ᠵᠠᠯᠠᠶᠢᠳ ᠬᠤᠰᠢᠭᠤ ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠶᠢ ᠲᠦᠪᠯᠡᠷᠡᠬᠦᠯᠤᠨ ᠴᠡᠭᠴᠡᠯᠡᠨ ᠵᠠᠰᠠᠬᠤ ᠬᠤᠷᠠᠯ ᠬᠢᠵᠠᠢ
ᠨᠡᠶᠢᠲᠡᠯᠡᠭᠰᠡᠨ ᠴᠠᠭ᠄
2025/6/17
      ᠣᠶᠢᠷ᠎ᠠ ᠳᠤ᠂ ᠵᠠᠯᠠᠶᠢᠳ ᠬᠤᠰᠢᠭᠤᠨ ᠤ ᠨᠠᠮ ᠤᠨ ᠬᠤᠷᠢᠶᠠᠨ ᠤ ᠱᠦᠵᠢ ᠴᠢ ᠯᠢᠨ ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠶᠢ ᠲᠥᠪᠯᠡᠷᠡᠭᠦᠯᠦᠨ ᠴᠡᠭᠴᠡᠯᠡᠨ ᠵᠠᠰᠠᠵᠤ ᠬᠠᠮᠲᠤ ᠪᠠᠷ ᠰᠡᠳᠬᠢᠯ ᠤᠨ ᠦᠭᠡ ᠪᠠᠨ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠪᠠ᠃      ᠬᠤᠷᠠᠯ ᠠᠴᠠ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶ᠎ᠠ ᠶᠢᠨ ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠲᠤᠪᠤᠶᠢᠮ᠎ᠠ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠲᠤᠬᠠᠢ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠭᠤᠣᠯᠳᠠᠯᠭ᠎ᠠ ᠲᠠᠢ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠪᠦᠬᠦᠨ ᠢ ᠬᠠᠮᠤᠷᠴᠤ ᠪᠠᠶᠢᠭᠠᠳ ᠰᠡᠳᠬᠢᠯ ᠤᠨ ᠦᠭᠡ ᠪᠠᠨ ᠶᠠᠷᠢᠯᠴᠠᠨ᠂ ᠰᠤᠷᠤᠯᠴᠠᠵᠤ ᠰᠤᠳᠤᠯᠤᠨ ᠶᠠᠷᠢᠯᠴᠠᠵᠤ᠂ ᠠᠰᠠᠭᠤᠳᠠᠯ ᠢ ᠥᠪᠡᠷ ᠢᠶᠠᠨ ᠪᠠᠶᠢᠴᠠᠭᠠᠬᠤ ᠠᠵᠢᠯ ᠢ ᠵᠤᠬᠢᠶᠠᠨ ᠪᠠᠶᠢᠭᠤᠯᠬᠤ ᠬᠡᠷᠡᠭᠲᠡᠢ᠃ ᠲᠤᠰᠬᠠᠢ ᠴᠡᠭᠴᠯᠡᠨ ᠵᠠᠰᠠᠬᠤ᠂ ᠢᠯᠠ ᠪᠠᠷ ᠪᠠᠶᠢᠴᠠᠭᠠᠵᠤ ᠲᠠᠯᠳᠠᠭᠤᠷ ᠰᠤᠷᠪᠤᠯᠵᠢᠯᠠᠬᠤ ᠠᠵᠢᠯ ᠢ ᠲᠦᠪᠯᠡᠷᠡᠬᠦᠯᠤᠨ ᠦᠷᠨᠢᠬᠦᠯᠵᠤ᠂ ᠦᠨᠡᠨ ᠪᠣᠳᠠᠲᠠᠶ ᠠᠵᠢᠯᠯᠠᠨ᠂ ᠬᠦᠨᠳᠦ ᠴᠣᠬᠢᠯᠲᠠ ᠥᠭᠴᠦ᠂ ᠨᠡᠶᠢᠲᠡᠯᠢᠭ ᠵᠢᠱᠢᠶ᠎ᠡ ᠶᠢ ᠠᠳᠬᠤᠨ᠂ ᠵᠠᠷᠯᠠᠨ ᠮᠡᠳᠡᠭᠳᠡᠬᠦ ᠶᠢ ᠴᠢᠩᠭᠠᠳᠬᠠᠵᠤ᠂ ᠰᠠᠬᠢᠯᠭ᠎ᠠ ᠪᠠᠲᠤ ᠬᠠᠤᠯᠢ ᠴᠠᠭᠠᠵᠠ ᠶᠢᠨ ᠶᠣᠰᠣᠭᠠᠷ ᠵᠤᠷᠢᠭᠤᠳᠠ   ᠰᠠᠬᠢᠯᠭ᠎ᠠ ᠪᠠᠳᠤ ᠶᠢ ᠵᠥᠷᠢᠴᠡᠭᠰᠡᠨ ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠲᠦᠷᠭᠡᠨ ᠰᠢᠢᠳᠪᠦᠷᠢᠯᠡᠵᠦ᠂ ︽ᠢᠳᠡᠭᠡᠨ ᠤᠮᠳᠠᠭᠠᠨ ᠤ ᠲᠠᠯ᠎ᠠ ᠪᠠᠷ ᠬᠢ ᠭᠠᠵᠢᠭᠤ ᠰᠤᠷᠲᠠᠯ︾ ᠢ ᠡᠷᠡᠰ ᠬᠤᠷᠢᠭᠯᠠᠬᠤ ᠬᠡᠷᠡᠭᠲᠡᠶ ᠃ ᠠᠵᠢᠯ ᠤᠨ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ︽ᠨᠢᠭᠡᠳᠦᠭᠡᠷ ᠬᠠᠷᠢᠭᠤᠴᠠᠯᠭᠠᠲᠠᠨ︾ ᠤ ᠬᠠᠷᠢᠭᠤᠴᠠᠯᠭ᠎ᠠ ᠪᠣᠯᠤᠨ ︽ᠨᠢᠭᠡ ᠠᠵᠢᠯ ᠤᠨ ᠪᠠᠶᠢᠷᠢ ᠳᠤ ᠬᠤᠤᠰ ᠬᠠᠷᠢᠭᠤᠴᠠᠯᠭ᠎ᠠ ᠡᠭᠦᠷᠭᠡᠯᠡᠬᠦ︾ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠲᠦᠷᠢᠮ ᠲᠣᠭᠲᠠᠭᠠᠯ ᠢ ᠵᠢᠷᠤᠮᠯᠠᠨ ᠰᠠᠬᠢᠯᠭ᠎ᠠ ᠪᠠᠲᠤ ᠶᠢ ᠰᠠᠬᠢᠬᠤ᠂ ᠰᠤᠷᠲᠠᠯ ᠴᠢᠬᠡᠴᠢ ᠣᠪᠣᠷ ᠲᠥᠪ ᠤᠯᠤᠰ ᠲᠦᠷᠦ ᠶᠢᠨ ᠠᠮᠢ ᠠᠬᠤᠢ ᠪᠣᠯᠤᠨ ᠨᠡᠶᠢᠭᠡᠮ ᠤᠨ ᠣᠷᠴᠢᠨ ᠲᠣᠭᠤᠷᠢᠨ ᠢ ᠪᠤᠢ ᠪᠣᠯᠭᠠᠬᠤ ᠬᠡᠷᠡᠭᠲᠡᠢ ᠭᠡᠵᠤ ᠴᠢᠬᠤᠯᠠᠴᠢᠯᠠᠵᠠᠢ᠃      ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠤᠨ ᠪᠠᠶᠢᠷᠢᠯᠠᠭᠤᠯᠪᠠ᠃
 
ᠢᠷᠡᠯᠲᠡ᠄ ᠵᠠᠯᠠᠶᠢᠳ ᠤᠨ ᠸᠢᠴᠠᠲ ᠮᠡᠳᠡᠭᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号