ᠪᠡᠭᠡᠵᠢᠩ ᠨᠤᠳᠤᠭ ᠲᠠᠢ ᠬᠤ᠋ ᠰᠢᠶᠣᠤ ᠮᠧᠩ ᠵᠠᠬᠢᠷᠤᠯ ᠤᠨ ᠦᠯᠢᠭᠡᠷ
ᠨᠡᠶᠢᠲᠡᠯᠡᠭᠰᠡᠨ ᠴᠠᠭ᠄
2025/6/17
    2022 ᠣᠨ ᠤ 4 ᠰᠠᠷ᠎ᠠ ᠳᠤ᠂ ᠲᠥᠪ ᠤᠨ ᠵᠣᠬᠢᠶᠠᠨ ᠪᠠᠶᠢᠭᠤᠯᠬᠤ ᠬᠡᠯᠲᠡᠰ ᠵᠡᠷᠭᠡ ᠨᠠᠢᠮᠠᠨ ᠶᠠᠮᠤᠨ ᠵᠥᠪᠯᠡᠯ ᠬᠠᠮᠲᠤᠷᠠᠨ ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠣᠯᠳᠠᠯᠭ᠎ᠠ ᠲᠠᠢ ᠬᠠᠪᠰᠤᠷᠤᠨ ᠲᠡᠳᠬᠦᠬᠦ ᠬᠤᠰᠢᠭᠤ ᠰᠢᠶᠠᠨ ᠤ ᠺᠠᠳ᠋ᠷ ᠴᠢᠳᠠᠪᠤᠷᠢᠲᠠᠨ ᠤ ︽ᠪᠦᠯᠬᠦᠮ ᠪᠠᠶᠢᠭᠤᠯᠬᠤ  ᠮᠠᠶ᠋ᠢᠭ︾᠎ ᠤᠨ ᠬᠠᠪᠰᠤᠷᠤᠨ ᠲᠡᠳᠬᠦᠬᠦ ᠠᠵᠢᠯ ᠢ ᠥᠷᠨᠢᠭᠦᠯᠦᠭᠰᠡᠨ ᠠᠴᠠ ᠨᠠᠰᠢ᠂ ᠠᠭᠤᠯᠠ ᠮᠦᠷᠡᠨ ᠢ ᠠᠯᠤᠰᠯᠠᠭᠰᠠᠨ ᠨᠢᠭᠡ ᠤᠳᠠᠭ᠎ᠠ ᠶᠢᠨ ᠬᠠᠪᠰᠤᠷᠤᠨ ᠲᠡᠳᠬᠦᠬᠦ ᠠᠵᠢᠯᠯᠠᠭ᠎ᠠ ᠡᠯ᠎ᠡ ᠭᠠᠵᠠᠷ ᠲᠤ ᠬᠦᠷ ᠬᠥᠭᠵᠢᠶᠡᠨ ᠲᠠᠢ ᠶᠠᠪᠤᠭᠳᠠᠯ᠎ᠠ᠃ ᠪᠡᠭᠡᠵᠢᠩ ᠪᠣᠯᠤᠨ ᠣᠷᠣᠨ ᠤ ᠳᠣᠲᠣᠷ᠎ᠠ ᠭᠠᠳᠠᠨ᠎ᠠ ᠠᠴᠠ ᠬᠦᠷᠤᠯᠴᠡᠨ ᠢᠷᠡᠭᠰᠡᠨ ᠨᠢᠭᠡ ᠪᠦᠯᠦᠭ ᠰᠤᠷᠭᠠᠨ ᠬᠥᠮᠦᠵᠢᠯ ᠤᠨ ᠬᠤᠰᠢᠭᠤᠴᠢ᠂ ᠡᠮᠴᠢᠯᠡᠭᠡᠨ ᠤ ᠲᠤᠰᠬᠠᠶ ᠮᠡᠷᠭᠡᠵᠢᠯᠲᠡᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠢᠳᠠᠪᠤᠷᠢᠲᠠᠨ ᠤᠷᠢᠶᠠᠯᠠᠭ᠎ᠠ ᠶᠢ ᠴᠤᠤᠷᠢᠶᠠᠲᠤᠨ ᠳᠠᠭᠠᠵᠤ᠂ ᠤᠮᠠᠷᠠᠲᠤ ᠬᠢᠯᠢ ᠶᠢᠨ ᠡᠨᠡ ᠬᠦ ᠬᠦᠰᠡᠯ ᠡᠷᠡᠮᠡᠯᠵᠡᠯ ᠪᠢᠯᠬᠠᠭᠰᠠᠨ ᠨᠤᠳᠤᠭ ᠲᠡᠪᠢᠰᠭᠡᠷ ᠲᠤ ᠬᠦᠷᠴᠤ ᠢᠷᠡᠵᠠᠢ᠃ ᠡᠳᠡᠭᠡᠷ ᠬᠠᠪᠰᠤᠷᠤᠨ ᠲᠡᠳᠬᠦᠬᠦ ᠠᠵᠢᠯᠲᠠᠳ ᠲᠡᠷᠢᠭᠦᠨ ᠤ ᠣᠶᠢᠯᠠᠭᠠᠭᠳᠠᠬᠤᠨ᠂ ᠰᠢᠨᠵᠢᠯᠡᠬᠦ ᠤᠬᠠᠭᠠᠨᠴᠢ ᠠᠷᠭ᠎ᠠ ᠪᠣᠯᠤᠨ ᠨᠠᠷᠢᠯᠢᠭ ᠮᠡᠷᠭᠡᠵᠢᠯ ᠢᠶᠠᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠡᠮᠦᠨ᠎ᠡ ᠹᠷᠣᠨᠲ ᠲᠤ ᠠᠪᠠᠴᠢᠵᠤ᠂ ᠵᠠᠯᠠᠶᠢᠳ ᠬᠤᠰᠢᠭᠤᠨ ᠤ ᠠᠵᠤ ᠠᠬᠤᠢ ᠨᠡᠶᠢᠭᠡᠮ ᠤᠨ ᠲᠦᠷᠭᠡᠨ ᠬᠥᠭᠵᠢᠯᠲᠡ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠵᠦ᠂ ᠡᠨᠡᠬᠦ ᠨᠤᠳᠤᠭ ᠲᠡᠪᠢᠰᠭᠡᠷ ᠳᠡᠭᠡᠷ᠎ᠡ ᠬᠦᠮᠤᠰ ᠎ ᠤᠨ ᠰᠡᠳᠬᠢᠯ ᠢ ᠬᠥᠳᠡᠯᠭᠡᠮ᠎ᠡ ᠦᠯᠢᠭᠡᠷ ᠤᠳ ᠢ ᠪᠢᠴᠢᠭᠯᠡᠨ᠎ᠠ ᠁ ᠵᠠᠯᠠᠶᠢᠳ ᠬᠤᠰᠢᠭᠤᠨ ᠤ ᠬᠠᠮ ᠵᠠᠭᠤᠴᠢᠯᠠᠭᠤᠷ ᠤᠨ ᠲᠥᠪ ᠤᠨ ᠬᠢᠨ ︽ᠠᠭᠤᠯᠠ ᠮᠦᠷᠡᠨ ᠢ ᠠᠯᠤᠰᠯᠠᠵᠤ ᠪᠦᠯᠬᠦᠮ ᠪᠠᠶᠢᠭᠤᠯᠤᠨ ᠬᠠᠮᠲᠤ ᠪᠠᠷ ᠤᠷᠤᠭᠰᠢᠯᠠᠶ᠎ᠠ︾ ᠭᠡᠬᠦ ᠲᠤᠰᠬᠠᠶ ᠪᠤᠯᠤᠩ ᠭᠠᠷᠭᠠᠵᠤ᠂ ︽ᠪᠦᠯᠬᠦᠮ ᠪᠠᠶᠢᠭᠤᠯᠬᠤ ᠮᠠᠶ᠋ᠢᠭ︾᠎ ᠤᠨ ᠬᠠᠪᠰᠤᠷᠤᠨ ᠲᠡᠳᠬᠦᠬᠦ ᠲᠥᠯᠥᠭᠡᠯᠡᠭᠴᠢ ᠬᠥᠮᠦᠰ ᠤᠨ ᠰᠡᠳᠬᠢᠯ ᠢ ᠬᠥᠳᠡᠯᠭᠡᠮ᠎ᠡ ᠦᠢᠯᠡ ᠠᠵᠢᠯᠯᠠᠭ᠎ᠠ᠂ ᠲᠡᠷᠢᠭᠦᠨ ᠤ ᠲᠤᠷᠰᠢᠯᠭ᠎ᠠ᠂ ᠭᠤᠶᠢᠳᠠ ᠰᠠᠶᠢᠬᠠᠨ ᠦᠯᠢᠭᠡᠷ ᠢ ᠶᠠᠷᠢᠪᠠ᠃ ᠥᠨᠥᠳᠦᠷ ᠠᠩᠬᠠᠨ ᠤ ᠬᠤᠭᠤᠴᠠᠭ᠎ᠠ ᠭᠠᠷᠭᠠᠵᠤ᠂ ︽ᠪᠦᠯᠬᠦᠮ ᠪᠠᠶᠢᠭᠤᠯᠬᠤ ᠮᠠᠶ᠋ᠢᠭ︾᠎ ᠤᠨ ᠬᠠᠪᠰᠤᠷᠤᠨ ᠲᠡᠳᠬᠦᠬᠦ ᠰᠤᠷᠭᠠᠨ ᠬᠥᠮᠦᠵᠢᠯ ᠤᠨ ᠪᠦᠷᠢᠯᠳᠦᠬᠦᠨ᠂ ᠢᠨᠳᠡᠷ ᠲᠠᠬᠢ ᠭᠤᠷᠪᠠᠳᠤᠭᠠᠷ ᠳᠤᠮᠳᠠᠳᠤ ᠰᠤᠷᠭᠠᠭᠤᠯᠢ ᠶᠢᠨ ᠨᠠᠮ ᠤᠨ ᠶᠡᠷᠦᠩᠬᠡᠶ ᠡᠭᠦᠷ ᠤᠨ ᠳᠡᠳ᠋ ᠱᠦᠵᠢ᠂ ᠰᠤᠷᠭᠠᠭᠤᠯᠢ ᠶᠢᠨ ᠵᠠᠬᠢᠷᠤᠯ ᠬᠤ᠋ ᠰᠢᠶᠤᠤ ᠮᠧᠩ ᠤᠨ ᠦᠯᠢᠭᠡᠷ ᠢ ᠰᠤᠨᠤᠰᠬᠤ ᠪᠠᠷ ᠪᠠᠶᠢᠨ᠎ᠠ᠃   ᠶᠠᠨᠱᠠᠨ ᠠᠭᠤᠯᠠᠨ ᠤ ᠬᠤᠷᠮᠣᠶ ᠠᠴᠠ ᠤᠮᠠᠷᠠᠲᠤ ᠬᠢᠯᠢ ᠶᠢᠨ ᠲᠠᠯ᠎ᠠ ᠨᠤᠲᠤᠭ ᠬᠦᠷᠲᠡᠯ᠎ᠡ᠂ ᠲᠡᠷᠡ ᠮᠢᠩᠭᠠᠨ ᠭᠠᠵᠠᠷ ᠢ ᠰᠤᠨᠳᠠᠯᠠᠨ᠂ ᠰᠤᠷᠭᠠᠨ ᠬᠥᠮᠦᠵᠢᠯ ᠤᠨ ᠤᠴᠢ ᠶᠢ ᠵᠠᠯᠠᠶᠢᠳ ᠬᠤᠰᠢᠭᠤᠨ ᠳᠤ ᠰᠠᠴᠤᠵᠤ᠂ ᠥᠪᠡᠷ ᠤᠨ ᠤᠶᠢᠯᠠ ᠠᠵᠢᠯᠯᠠᠭ᠎ᠠ ᠪᠠᠷ ᠢᠶᠠᠨ ᠰᠤᠷᠭᠠᠨ ᠬᠥᠮᠦᠵᠢᠯ ᠢᠶᠠᠷ ᠬᠠᠪᠰᠤᠷᠤᠨ ᠲᠡᠳᠬᠦᠬᠦ ᠠᠵᠢᠯ ᠤᠨ ᠭᠦᠨ ᠬᠦᠨᠵᠡᠬᠡᠢ ᠠᠴᠢ ᠬᠤᠯᠪᠣᠭᠳᠠᠯ ᠢ ᠲᠠᠶᠢᠯᠪᠤᠷᠢᠯᠠᠵᠠᠢ᠃ ᠲᠡᠷᠡ ᠪᠣᠯ ᠪᠡᠭᠡᠵᠢᠩ ᠥᠪᠥᠷ ᠮᠣᠩᠭᠤᠯ ᠤᠨ ︽ᠪᠦᠯᠬᠦᠮ ᠪᠠᠶᠢᠭᠤᠯᠬᠤ ᠮᠠᠶ᠋ᠢᠭ︾᠎ ᠤᠨ ᠰᠤᠷᠭᠠᠨ ᠬᠥᠮᠦᠵᠢᠯ ᠤᠨ ᠬᠠᠪᠰᠤᠷᠤᠨ ᠲᠡᠳᠬᠦᠬᠦ ᠪᠦᠷᠢᠯᠳᠦᠬᠦᠨ᠂ ᠢᠨᠳᠡᠷ ᠲᠠᠬᠢ ᠭᠤᠷᠪᠠᠳᠤᠭᠠᠷ ᠳᠤᠮᠳᠠᠳᠤ ᠰᠤᠷᠭᠠᠭᠤᠯᠢ ᠶᠢᠨ ᠨᠠᠮ ᠤᠨ ᠶᠡᠷᠦᠩᠬᠡᠶ ᠡᠭᠦᠷ ᠤᠨ ᠳᠡᠳ᠋ ᠱᠦᠵᠢ᠂ ᠰᠤᠷᠭᠠᠭᠤᠯᠢ ᠶᠢᠨ ᠵᠠᠬᠢᠷᠤᠯ ᠬᠤ᠋ ᠰᠢᠶᠤᠤ ᠮᠧᠩ ᠪᠣᠯᠤᠨ᠎ᠠ᠃     ᠦᠷ ᠤᠨ ᠭᠡᠭᠡ ᠰᠠᠴᠤᠷᠠᠭᠰᠠᠨ ᠥᠷᠯᠥᠭᠡ᠂ ᠬᠤ᠋ ᠰᠢᠶᠤᠤ ᠮᠧᠩ ᠠᠯᠢ ᠡᠷᠳᠡ ᠰᠤᠷᠭᠠᠭᠤᠯᠢ ᠶᠢᠨ ᠬᠦᠷᠢᠶᠡᠨ ᠳᠤ  ᠢᠷᠡᠴᠢᠭᠡᠭᠰᠡᠨ ᠪᠠᠶᠢᠯ᠎ᠠ᠃ ᠡᠨᠡ ᠪᠣᠯ ᠲᠡᠭᠦᠨ ᠤ ᠤᠮᠠᠷᠠᠲᠤ ᠬᠢᠯᠢ ᠳᠤ ᠨᠤᠳᠤᠭᠰᠢᠭᠰᠠᠨ ᠭᠤᠷᠪᠠᠳᠡᠬᠢ ᠵᠤᠨ ᠪᠣᠯᠣᠨ᠎ᠠ᠃ ᠰᠤᠷᠭᠠᠭᠤᠯᠢ ᠶᠢᠨ ᠬᠦᠷᠢᠶᠡᠨ ᠳᠤ ᠶᠡᠭᠡ ᠲᠡᠭᠡᠳᠤ ᠰᠤᠷᠭᠠᠭᠤᠯᠢ ᠳᠤ ᠰᠤᠷᠤᠭᠴᠢ ᠡᠯᠰᠡᠬᠦ ᠤᠯᠤᠰ ᠤᠨ ᠨᠢᠭᠡᠳᠤᠯᠳᠠᠢ ᠰᠢᠯᠭᠠᠯᠲᠠ ᠳᠤ ᠪᠡᠯᠡᠳᠬᠡᠬᠦ ᠠᠭᠤᠷ ᠠᠮᠢᠰᠬᠤᠯ ᠪᠢᠯᠬᠠᠮ᠎ᠠ ᠪᠠᠶᠢᠯ᠎ᠠ᠃ 2024 ᠣᠨ ᠤ ᠶᠡᠭᠡ ᠲᠡᠭᠡᠳᠤ ᠰᠤᠷᠭᠠᠭᠤᠯᠢ ᠳᠤ ᠰᠤᠷᠤᠭᠴᠢ ᠡᠯᠰᠡᠬᠦ ᠤᠯᠤᠰ ᠤᠨ ᠨᠢᠭᠡᠳᠤᠯᠳᠠᠢ ᠰᠢᠯᠭᠠᠯᠲᠠ ᠳᠤ᠂ ᠢᠨᠳᠡᠷ ᠲᠠᠬᠢ ᠭᠤᠷᠪᠠᠳᠤᠭᠠᠷ ᠳᠤᠮᠳᠠᠳᠤ ᠰᠤᠷᠭᠠᠭᠤᠯᠢ ᠶᠢᠨ ᠦᠨᠳᠤᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠪᠥᠬᠦ ᠰᠤᠷᠤᠭᠴᠢᠳ ᠵᠢᠩᠬᠢᠨᠢ ᠠᠩᠭᠢ ᠶᠢᠨ ᠬᠤᠪᠢ ᠶᠢᠨ ᠬᠢᠷᠢ ᠲᠦᠪᠰᠢᠨ ᠳᠤ ᠬᠦᠷᠴᠤ᠂ 600 ᠬᠤᠪᠢ ᠵᠢᠴᠢ ᠵᠢᠩᠬᠢᠨᠢ ᠠᠩᠭᠢ ᠶᠢᠨ ᠬᠤᠪᠢ ᠳᠤ ᠲᠤᠯᠤᠭᠰᠠᠨ ᠬᠥᠮᠦᠨ ᠤ ᠲᠤᠭ᠎ᠠ ᠲᠡᠤᠭᠡ ᠶᠢᠨ ᠰᠢᠨ᠎ᠡ ᠲᠡᠮᠳᠡᠭᠯᠡᠯ ᠢ ᠡᠭᠦᠳᠪᠡ᠃ 23 ᠳ᠋ᠤᠭᠠᠷ ᠬᠤᠭᠤᠴᠠᠭ᠎ᠠ᠂ 24 ᠳ᠋ᠤᠭᠡᠷ ᠬᠤᠭᠤᠴᠠᠭᠠᠨ ᠳᠤ ᠨᠡᠶᠢᠳᠡ 21 ᠰᠤᠷᠤᠭᠴᠢ ᠲᠤᠰᠬᠠᠢ ᠲᠦᠷᠦᠯ ᠤᠨ ᠲᠦᠷᠦ ᠶᠢᠨ ᠪᠤᠳᠤᠯᠭ᠎ᠠ ᠪᠠᠷ 985᠂ 211 ᠶᠡᠭᠡ ᠳᠡᠭᠡᠳᠦ ᠰᠤᠷᠭᠠᠭᠤᠯᠢ ᠳᠤ ᠲᠠᠪᠰᠢᠨ ᠤᠷᠤᠭᠰᠠᠨ ᠪᠠᠶᠢᠨ᠎ᠠ᠃ ᠡᠨᠡ ᠬᠦ ᠢᠯᠠ ᠲᠤᠳᠤ ᠬᠢᠷᠢ ᠪᠦᠲᠦᠮᠵᠢ ᠶᠢᠨ ᠠᠷᠤ ᠳᠤ ᠬᠤ᠋ ᠰᠢᠶᠤᠤ ᠮᠧᠩ ᠪᠣᠯᠤᠨ ᠲᠡᠭᠦᠨ ᠤ ᠪᠦᠯᠬᠦᠮ ᠨᠡᠶᠢᠲᠡ ᠶᠢᠨ ᠬᠢᠨ ᠤ ︽ᠪᠥᠬᠦ ᠰᠤᠷᠤᠭᠴᠢᠳ ᠢᠶᠠᠨ ᠵᠢᠩᠬᠢᠨᠢ ᠠᠩᠭᠢ ᠳᠤ  ᠲᠡᠪᠰᠢᠬᠦᠯᠬᠦ ᠢᠨᠵᠧᠨᠧᠷᠢᠩ︾ ᠪᠤᠢ᠃   ︽ᠪᠢᠳᠡ ᠭᠤᠷᠪᠠᠨ ᠵᠢᠯ ᠭᠤᠷᠪᠠᠨ ᠠᠯᠬᠤᠮ ᠤᠨ ᠲᠥᠯᠥᠪᠵᠢᠭᠦᠯᠭᠡ ᠪᠠᠷ ᠲᠠᠮᠵᠢᠨ ᠬᠠᠪᠰᠤᠷᠤᠨ ᠲᠡᠳᠬᠦᠬᠦ ᠠᠵᠢᠯ ᠎ ᠢ ᠬᠢᠵᠤ ᠪᠠᠶᠢᠨ᠎ᠠ᠃ ᠨᠢᠭᠡᠳᠦᠭᠡᠷ ᠵᠢᠯ ᠳᠤ ᠪᠤᠯ ᠠᠩᠬᠠᠨ ᠤ ᠵᠢᠯ ᠪᠤᠯᠬᠤᠷ ᠤᠯᠤᠰ ᠤᠨ ᠰᠢᠯᠭᠠᠯᠲᠠ ᠶᠢᠨ ᠬᠢᠷᠢ ᠪᠦᠲᠦᠮᠵᠢ ᠶᠢ ᠳᠡᠭᠡᠭᠰᠢᠯᠡᠬᠦᠯᠬᠦ ᠪᠠᠷ ᠳᠠᠮᠵᠢᠨ ᠠᠷᠠᠳ ᠤᠯᠠᠨ ᠤ ᠢᠲᠡᠭᠡᠯ ᠢ ᠤᠯᠵᠠᠢ᠃ ᠳᠠᠷᠠᠭ᠎ᠠ ᠵᠢᠯ ᠨᠢ ᠶᠡᠭᠡ ᠲᠡᠭᠡᠳᠤ ᠰᠤᠷᠭᠠᠭᠤᠯᠢ ᠳᠤ ᠰᠤᠷᠤᠭᠴᠢ ᠡᠯᠰᠡᠬᠦ ᠤᠯᠤᠰ ᠤᠨ ᠨᠢᠭᠡᠳᠤᠯᠳᠠᠢ ᠰᠢᠯᠭᠠᠯᠳᠠ ᠶᠢᠨ ᠬᠢᠷᠢ ᠪᠦᠲᠦᠮᠵᠢ ᠪᠠᠭᠤᠷᠠᠬᠤ ᠦᠭᠡᠢ ᠰᠠᠭᠤᠷᠢᠨ ᠳᠡᠭᠡᠷ᠎ᠡ᠂ ᠬᠢᠴᠢᠶᠡᠯ ᠤᠨ ᠰᠢᠰᠲ᠋ᠧᠮ ᠤᠨ ᠲᠠᠯ᠎ᠠ ᠪᠠᠷ ᠵᠣᠬᠢᠴᠠᠩᠭᠤᠶ ᠪᠠᠶᠢᠭᠤᠯᠤᠯᠳᠠ ᠪᠠ ᠬᠥᠭᠵᠢᠯᠲᠡ ᠬᠢᠭᠰᠡᠨ ᠪᠠᠶᠢᠨ᠎ᠠ᠃ ᠭᠤᠷᠪᠠᠳᠤᠭᠠᠷ ᠵᠢᠯ ᠳᠤ ᠪᠢᠳᠡ ᠰᠤᠶᠤᠯ ᠤᠨ ᠠᠭᠤᠯᠤᠭᠳᠠᠬᠤᠨ ᠢ ᠰᠢᠪᠳᠤᠯᠵᠤ ᠬᠦᠭᠵᠢᠬᠦᠯᠵᠠᠢ︾ ᠭᠡᠵᠤ ᠪᠡᠭᠡᠵᠢᠩ ᠥᠪᠥᠷ ᠮᠣᠩᠭᠤᠯ ᠤᠨ ︽ᠪᠦᠯᠬᠦᠮ ᠪᠠᠶᠢᠭᠤᠯᠬᠤ ᠮᠠᠶ᠋ᠢᠭ︾᠎ ᠤᠨ ᠰᠤᠷᠭᠠᠨ ᠬᠥᠮᠦᠵᠢᠯ ᠤᠨ ᠬᠠᠪᠰᠤᠷᠤᠨ ᠲᠡᠳᠬᠦᠬᠦ ᠪᠦᠷᠢᠯᠳᠦᠬᠦᠨ᠂ ᠢᠨᠳᠡᠷ ᠲᠠᠬᠢ ᠭᠤᠷᠪᠠᠳᠤᠭᠠᠷ ᠳᠤᠮᠳᠠᠳᠤ ᠰᠤᠷᠭᠠᠭᠤᠯᠢ ᠶᠢᠨ ᠨᠠᠮ ᠤᠨ ᠶᠡᠷᠦᠩᠬᠡᠶ ᠡᠭᠦᠷ ᠤᠨ ᠳᠡᠳ᠋ ᠱᠦᠵᠢ᠂ ᠰᠤᠷᠭᠠᠭᠤᠯᠢ ᠶᠢᠨ ᠵᠠᠬᠢᠷᠤᠯ ᠬᠤ᠋ ᠰᠢᠶᠤᠤ ᠮᠧᠩ ᠬᠡᠯᠡᠪᠡ᠃     ᠬᠤ᠋ ᠰᠢᠶᠣᠤ ᠮᠧᠩ ᠤᠨ ᠦᠵᠡᠬᠦ ᠪᠠᠷ᠂ ᠰᠤᠷᠭᠠᠨ ᠬᠥᠮᠦᠵᠢᠯ ᠢᠶᠠᠷ ᠬᠠᠪᠰᠤᠷᠤᠨ ᠲᠡᠳᠬᠦᠬᠦ ᠦᠨᠡᠨ ᠶᠣᠰᠣ ᠨᠢ  ᠬᠢᠷᠢ ᠪᠦᠳᠤᠮᠵᠢ ᠶᠢ ᠲᠡᠭᠡᠭᠰᠢᠯᠡᠬᠦᠯᠬᠦ ᠳᠤ ᠪᠠᠶᠢᠬᠤ ᠪᠠᠷ ᠪᠠᠷᠠᠬᠤ ᠦᠭᠡᠢ᠂ ᠨᠠᠩ ᠴᠤ ᠨᠢᠭᠡᠨ ᠲᠠᠭᠠᠭᠤᠯᠤᠨ ᠶᠠᠪᠤᠵᠤ ᠲᠡᠶᠢᠯᠬᠦ ᠦᠭᠡᠢ  ᠪᠠᠭᠰᠢ ᠶᠢᠨ ᠡᠩᠨᠡᠭᠡ ᠶᠢ ᠬᠥᠮᠦᠵᠢᠭᠦᠯᠬᠦ ᠳᠤ ᠪᠠᠶᠢᠨ᠎ᠠ᠃ ᠲᠡᠷᠡ 11 ᠬᠠᠪᠰᠤᠷᠤᠨ ᠲᠡᠳᠬᠦᠬᠦ ᠪᠠᠭᠰᠢ ᠶᠢ ᠳᠠᠭᠠᠭᠤᠯᠤᠨ ︽ᠵᠢᠭᠠᠨ ᠰᠤᠷᠭᠠᠯᠲᠠ ᠶᠢᠨ ᠪᠣᠭᠤᠮᠲᠠ ᠰᠢᠪᠲᠤᠯᠬᠤ ᠪᠦᠯᠬᠦᠮ︾᠎ ᠢ ᠵᠣᠬᠢᠶᠠᠨ ᠪᠠᠶᠢᠭᠤᠯᠵᠤ᠂ ︽ᠭᠤᠷᠪᠠᠨ ᠡᠰᠢᠳᠤ ᠲᠦᠷᠪᠡᠨ ᠠᠯᠬᠤᠮ ᠤᠨ ᠰᠤᠷᠭᠠᠭᠤᠯᠢ ᠶᠢᠨ ᠦᠪᠡᠷ ᠤᠨ ᠵᠢᠭᠠᠨ ᠰᠤᠳᠤᠯᠬᠤ ᠰᠤᠳᠤᠯᠭᠠᠨ ᠤ ᠰᠢᠰᠲ᠋ᠧᠮ︾᠎ ᠢ ᠰᠢᠨ᠎ᠡ ᠪᠠᠷ ᠡᠭᠦᠳᠦᠨ᠂ ᠪᠠᠭᠰᠢ ᠶᠢᠨ ᠬᠦᠮᠤᠵᠢᠬᠦᠯᠦᠯᠳᠡ ᠶᠢᠨ ᠲᠥᠯᠥᠪᠵᠢᠭᠦᠯᠭᠡ ᠶᠢᠨ ᠳᠡᠰ ᠳᠡᠪᠰᠢᠬᠦ ᠠᠷᠭ᠎ᠠ ᠵᠠᠮ ᠪᠣᠯᠭᠠᠪᠠ᠃ ᠡᠭᠦᠨ ᠤ ᠬᠠᠮᠳᠤ ᠤᠶᠤᠨᠴᠢ AI ᠮᠡᠷᠭᠡᠵᠢᠯ ᠢ ᠬᠢᠴᠢᠶᠠᠯ ᠤᠨ ᠲᠠᠩᠬᠢᠮ ᠳᠤ ᠠᠭᠤᠰᠤᠯᠴᠠᠭᠤᠯᠤᠨ᠂ ᠬᠠᠷᠢᠯᠴᠠᠨ ᠤᠶᠢᠯᠡᠳᠤᠯᠴᠡᠬᠦ ᠵᠢᠭᠠᠨ ᠰᠤᠷᠭᠠᠯᠳᠠ ᠶᠢᠨ ᠰᠢᠨ᠎ᠠ ᠪᠠᠶᠢᠳᠠᠯ ᠢ ᠪᠤᠢ ᠪᠤᠯᠭᠠᠵᠠᠢ᠃   ᠬᠤ᠋ ᠰᠢᠶᠤᠤ ᠮᠧᠩ ᠪᠠᠰᠠ ᠡᠬᠢ ᠪᠠᠶᠠᠯᠢᠭ ᠢ ᠬᠠᠮᠳᠤᠪᠡᠷ ᠡᠳ᠋ᠯᠡᠬᠦ ᠲᠠᠪᠴᠠᠩ ᠢ ᠢᠳᠡᠪᠬᠢᠲᠡᠶ ᠪᠠᠶᠢᠭᠤᠯᠵᠠᠢ᠄ ᠢᠨᠳᠡᠷ ᠲᠠᠬᠢ ᠭᠤᠷᠪᠠᠳᠤᠭᠠᠷ ᠳᠤᠮᠳᠠᠳᠤ ᠰᠤᠷᠭᠠᠭᠤᠯᠢ ᠶᠢᠨ ᠪᠠᠭᠰᠢ ᠶᠢ ᠪᠡᠭᠡᠵᠢᠩ ᠳᠤ ᠣᠴᠢᠭᠤᠯᠤᠨ ᠠᠵᠢᠯ ᠤᠨ ᠪᠠᠶᠢᠷᠢ ᠳᠤᠨᠢ  ᠰᠤᠷᠤᠯᠴᠠᠭᠤᠯᠵᠤ᠂ ᠰᠤᠷᠤᠭᠴᠢᠳ ᠲᠤ ᠰᠤᠳᠤᠯᠤᠨ ᠰᠤᠷᠤᠯᠴᠠᠬᠤ ᠲᠣᠬᠢᠶᠠᠯ ᠣᠯᠭᠤᠵᠤ᠂ ᠪᠡᠭᠡᠵᠢᠩ ᠤᠨ ᠰᠤᠷᠭᠠᠨ ᠬᠥᠮᠦᠵᠢᠯ ᠤᠨ ᠲᠤᠰᠬᠠᠶ ᠮᠡᠷᠭᠡᠵᠢᠯᠲᠡᠨ ᠢ ᠰᠤᠷᠭᠠᠭᠤᠯᠢ ᠳᠠᠭᠠᠨ ᠤᠷᠢᠵᠤ ᠬᠢᠴᠢᠶᠡᠯ ᠣᠷᠣᠭᠤᠯᠪᠠ ᠁ ᠡᠲᠡᠭᠡᠷ ᠴᠢᠷᠮᠠᠶᠢᠯᠭ᠎ᠠ ᠨᠢ ᠲᠠᠯ᠎ᠠ ᠨᠤᠲᠤᠭ ᠤᠨ ᠰᠤᠷᠤᠭᠴᠢᠳ ᠢ ᠨᠡᠶᠢᠰᠯᠡᠯ ᠤᠨ ᠰᠤᠷᠭᠠᠨ ᠬᠥᠮᠦᠵᠢᠯ ᠲᠠᠢ ᠵᠡᠷᠭᠡ ᠪᠠᠷ ᠤᠷᠤᠭᠰᠢᠯᠠᠭᠤᠯᠤᠭᠰᠠᠨ ᠢᠶᠠᠷ ᠪᠠᠷᠠᠬᠤ ᠥᠬᠡᠶ᠂ ᠨᠠᠩ ᠴᠤ ᠢᠨᠳᠡᠷ ᠲᠠᠬᠢ ᠭᠤᠷᠪᠠᠳᠤᠭᠠᠷ ᠳᠤᠮᠳᠠᠳᠤ ᠰᠤᠷᠭᠠᠭᠤᠯᠢ ᠶᠢᠨ ᠬᠥᠭᠵᠢᠯᠲᠡ ᠶᠢᠨ ᠲᠡᠤᠬᠡᠨ ᠳᠡᠭᠡᠷ᠎ᠡ ᠢᠯᠡ ᠲᠣᠳᠣ ︽ᠪᠡᠭᠡᠵᠢᠩ ᠤᠨ ᠲᠠᠮᠠᠭ᠎ᠠ︾᠎ ᠶᠢ ᠦᠯᠡᠳᠡᠭᠡᠭᠰᠡᠨ ᠪᠠᠶᠢᠨ᠎ᠠ᠃
 
ᠢᠷᠡᠯᠲᠡ᠄ ᠵᠠᠯᠠᠶᠢᠳ ᠤᠨ ᠸᠢᠴᠠᠲ ᠮᠡᠳᠡᠭᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号