ︵ᠲᠦᠷᠪᠡ︶ ᠮᠠᠯ ᠠᠵᠤ ᠠᠬᠤᠢ ᠶᠢᠨ ᠣᠷᠣᠯᠭ᠎ᠠ ᠶᠢᠨ ᠨᠡᠮᠡᠭᠳᠡᠯ᠂ ᠮᠠᠯᠴᠢᠳ ᠤᠨ ᠣᠷᠣᠯᠭ᠎ᠠ ᠶᠢᠨ | ᠨᠡᠮᠡᠭᠳᠡᠯ ᠢ ᠠᠬᠢᠭᠤᠯᠤᠨ᠎ᠠ | ᠲᠠᠯ᠎ᠠ ᠨᠤᠲᠤᠭ ᠤᠨ ᠴᠠᠭᠠᠨ ᠢᠳᠡᠭᠡᠨ ᠤ ᠤᠶᠢᠯᠡᠳᠬᠦᠨ ᠢ ᠬᠥᠭᠵᠢᠭᠦᠯᠬᠦ᠂ ᠲᠠᠯ᠎ᠠ ᠨᠤᠲᠤᠭ ᠤᠨ ᠮᠠᠯ ᠤᠨ | ᠠᠰᠢᠭ ᠰᠢᠮ᠎ᠡ ᠶᠢᠨ ᠪᠦᠲᠦᠭᠡᠭᠳᠡᠬᠦᠨ ᠢ ᠨᠠᠷᠢᠯᠢᠭ ᠡᠳ᠋ᠰᠢᠭᠦᠯᠬᠦ ᠶᠢ ᠠᠬᠢᠭᠤᠯᠬᠤ᠂ ᠲᠠᠯ᠎ᠠ ᠨᠤᠲᠤᠭ ᠤᠨ ᠮᠠᠯ ᠠᠵᠤ | ᠠᠬᠤᠢ ᠶᠢᠨ ᠪᠦᠲᠦᠭᠡᠭᠳᠡᠬᠦᠨ ᠤ ᠨᠡᠷᠡᠲᠦ ᠲᠡᠮᠳᠡᠭᠲᠦ ᠶᠢ ᠰᠠᠶᠢᠲᠤᠷ ᠡᠷᠬᠢᠯᠡᠬᠦ ᠵᠡᠷᠭᠡ ᠠᠷᠭ᠎ᠠ ᠪᠠᠷ ᠳᠠᠮᠵᠢᠭᠤᠯᠤᠨ᠂ ᠮᠠᠯ | ᠠᠵᠤ ᠠᠬᠤᠢ ᠶᠢᠨ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠵᠤ᠂ ᠮᠠᠯᠴᠢᠳ ᠤᠨ ᠣᠷᠣᠯᠭ᠎ᠠ ᠶᠢᠨ ᠨᠡᠮᠡᠭᠳᠡᠯ ᠢ | ᠠᠬᠢᠭᠤᠯᠤᠨ᠎ᠠ᠃ | |