| 6 ᠰᠠᠷ᠎ᠠ ᠶᠢᠨ 16 ᠤ ᠡᠳᠦᠷ᠂ ᠵᠠᠯᠠᠶᠢᠳ ᠬᠤᠰᠢᠭᠤᠨ ᠤ ᠨᠠᠮ ᠤᠨ ᠬᠤᠷᠢᠶᠠᠨ ᠤ ᠣᠨᠣᠯ ᠰᠤᠷᠤᠯᠴᠠᠬᠤ | ᠭᠤᠤᠯ ᠳᠤᠭᠤᠶᠢᠯᠠᠩ 2025 ᠣᠨ ᠤ ᠳᠣᠯᠣᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠵᠢᠴᠢ | ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠶᠢ ᠲᠥᠪᠯᠡᠷᠡᠭᠦᠯᠦᠨ ᠴᠡᠭᠴᠡᠯᠡᠨ ᠵᠠᠰᠠᠵᠤ ᠬᠠᠮᠲᠤ ᠪᠠᠷ ᠶᠠᠷᠢᠯᠴᠠᠬᠤ | ᠬᠤᠷᠠᠯ ᠬᠢᠵᠦ᠂ ᠵᠠᠯᠠᠶᠢᠳ ᠬᠤᠰᠢᠭᠤᠨ ᠤ ᠨᠠᠮ ᠤᠨ ᠬᠤᠷᠢᠶᠠᠨ ᠤ ᠱᠦᠵᠢ ᠴᠢ ᠯᠢᠨ ᠬᠤᠷᠠᠯ ᠢ ᠡᠷᠭᠢᠯᠡᠭᠰᠡᠨ ᠪᠥᠭᠡᠳ | ᠶᠠᠷᠢᠶ᠎ᠠ ᠲᠠᠯᠪᠢᠪᠠ᠃ | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠤᠷᠲᠠᠯ ᠤᠨ ᠪᠠᠶᠢᠭᠤᠯᠤᠯᠲᠠ ᠶᠢ | ᠴᠢᠩᠭᠠᠳᠬᠠᠬᠤ ᠲᠤᠬᠠᠢ ᠴᠢᠬᠤᠯᠠ ᠥᠭᠦᠯᠡᠯᠲᠡ ︵ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠲᠠᠯ᠎ᠠ︶ | ᠪᠣᠯᠤᠨ 6 ᠰᠠᠷ᠎ᠠ ᠶᠢᠨ 12 ᠤᠨ ᠡᠳᠦᠷ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ | ᠬᠤᠷᠢᠶᠠᠨ ᠤ ᠬᠤᠷᠠᠯ ᠤᠨ ᠬᠠᠮᠢᠶ᠎ᠠ ᠪᠦᠬᠦᠢ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠵᠤ᠂ ᠤᠢᠢᠷ᠎ᠠ ᠶᠢᠨ | ᠬᠤᠭᠤᠴᠠᠭᠠᠨ ᠤ ᠨᠡᠶᠢᠲᠡᠯᠢᠭ ᠬᠡᠷᠡᠭ ᠤᠨ ᠵᠢᠱᠢᠶ᠎ᠡ ᠶᠢ ᠵᠠᠷᠯᠠᠨ ᠮᠡᠳᠡᠭᠳᠡᠪᠡ᠃ ᠬᠤᠷᠠᠯ ᠳᠤ ᠣᠷᠣᠯᠴᠠᠭᠰᠠᠨ ᠭᠤᠣᠯ | ᠳᠤᠭᠤᠶᠢᠯᠠᠩ ᠤᠨ ᠪᠦᠷᠢᠯᠳᠦᠬᠦᠨ ᠨᠡᠷ ᠦᠵᠡᠯ ᠰᠠᠨᠠᠭ᠎ᠠ ᠪᠠ ᠠᠵᠢᠯ ᠤᠨ ᠪᠣᠳᠠᠲᠤ ᠪᠠᠶᠢᠳᠠᠯ ᠲᠠᠢ ᠪᠠᠨ | ᠤᠶᠠᠯᠳᠤᠭᠤᠯᠤᠨ ᠰᠠᠨᠠᠯ ᠢᠶᠠᠨ ᠰᠣᠯᠢᠯᠴᠠᠪᠠ᠃ | ᠬᠤᠷᠠᠯ ᠠᠴᠠ᠂ ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠶᠢ ᠲᠥᠪᠯᠡᠷᠡᠭᠦᠯᠦᠨ ᠴᠡᠭᠴᠡᠯᠡᠨ | ᠵᠠᠰᠠᠬᠤ ᠶᠢᠨ ᠴᠢᠬᠤᠯᠠ ᠴᠢᠨᠠᠷ ᠢ ᠭᠦᠨᠵᠡᠭᠡᠢ ᠲᠠᠨᠢᠵᠤ᠂ ᠲᠥᠪ ᠤᠨ ᠪᠠ ᠳᠡᠭᠡᠳᠦ ᠱᠠᠲᠤᠨ ᠤ ᠱᠠᠭᠠᠷᠳᠠᠯᠭ᠎ᠠ ᠶᠣᠰᠣᠭᠠᠷ | ᠴᠡᠭᠴᠡᠯᠡᠨ ᠵᠠᠰᠠᠬᠤ ᠠᠵᠢᠯ ᠢ ᠰᠠᠶᠢᠳᠤᠷ ᠠᠬᠢᠭᠤᠯᠬᠤ ᠬᠡᠷᠡᠭᠲᠡᠢ᠃ ᠨᠡᠶᠢᠲᠡᠯᠢᠭ ᠬᠡᠷᠡᠭ ᠤᠨ ᠵᠢᠱᠢᠶ᠎ᠡ ᠶᠢᠨ ᠬᠠᠷᠠᠰᠠᠯᠳᠤ | ᠰᠤᠷᠭᠠᠮᠵᠢ ᠶᠢ ᠭᠦᠨᠵᠡᠭᠡᠢ ᠰᠢᠩᠭᠡᠭᠡᠨ ᠠᠪᠴᠤ᠂ ᠥᠪᠡᠷ ᠢ ᠪᠠᠨ ᠴᠢᠩᠭ᠎ᠠ ᠱᠠᠭᠠᠷᠳᠠᠵᠤ᠂ ᠤᠬᠠᠮᠰᠠᠷ ᠠᠴᠠ ᠪᠠᠨ ︽ | ᠨᠡᠶᠢᠭᠡᠮ ᠤᠨ ᠬᠠᠷᠢᠯᠴᠠᠭᠠᠨ ᠤ ᠬᠦᠷᠢᠶ᠎ᠡ︾ ︽ᠠᠮᠢᠳᠤᠷᠠᠯ ᠤᠨ ᠬᠦᠷᠢᠶ᠎ᠡ︾ ︽ᠨᠠᠶᠢᠵᠠ ᠶᠢᠨ ᠲᠣᠭᠤᠷᠢᠭ︾ ᠢᠶᠠᠨ | ᠴᠡᠪᠡᠷᠰᠢᠭᠦᠯᠬᠦ ᠬᠡᠷᠡᠭᠲᠡᠢ᠃ ᠡᠯ᠎ᠡ ᠱᠠᠲᠤᠨ ᠤ ᠤᠳᠤᠷᠢᠳᠬᠤ ᠺᠠᠳ᠋ᠷᠴᠤᠳ ︽ᠵᠠᠩᠭᠢᠯᠠᠭ᠎ᠠ ᠶᠢᠨ ᠴᠥᠭᠡᠨ ᠲᠣᠭᠠᠲᠠᠨ︾ | ᠤ ᠦᠢᠯᠡᠳᠦᠯ ᠢᠶᠠᠨ ᠪᠠᠳᠠᠷᠠᠭᠤᠯᠵᠤ᠂ ︽ᠨᠢᠭᠡ ᠠᠵᠢᠯ ᠤᠨ ᠪᠠᠶᠢᠷᠢ ᠳᠤ ᠬᠤᠤᠰ ᠬᠠᠷᠢᠭᠤᠴᠠᠯᠭ᠎ᠠ ᠡᠭᠦᠷᠭᠡᠯᠡᠬᠦ︾ | ᠶᠢ ᠨᠠᠶᠢᠳᠠᠪᠤᠷᠢᠵᠢᠭᠤᠯᠵᠤ᠂ ᠰᠡᠳᠬᠢᠯ ᠤᠨ ᠦᠭᠡ ᠪᠠᠨ ᠶᠠᠷᠢᠯᠴᠠᠬᠤ᠂ ᠠᠰᠠᠭᠤᠳᠠᠯ ᠢ ᠥᠪᠡᠷ ᠢᠶᠠᠨ ᠪᠠᠶᠢᠴᠠᠭᠠᠬᠤ | ᠵᠡᠷᠭᠡ ᠠᠵᠢᠯ ᠢ ᠪᠦᠬᠦ ᠲᠠᠯ᠎ᠠ ᠪᠠᠷ ᠵᠣᠬᠢᠶᠠᠨ ᠪᠠᠶᠢᠭᠤᠯᠵᠤ᠂ ᠲᠤᠰᠬᠠᠢ ᠴᠡᠭᠴᠡᠯᠡᠨ ᠵᠠᠰᠠᠬᠤ᠂ ᠢᠯᠡ ᠪᠠᠷ ᠪᠠᠶᠢᠴᠠᠭᠠᠵᠤ | ᠳᠠᠯᠳᠠᠭᠤᠷ ᠰᠤᠷᠪᠤᠯᠵᠢᠯᠠᠬᠤ ᠵᠡᠷᠭᠡ ᠠᠷᠭ᠎ᠠ ᠪᠠᠷ ᠳᠠᠮᠵᠢᠭᠤᠯᠤᠨ᠂ ᠵᠤᠷᠢᠭᠤᠳᠠ ᠰᠠᠬᠢᠯᠭ᠎ᠠ ᠪᠠᠲᠤ ᠶᠢ ᠵᠥᠷᠢᠴᠡᠭᠰᠡᠨ | ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠥᠴᠦᠬᠡᠨ ᠴᠦ ᠠᠭᠤᠴᠢᠯᠠᠬᠤ ᠦᠭᠡᠢ ᠣᠪᠣᠷ ᠢᠶᠠᠷ ︽ | ᠢᠳᠡᠭᠡᠨ ᠤᠮᠳᠠᠭᠠᠨ ᠤ ᠲᠠᠯ᠎ᠠ ᠪᠠᠷ ᠬᠢ ᠭᠠᠵᠢᠭᠤ ᠰᠤᠷᠲᠠᠯ︾ ᠢ ᠡᠷᠡᠰ ᠬᠤᠷᠢᠭᠯᠠᠨ ᠵᠣᠭᠰᠣᠭᠠᠵᠤ᠂ ᠰᠤᠷᠲᠠᠯ | ᠴᠢᠬᠡᠴᠢ ᠣᠪᠣᠷ ᠲᠥᠪ ᠤᠯᠤᠰ ᠲᠦᠷᠦ ᠶᠢᠨ ᠠᠮᠢ ᠠᠬᠤᠢ ᠪᠠ ᠨᠡᠶᠢᠭᠡᠮ ᠤᠨ ᠣᠷᠴᠢᠨ ᠲᠣᠭᠤᠷᠢᠨ ᠢ ᠪᠤᠢ ᠪᠣᠯᠭᠠᠬᠤ | ᠬᠡᠷᠡᠭᠲᠡᠢ ᠭᠡᠵᠤ ᠴᠢᠬᠤᠯᠠᠴᠢᠯᠠᠵᠠᠢ᠃ |