ᠵᠠᠯᠠᠶᠢᠳ ᠬᠤᠰᠢᠭᠤ ᠡᠯᠧᠺᠲᠷᠤᠨ ᠬᠤᠳᠠᠯᠳᠤᠭᠠᠨ ᠤ ᠴᠢᠳᠠᠪᠤᠷᠢᠲᠠᠨ ᠢ ᠬᠦᠮᠤᠵᠢᠬᠦᠯᠬᠦ ᠪᠣᠯᠪᠠᠰᠤᠷᠠᠯ ᠡᠷᠭᠢᠯᠡᠪᠡ
ᠨᠡᠶᠢᠲᠡᠯᠡᠭᠰᠡᠨ ᠴᠠᠭ᠄
2025/6/19
      ᠣᠶᠢᠷ᠎ᠠ ᠳᠤ᠂ ᠵᠠᠯᠠᠶᠢᠳ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠪᠠᠶᠠᠨᠭᠤᠤᠯ ᠪᠠᠯᠭᠠᠰᠤ ᠲᠠᠢ ᠬᠠᠮᠳᠤᠷᠠᠨ ᠥᠷᠨᠢᠭᠦᠯᠦᠭᠰᠡᠨ ᠡᠯᠧᠺᠲᠷᠤᠨ ᠬᠤᠳᠠᠯᠳᠤᠭᠠᠨ ᠤ ᠪᠣᠯᠪᠠᠰᠤᠷᠠᠯ ᠤᠨ ᠠᠩᠭᠢ ᠠᠮᠵᠢᠯᠳᠠ ᠲᠠᠢ ᠪᠠᠷ ᠬᠢᠴᠢᠶᠡᠯ ᠲᠡᠬᠦᠰᠪᠡ᠃ ︽ᠣᠨᠣᠯ ᠤᠨ ᠬᠢᠴᠢᠶᠠᠯ + ᠪᠣᠳᠠᠲᠤ ᠪᠠᠶᠢᠯᠳᠤᠭᠠᠨ ᠤ ᠰᠣᠷᠢᠯᠲᠠ︾ ᠭᠡᠬᠦ ᠪᠣᠯᠪᠠᠰᠤᠷᠠᠯ ᠤᠨ ᠵᠠᠭᠪᠤᠷ ᠢᠶᠠᠷ ᠨᠢᠭᠡ ᠪᠦᠯᠦᠭ ᠨᠤᠲᠤᠭ ᠤᠨ ᠡᠯᠧᠺᠲᠷᠤᠨ ᠬᠤᠳᠠᠯᠳᠤᠭᠠᠨ ᠤ ᠴᠢᠳᠠᠪᠤᠷᠢᠲᠠᠨ ᠢ ᠬᠦᠮᠤᠵᠢᠬᠦᠯᠵᠤ᠂ ᠰᠤᠷᠤᠯᠴᠠᠭᠰᠠᠳ ᠤᠨ ᠰᠢᠨ᠎ᠡ ᠶᠢ ᠡᠭᠦᠳᠦᠨ ᠦᠢᠯᠡᠰ ᠪᠤᠰᠬᠠᠬᠤ ᠠᠮᠢᠵᠢᠷᠠᠯ ᠤᠨ ᠬᠦᠴᠦᠨ ᠢ ᠬᠥᠭᠵᠢᠭᠡᠵᠦ᠂ ᠵᠠᠯᠠᠶᠢᠳ ᠬᠤᠰᠢᠭᠤᠨ ᠤ ᠡᠯᠧᠺᠲᠷᠤᠨ ᠬᠤᠳᠠᠯᠳᠤᠭᠠᠨ ᠤ ᠶᠠᠪᠤᠳᠠᠯ ᠤᠨ ᠠᠵᠤ ᠦᠢᠯᠡᠰ ᠤᠨ ᠬᠥᠭᠵᠢᠯᠲᠡ ᠳᠤ ᠬᠦᠴᠦᠨ ᠨᠡᠮᠡᠷᠢᠯᠡᠵᠠᠢ᠃      ᠬᠢᠴᠢᠶᠡᠯ ᠳᠡᠭᠡᠷ᠎ᠡ᠂ ᠪᠠᠭᠰᠢ ᠦᠨᠡᠨ ᠪᠣᠳᠠᠲᠠᠶ ᠬᠡᠷᠡᠭ ᠤᠨ ᠵᠢᠱᠢᠶ᠎ᠡ ᠶᠢ ᠵᠠᠳᠠᠯᠬᠤ ᠪᠠ ᠤᠷᠤᠰᠴᠠ ᠶᠢᠨ ᠨᠢᠭᠤᠴᠠ ᠨᠣᠮᠧᠷ ᠢ ᠭᠦᠨᠵᠡᠭᠡᠶ ᠵᠠᠳᠠᠯᠬᠤ ᠪᠠᠷ ᠳᠠᠮᠵᠢᠨ᠂ ᠰᠤᠷᠤᠯᠴᠠᠭᠰᠠᠳ ᠤᠨ ᠡᠯᠧᠺᠲᠷᠤᠨ ᠬᠤᠳᠠᠯᠳᠤᠭᠠᠨ ᠤ ᠮᠡᠳᠡᠯᠭᠡ ᠶᠢ ᠨᠠᠩ ᠲᠦᠷᠭᠡᠨ ᠡᠵᠡᠮᠰᠢᠵᠦ᠂ ᠢᠨᠲ᠋ᠧᠷ ᠰᠦᠯᠵᠢᠶᠡᠨ ᠤ ᠡᠵᠡᠩᠨᠡᠯᠲᠡ ᠶᠢᠨ ᠰᠡᠳᠬᠢᠬᠦᠶ ᠵᠢᠴᠢ ᠡᠯᠧᠺᠲᠷᠤᠨ ᠬᠤᠳᠠᠯᠳᠤᠭᠠᠨ ᠤ ᠡᠵᠡᠩᠨᠡᠯᠲᠡ ᠶᠢᠨ ᠴᠢᠳᠠᠪᠤᠷᠢ ᠶᠢ ᠳᠡᠭᠡᠭᠰᠢᠯᠡᠭᠦᠯᠬᠦ ᠳᠤ ᠲᠥᠬᠦᠮ ᠦᠵᠡᠬᠦᠯᠪᠡ᠃ ᠤᠯᠠᠨ ᠢᠶᠠᠷ ᠢᠶᠠᠨ ᠰᠠᠨᠠᠯ ᠢᠶᠠᠨ ᠰᠣᠯᠢᠯᠴᠠᠬᠤ ᠶᠠᠪᠤᠴᠠ ᠳᠤ᠂ ᠰᠤᠷᠤᠯᠴᠠᠭᠰᠠᠳ ᠢᠳᠡᠪᠬᠢᠲᠡᠢ ᠪᠠᠷ ᠠᠰᠠᠭᠤᠯᠲᠠ ᠠᠰᠠᠭᠤᠵᠤ᠂ ᠪᠠᠭᠰᠢ ᠎ ᠠᠴᠠ ᠬᠦᠯᠢᠴᠡᠩᠭᠦᠢ ᠪᠠᠷ ᠲᠡᠳᠡᠨᠡᠷ ᠲᠤ ᠬᠠᠷᠢᠭᠤᠯᠲᠠ ᠥᠭᠴᠦ᠂ ᠲᠤᠬᠠᠢ ᠶᠢᠨ ᠲᠠᠯᠠᠪᠠᠢ ᠶᠢᠨ ᠠᠭᠤᠷ ᠠᠮᠢᠰᠬᠤᠯ ᠢ ᠬᠦᠭᠵᠢᠭᠡᠪᠡ᠃      ᠲᠣᠰ ᠤᠳᠠᠭᠠᠨ ᠤ ᠪᠣᠯᠪᠠᠰᠤᠷᠠᠯ ᠨᠢ 3 ᠡᠳᠦᠷ ᠶᠠᠪᠤᠭᠳᠠᠵᠤ᠂ ᠨᠡᠶᠢᠲᠡ 80 ᠬᠦᠮᠤᠨ ᠣᠷᠣᠯᠴᠠᠨ᠂ ᠪᠣᠯᠪᠠᠰᠤᠷᠠᠯ ᠤᠨ ᠬᠢᠴᠢᠶᠡᠯ ᠳᠤ ᠪᠤᠰᠢᠭᠤ ᠭᠠᠷ᠂ ᠴᠤᠤᠷᠢᠶ᠎ᠠ ᠲᠠᠪᠴᠠᠩ ᠤᠨ  ᠲᠤᠤᠷᠠᠳᠤ ᠳᠠᠪᠬᠤᠷᠭ᠎ᠠ ᠶᠢᠨ ᠯᠣᠭᠢᠭ᠂ ᠲᠠᠪᠴᠠᠩ ᠤᠨ ᠲᠦᠷᠢᠮ ᠂ ᠳᠡᠯᠭᠡᠭᠦᠷ ᠨᠡᠭᠡᠭᠡᠬᠦ᠂ ᠪᠠᠷᠠᠭ᠎ᠠ ᠰᠤᠩᠭᠤᠵᠤ ᠵᠢᠵᠢᠭ ᠰᠢᠷ᠎ᠠ ᠲᠡᠷᠭᠡ ᠭᠠᠷᠭᠠᠬᠤ᠂ Ai ᠳ᠋ᠸᠤ ᠪᠤᠤ ᠪᠤᠯᠤᠨ DeepSeek᠎ ᠶᠢᠨ ᠬᠡᠷᠡᠭᠯᠡᠯᠲᠡ᠂ ᠸᠢᠳᠢᠤ᠋ ᠶᠢᠨ ᠨᠠᠶᠢᠷᠠᠭᠤᠯᠤᠯᠲᠠ᠂ ᠨᠡᠪᠲᠡᠷᠡᠭᠦᠯᠦᠭᠴᠢ ᠶᠢᠨ ᠪᠣᠯᠪᠠᠰᠤᠷᠠᠯ ᠵᠡᠷᠭᠡ ᠲᠠᠯ᠎ᠠ ᠪᠠᠷ ᠬᠥᠳᠡᠭᠡ ᠲᠣᠰᠬᠤᠨ ᠤ ᠦᠢᠯᠡᠰ ᠪᠤᠰᠬᠠᠭᠴᠢᠳ ᠲᠤ ᠰᠢᠨ᠎ᠡ ᠠᠵᠠ ᠲᠣᠬᠢᠶᠠᠯ ᠬᠠᠩᠭᠠᠬᠤ ᠶᠢᠨ ᠬᠠᠮᠲᠤ ᠪᠠᠰᠠ ᠲᠠᠷᠢᠶᠠᠯᠠᠩ ᠤᠨ ᠪᠦᠲᠦᠭᠡᠭᠳᠡᠬᠦᠨ ᠤ ᠬᠦᠭᠵᠢᠯᠳᠡ ᠳᠤ ᠰᠢᠨ᠎ᠡ ᠵᠠᠮ ᠨᠡᠭᠡᠭᠡᠨ ᠦᠭᠴᠤ᠂ ᠲᠣᠭᠠᠴᠢᠯᠠᠭᠰᠠᠨ ᠠᠵᠤ ᠠᠬᠤᠶ ᠪᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠨᠠᠩ ᠬᠦᠴᠦᠷᠬᠡᠭ ᠬᠥᠳᠡᠯᠭᠡᠬᠦ ᠬᠦᠴᠦᠨ ᠨᠡᠮᠡᠷᠢᠯᠡᠪᠡ᠃
 
ᠢᠷᠡᠯᠲᠡ᠄ ᠵᠠᠯᠠᠶᠢᠳ ᠤᠨ ᠸᠢᠴᠠᠲ ᠮᠡᠳᠡᠭᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号