ᠪᠡᠶ᠎ᠡ ᠶᠢᠨ ᠲᠠᠮᠢᠷ ᠤᠨ ᠴᠤᠭᠯᠠᠭᠠᠨ ᠢᠶᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠦᠵᠡᠰᠬᠦᠯᠡᠩᠳᠤ ᠰᠠᠶᠢᠬᠠᠨ ᠵᠢᠷᠤᠭ ᠢ ᠵᠢᠷᠤᠭᠯᠠᠨ᠎ᠠ
ᠨᠡᠶᠢᠲᠡᠯᠡᠭᠰᠡᠨ ᠴᠠᠭ᠄
2025/6/19
  ᠤᠶᠢᠷ᠎ᠠ ᠳᠤ᠂ ᠪᠦᠬᠦ ᠠᠶᠢᠮᠠᠭ ᠤᠨ ᠮᠠᠯᠴᠢᠨ ᠲᠠᠷᠢᠶᠠᠴᠢᠨ ᠤ ᠪᠡᠶ᠎ᠡ ᠶᠢᠨ ᠲᠠᠮᠢᠷ ᠤᠨ ᠴᠤᠭᠯᠠᠭᠠᠨ ᠮᠠᠨ ᠤ ᠵᠠᠯᠠᠶᠢᠳ ᠬᠤᠰᠢᠭᠤᠨ ᠳᠤ ᠶᠠᠪᠤᠭᠳᠠᠪᠠ᠃ ᠡᠨᠡ ᠨᠢ ᠬᠢᠩᠭᠠᠨ ᠠᠶᠢᠮᠠᠭ ᠤᠨ ᠮᠠᠯᠴᠢᠨ ᠲᠠᠷᠢᠶᠠᠴᠢᠨ ᠤ ᠪᠡᠶ᠎ᠡ ᠶᠢᠨ ᠲᠠᠮᠢᠷ ᠤᠨ ᠦᠪᠡᠳᠡᠭᠰᠢ ᠴᠤᠭᠯᠠᠭᠠᠨ ᠪᠣᠯᠬᠤ ᠪᠠᠷ ᠪᠠᠷᠠᠬᠤ ᠥᠬᠡᠶ᠂ ᠨᠠᠩ ᠴᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠦᠷ᠎ᠡ ᠪᠦᠲᠦᠭᠡᠯ ᠢ ᠲᠤᠰᠬᠠᠭᠰᠠᠨ ᠴᠠᠭ ᠦᠶᠡᠴᠢ ᠴᠢᠨᠠᠷᠳᠠᠢ ᠠᠵᠢᠯᠯᠠᠭ᠎ᠠ   ᠮᠠᠯᠴᠢᠨ ᠲᠠᠷᠢᠶᠠᠴᠢᠨ ᠤ ᠪᠡᠶ᠎ᠡ ᠶᠢᠨ ᠲᠠᠮᠢᠷ ᠤᠨ ᠴᠤᠭᠯᠠᠭᠠᠨ ᠪᠣᠯ ᠤᠮᠠᠷᠠᠲᠤ ᠬᠢᠯᠢ ᠶᠢᠨ ᠰᠣᠶᠣᠯ ᠤᠨ ᠰᠢᠨ᠎ᠡ ᠰᠣᠷᠭᠤᠭ ᠤᠯᠠᠮᠵᠢᠯᠠᠯ ᠪᠣᠯᠤᠨ᠎ᠠ᠃ ᠪᠦᠭᠡ ᠪᠠᠷᠢᠯᠳᠤᠬᠤ᠂ ᠲᠤᠳᠤᠷᠭ᠎ᠠ ᠶᠢᠨ ᠲᠠᠷᠢᠶ᠎ᠠ ᠪᠠᠷ ᠠᠯᠭᠤᠷᠬᠠᠨ ᠵᠢᠭᠤᠯᠴᠢᠯᠠᠬᠤ ᠵᠡᠷᠭᠡ ︽ᠰᠢᠪᠠᠷ ᠰᠢᠷᠣᠢ ᠶᠢᠨ ᠦᠨᠦᠷ︾᠎ ᠢᠶᠠᠷ ᠪᠢᠯᠬᠠᠭᠰᠠᠨ ᠥᠪᠡᠷᠮᠢᠴᠡ ᠲᠦᠷᠦᠯ ᠵᠦᠢᠯ ᠨᠢ ᠮᠠᠯᠴᠢᠨ ᠲᠠᠷᠢᠶᠠᠴᠢᠨ ᠤ ᠦᠢᠯᠡᠳᠪᠦᠷᠢᠯᠡᠯ ᠠᠮᠢᠳᠤᠷᠠᠯ ᠤᠨ ᠤᠶᠤᠨ ᠤᠬᠠᠭᠠᠨ ᠤ ᠦᠷ᠎ᠡ ᠪᠦᠲᠦᠭᠡᠯ ᠠᠴᠠ ᠢᠷᠡᠯᠲᠡ ᠲᠠᠢ ᠶᠤᠮ᠃ ᠤᠷᠤᠯᠳᠤᠭᠠᠨ ᠤ ᠵᠦᠢᠯ ᠨᠢᠭᠡᠪᠦᠷᠢ ᠨᠢ ᠴᠥᠮ ᠲᠠᠷᠢᠶᠠᠯᠠᠬᠤ ᠰᠣᠶᠣᠯ ᠪᠠ ᠲᠠᠯ᠎ᠠ ᠨᠤᠲᠤᠭ ᠤᠨ ᠰᠣᠶᠣᠯ ᠢ ᠪᠦᠲᠦᠭᠡᠯᠴᠢ ᠪᠠᠷ ᠲᠡᠯᠭᠡᠨ ᠦᠵᠡᠬᠦᠯᠵᠤ ᠰᠢᠨ᠎ᠡ ᠶᠢ ᠡᠭᠦᠳᠬᠦ ᠴᠢᠨᠠᠷᠳᠠᠢ ᠪᠠᠷ ᠬᠦᠭᠵᠢᠬᠦᠯᠦᠭᠰᠡᠨ ᠶᠠᠪᠤᠳᠠᠯ ᠪᠣᠯᠣᠨ᠎ᠠ᠃ ᠵᠢᠱᠢᠶᠡᠯᠡᠪᠡᠯ᠂ ᠪᠣᠳᠠᠰ ᠤᠨ ᠪᠤᠰᠤ ᠰᠣᠶᠣᠯ ᠤᠨ ᠥᠪ ᠤᠨ ᠤᠷ᠎ᠠ ᠮᠡᠷᠭᠡᠵᠢᠯ ᠤᠨ ᠦᠵᠡᠭᠦᠯᠭᠡ᠂ ᠪᠣᠳᠠᠰ ᠤᠨ ᠪᠤᠰᠤ ᠰᠣᠶᠣᠯ ᠤᠨ ᠥᠪ ᠤᠨ ᠦᠢᠯᠡᠳᠬᠡᠯ ᠤᠨ ᠭᠠᠵᠠᠷ᠂ ᠭᠤᠷᠪᠠᠳᠤᠭᠠᠷ ᠪᠦᠯᠦᠭ ᠪᠣᠳᠠᠰ ᠤᠨ ᠪᠤᠰᠤ ᠰᠣᠶᠣᠯ ᠤᠨ ᠥᠪ ᠤᠨ ᠤᠯᠠᠮᠵᠢᠯᠠᠯ ᠤᠨ ᠰᠠᠭᠤᠷᠢᠨ ᠭᠠᠵᠠᠷ ᠲᠤ ᠫᠠᠶᠢᠰᠠ ᠣᠯᠭᠤᠬᠤ ᠵᠡᠷᠭᠡ ᠨᠢ ᠤᠮᠠᠷᠠᠲᠤ ᠬᠢᠯᠢ ᠶᠢᠨ ᠰᠣᠶᠣᠯ ᠢ ᠰᠢᠨ᠎ᠡ ᠴᠠᠭ ᠦᠶ᠎ᠡ ᠶᠢᠨ ᠤᠯᠠᠮᠵᠢᠯᠠᠯ ᠳᠤᠮᠳᠠ ᠰᠢᠨ᠎ᠡ ᠠᠮᠢᠵᠢᠷᠠᠯ ᠤᠨ ᠬᠦᠴᠦᠨ ᠲᠠᠢ ᠪᠣᠯᠭᠠᠵᠠᠢ᠃  ᠮᠠᠯᠴᠢᠨ ᠲᠠᠷᠢᠶᠠᠴᠢᠨ ᠤ ᠪᠡᠶ᠎ᠡ ᠶᠢᠨ ᠲᠠᠮᠢᠷ ᠤᠨ ᠴᠤᠭᠯᠠᠭᠠᠨ ᠪᠣᠯ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠠᠮᠢᠳᠤᠯᠢᠭ ᠦᠢᠯᠡᠳᠦᠯᠭᠡ ᠪᠣᠯᠤᠨ᠎ᠠ᠃ ᠮᠠᠯᠴᠢᠨ ᠲᠠᠷᠢᠶᠠᠴᠢᠨ ᠤ ᠪᠡᠶ᠎ᠡ ᠶᠢᠨ ᠲᠠᠮᠢᠷ ᠤᠨ ᠴᠤᠭᠯᠠᠭᠠᠨ ᠢ ᠡᠷᠬᠢᠯᠡᠭᠰᠡᠨ ᠨᠢ ᠥᠷᠭᠡᠨ ᠣᠯᠠᠨ ᠮᠠᠯᠴᠢᠨ ᠲᠠᠷᠢᠶᠠᠴᠢᠨ ᠳᠤ ᠥᠪᠡᠷ ᠢ ᠪᠠᠨ ᠭᠠᠶᠢᠬᠠᠭᠤᠯᠬᠤ᠂ ᠪᠡᠶ᠎ᠡ ᠮᠠᠬᠠᠪᠣᠳ ᠢᠶᠠᠨ ᠴᠢᠭᠢᠷᠠᠭᠵᠢᠭᠤᠯᠬᠤ ᠥᠷᠭᠡᠨ ᠠᠭᠤᠳᠠᠮ ᠲᠠᠪᠴᠠᠩ ᠬᠠᠩᠭᠠᠪᠠ᠃ ᠴᠤᠭ ᠵᠢᠪᠬᠤᠭ᠎ᠠ ᠲᠠᠢ ᠵᠠᠯᠠᠭᠤᠴᠤᠳ ᠠᠴᠠ ᠡᠭᠡᠯ ᠪᠣᠷᠣᠭᠵᠢᠭᠤᠨ ᠲᠠᠷᠢᠶᠠᠴᠢᠨ ᠪᠦᠰᠡᠬᠦᠶᠢᠴᠤᠤᠯ ᠳᠠᠬᠢᠨ ᠰᠢᠨ᠎ᠠ ᠴᠠᠭ ᠦᠶ᠎ᠡ ᠶᠢᠨ ᠲᠠᠷᠢᠶᠠᠴᠢᠨ ᠬᠦᠷᠳᠡᠯ᠎ᠠ᠂ ᠬᠥᠮᠥᠨ ᠪᠣᠯᠭᠠᠨ ᠤᠷᠤᠯᠳᠤᠭᠠᠨ ᠤ ᠲᠠᠯᠠᠪᠤᠷ ᠠᠴᠠ ᠥᠪᠡᠷ ᠤᠨ ᠠᠪᠢᠶᠠᠰ ᠴᠢᠳᠠᠪᠤᠷᠢ ᠪᠠᠨ ᠪᠠᠳᠠᠷᠠᠭᠤᠯᠤᠨ᠎ᠠ᠃ ᠮᠠᠯᠴᠢᠨ ᠲᠠᠷᠢᠶᠠᠴᠢᠨ ᠤ ᠪᠡᠶ᠎ᠡ ᠶᠢᠨ ᠲᠠᠮᠢᠷ ᠤᠨ ᠴᠤᠭᠯᠠᠭᠠᠨ ᠨᠢ ᠲᠠᠷᠢᠶᠠᠴᠢᠳ ᠤᠨ ᠪᠡᠶ᠎ᠡ ᠶᠢᠨ ᠲᠠᠮᠢᠷ ᠤᠨ ᠬᠥᠳᠡᠯᠭᠡᠭᠡᠨ ᠳᠤ ᠣᠷᠣᠯᠴᠠᠬᠤ ᠤᠷᠮ᠎ᠠ ᠵᠤᠷᠢᠭ ᠢ ᠬᠥᠭᠵᠢᠭᠡᠭᠰᠡᠨ ᠢᠶᠠᠷ ᠪᠠᠷᠠᠬᠤ ᠦᠭᠡᠢ᠂ ᠨᠡᠩ ᠴᠤ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠣᠶᠢᠯᠠᠭᠠᠭᠳᠠᠬᠤᠨ ᠢ ᠮᠠᠯᠵᠢᠬᠤ ᠲᠠᠷᠢᠶᠠᠯᠠᠬᠤ ᠣᠷᠣᠨ ᠳᠤ ᠨᠠᠶᠢᠳᠠᠪᠤᠷᠢᠵᠢᠭᠤᠯᠬᠤ ᠶᠢ ᠠᠬᠢᠭᠤᠯᠤᠭᠰᠠᠨ ᠪᠠᠶᠢᠨ᠎ᠠ᠃      ᠮᠠᠯᠴᠢᠨ ᠲᠠᠷᠢᠶᠠᠴᠢᠨ ᠤ ᠪᠡᠶ᠎ᠡ ᠶᠢᠨ ᠲᠠᠮᠢᠷ ᠤᠨ ᠴᠤᠭᠯᠠᠭᠠᠨ ᠪᠣᠯ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ︽ᠰᠡᠳᠬᠢᠯ ᠢ ᠬᠤᠯᠪᠣᠬᠤ ᠬᠥᠭᠦᠷᠭᠡ︾ ᠪᠣᠯᠤᠨ᠎ᠠ᠃ ᠤᠷᠤᠯᠳᠤᠭᠠᠨ ᠤ ᠲᠠᠯᠠᠪᠤᠷ ᠲᠤ᠂ ᠬᠡᠳᠤᠨ ᠦᠨᠳᠦᠰᠦᠲᠡᠨ ᠤ ᠮᠠᠯᠴᠢᠨ ᠲᠠᠷᠢᠶᠠᠴᠢᠨ ᠮᠥᠷᠥ ᠵᠡᠷᠭᠡᠴᠡᠨ ᠨᠦᠬᠦᠷᠰᠡᠭ ᠢᠶᠠᠷ ᠥᠷᠢᠰᠦᠯᠳᠦᠵᠦ᠂ ᠬᠠᠷᠢᠯᠴᠠᠨ ᠰᠤᠷᠤᠯᠴᠠᠵᠤ᠂ ᠪᠥᠬᠡ ᠪᠠᠷᠢᠯᠳᠤᠬᠤ ᠨᠥᠬᠦᠷᠰᠡᠭ ᠶᠠᠪᠤᠯᠴᠠᠭ᠎ᠠ ᠶᠢᠨ ᠳᠤᠮᠳᠠ ᠢᠲᠡᠭᠡᠯ ᠢᠶᠠᠨ ᠭᠦᠨᠵᠡᠭᠡᠶᠢᠷᠡᠭᠦᠯᠵᠦ᠂ ᠳᠡᠭᠡᠰᠦ ᠲᠠᠲᠠᠬᠤ ᠳᠠᠭᠤᠨ ᠳᠤᠮᠳᠠ ᠬᠠᠷᠢᠴᠠᠭ᠎ᠠ ᠪᠠᠨ ᠤᠯᠠᠮ ᠨᠢᠭᠡ ᠠᠯᠬᠤᠮ   ᠨᠢᠭᠳᠠᠷᠠᠭᠤᠯᠪᠠ᠃ ᠪᠡᠶ᠎ᠡ ᠲᠠᠮᠢᠷ ᠤᠨ ᠴᠤᠭᠯᠠᠭᠠᠨ ᠨᠢ ᠭᠠᠵᠠᠷ ᠣᠷᠣᠨ᠂ ᠦᠨᠳᠦᠰᠦᠲᠡᠨ ᠤ ᠬᠤᠭᠤᠷᠤᠨᠳᠤᠬᠢ ᠵᠠᠢ ᠵᠠᠪᠰᠠᠷ ᠢ ᠠᠷᠢᠯᠭᠠᠵᠤ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠤᠨ ᠠᠮᠢᠳᠤᠯᠢᠭ ᠦᠢᠯᠡᠳᠦᠯᠭᠡ ᠪᠣᠯᠤᠭᠰᠠᠨ ᠪᠠᠶᠢᠨ᠎ᠠ᠃ ᠮᠠᠯᠴᠢᠨ ᠲᠠᠷᠢᠶᠠᠴᠢᠳ ᠪᠦᠯᠬᠦᠮᠳᠡᠯ ᠢᠶᠠᠷ ︽ᠳᠤᠮᠳᠠᠳᠤ ᠶᠢᠨ ᠦᠨᠳᠦᠰᠦᠲᠡᠨ ᠨᠢᠭᠡ ᠬᠡᠷ ᠤᠨ ᠬᠥᠮᠦᠨ ᠮᠡᠲᠦ ᠳᠣᠲᠣᠨᠣ︾ ᠭᠡᠬᠦ ᠰᠡᠳᠬᠢᠯ ᠬᠥᠳᠡᠯᠭᠡᠮ᠎ᠡ ᠬᠠᠭᠤᠳᠠᠰᠤ ᠶᠢ ᠬᠠᠮᠳᠤᠪᠡᠷ ᠪᠢᠴᠢᠭᠯᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠵᠠᠢ᠃      ᠲᠤᠰ ᠤᠳᠠᠭᠠᠨ ᠤ ᠮᠠᠯᠴᠢᠨ ᠲᠠᠷᠢᠶᠠᠴᠢᠨ ᠤ ᠪᠡᠶ᠎ᠡ ᠶᠢᠨ ᠲᠠᠮᠢᠷ ᠤᠨ ᠴᠤᠭᠯᠠᠭᠠᠨ ᠪᠣᠯ ᠲᠠᠷᠢᠶᠠᠯᠠᠩ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠠᠷᠠᠯᠵᠢᠶ᠎ᠠ ᠬᠤᠳᠠᠯᠳᠤᠭ᠎ᠠ ᠶᠢᠨ ᠭᠦᠨᠵᠡᠭᠡᠶ ᠠᠭᠤᠰᠤᠯᠴᠠᠯ ᠪᠣᠯᠤᠨ᠎ᠠ᠃ ᠪᠡᠶ᠎ᠡ ᠶᠢᠨ ᠲᠠᠮᠢᠷ ᠤᠨ ᠴᠤᠭᠯᠠᠭᠠᠨ ᠨᠢ ᠰᠣᠶᠣᠯ ᠢᠶᠠᠷ ᠰᠦᠭ ᠰᠦᠨᠡᠰᠦ ᠪᠣᠯᠭᠠᠵᠤ᠂ ᠵᠢᠭᠤᠯᠴᠢᠯᠠᠯ ᠢᠶᠠᠷ ᠲᠡᠪᠴᠡᠩ ᠪᠣᠯᠭᠠᠨ᠂ ᠪᠡᠶ᠎ᠡ ᠶᠢᠨ ᠲᠠᠮᠢᠷ ᠢᠶᠠᠷ ᠵᠠᠭᠤᠴᠢ ᠪᠤᠯᠭᠠᠵᠤ᠂ ᠠᠵᠤ ᠦᠢᠯᠡᠰ ᠢᠶᠠᠷ ᠰᠠᠭᠤᠷᠢ ᠪᠣᠯᠭᠠᠨ᠂ ᠡᠯᠪᠡᠭ ᠪᠠᠶᠠᠯᠢᠭ ᠪᠠᠶᠢᠭᠠᠯᠢ ᠶᠢᠨ ᠡᠬᠢ ᠪᠠᠶᠠᠯᠢᠭ ᠪᠣᠯᠤᠨ ᠭᠦᠨ ᠵᠤᠵᠠᠭᠠᠨ ᠰᠣᠶᠣᠯ ᠤᠨ ᠠᠭᠤᠯᠬᠤᠨ ᠢ ᠣᠷᠭᠠᠨᠢᠭ ᠢᠶᠠᠷ ᠤᠶᠠᠯᠳᠤᠭᠤᠯᠤᠭᠠᠳ᠂ ︽ᠠᠶᠠᠯᠭᠤᠳᠤ ᠵᠢᠭᠤᠯᠴᠢᠯᠠᠯ·ᠦᠪᠤᠷ ᠮᠤᠩᠭᠤᠯ︾ ᠰᠣᠶᠣᠯ ᠵᠢᠭᠤᠯᠴᠢᠯᠠᠯ ᠤᠨ ᠨᠠᠷᠠᠲᠤ ᠲᠡᠮᠳᠡᠭ ᠢ ᠡᠭᠦᠳᠤᠨ᠂ ᠬᠢᠩᠭᠠᠨ ᠠᠶᠢᠮᠠᠭ ᠤᠨ ᠪᠣᠬᠢᠷᠲᠤᠯ ᠥᠬᠡᠶ ᠴᠢᠨᠠᠷ ᠰᠠᠶᠢᠲᠠᠶ ᠲᠠᠷᠢᠶᠠᠯᠠᠩ ᠤᠨ ᠪᠦᠳᠦᠭᠡᠭᠳᠡᠬᠦᠨ ᠮᠠᠯ ᠤᠨ ᠠᠰᠢᠭ ᠰᠢᠮ᠎ᠡ ᠶᠢ ᠤᠯᠠᠨ᠎ᠠ ᠲᠠᠨᠢᠯᠴᠠᠭᠤᠯᠵᠤ᠂ ᠤᠷᠤᠯᠳᠤᠭᠠᠨ ᠢ ᠳᠠᠭᠠᠵᠤ ᠵᠢᠭᠤᠯᠴᠢᠯᠠᠬᠤ ᠶᠢᠨ ᠬᠠᠮᠲᠤ ᠠᠵᠤ ᠠᠬᠤᠶ ᠬᠢᠭᠡᠳ ᠰᠣᠶᠣᠯ ᠪᠡᠶ᠎ᠡ ᠶᠢᠨ ᠲᠠᠮᠢᠷ ᠤᠨ ᠠᠭᠤᠰᠤᠯᠴᠠᠯ ᠢ ᠤᠯᠠᠮ ᠴᠢᠨᠠᠭᠰᠢᠳᠠ ᠠᠬᠢᠭᠤᠯᠵᠠᠢ᠃
 
ᠢᠷᠡᠯᠲᠡ᠄ ᠵᠠᠯᠠᠶᠢᠳ ᠤᠨ ᠸᠢᠴᠠᠲ ᠮᠡᠳᠡᠭᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号