| | ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠭᠦᠳᠡ | ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠵᠠᠯᠠᠭᠤ ᠺᠠᠳ᠋ᠷᠴᠤᠳ ᠤᠨ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠ ᠨᠠᠮ ᠤᠨ | ᠪᠠᠶᠢᠭᠤᠯᠤᠯᠲᠠ ᠪᠠᠷ ᠦᠨᠳᠦᠰᠦᠨ ᠱᠠᠲᠤᠨ ᠤ ᠵᠠᠰᠠᠯᠲᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ | ᠳᠠᠭᠠᠭᠤᠯᠬᠤ ᠲᠤᠬᠠᠢ ᠣᠶᠢᠯᠠᠭᠠᠯᠲᠠ ᠶᠢ ᠭᠦᠨᠵᠡᠭᠡᠶᠢᠷᠡᠭᠦᠯᠬᠦ ᠶᠢᠨ ᠲᠥᠯᠥᠭᠡ᠂ 6 ᠰᠠᠷ᠎ᠠ ᠶᠢᠨ 5 ᠤ ᠡᠳᠦᠷ᠂ | ᠳᠤᠮᠳᠠᠳᠤ ᠤᠯᠤᠰ ᠤᠨ ᠡᠪ ᠬᠠᠮᠲᠤ ᠨᠠᠮ ᠤᠨ ᠵᠠᠯᠠᠶᠢᠳ ᠬᠤᠰᠢᠭᠤᠨ ᠤ ᠨᠠᠮ ᠤᠨ ᠬᠤᠷᠢᠶᠠᠨ ᠤ ᠨᠠᠮ ᠤᠨ | ᠰᠤᠷᠭᠠᠭᠤᠯᠢ 2025 ᠣᠨ ᠤ ᠵᠠᠯᠠᠭᠤ ᠺᠠᠳ᠋ᠷᠴᠤᠳ ᠤᠨ ᠪᠣᠯᠪᠠᠰᠤᠷᠠᠯ ᠤᠨ ᠠᠩᠭᠢ ᠡᠷᠬᠢᠯᠡᠵᠤ᠂ ᠲᠡᠳᠡᠨᠡᠷ ᠢ ᠰᠠᠶᠢᠳᠤᠷ | ᠬᠦᠮᠤᠵᠢᠬᠦᠯᠵᠤ ᠪᠠᠶᠢᠨ᠎ᠠ᠃ ᠰᠤᠷᠤᠯᠴᠠᠭᠰᠠᠳ ᠤᠷᠢᠳ ᠬᠤᠵᠢᠳ ᠬᠢᠷᠢᠨ ᠮᠤᠵᠢ ᠶᠢᠨ ᠵᠧᠨ ᠯᠠᠢ ᠰᠢᠶᠠᠨ ᠤ ᠮᠢᠨ | ᠺᠠᠩ ᠨᠡᠶᠢᠭᠡᠮ ᠲᠣᠭᠤᠷᠢᠭ ᠤᠨ ᠬᠤᠪᠢᠰᠬᠠᠯᠳᠤ ᠬᠥᠮᠦᠵᠢᠯ ᠤᠨ ᠦᠵᠡᠭᠦᠯᠭᠡ ᠶᠢᠨ ᠲᠢᠩᠬᠢᠮ᠂ ᠨᠠᠨ ᠭᠠᠩ ᠽᠢ | ᠲᠣᠰᠬᠤᠨ᠂ ᠨᠠᠨ ᠬᠤ᠋ ᠠᠮᠢ ᠠᠬᠤᠢ ᠶᠢᠨ ᠬᠦᠷᠢᠶᠡᠯᠡᠩ᠂ ᠾᠧ ᠾᠧ ᠮᠠᠯ ᠠᠵᠤ ᠠᠬᠤᠢ᠂ ᠹᠸᠢ ᠾᠧ ᠮᠠᠯᠵᠢᠯ ᠤᠨ | ᠲᠠᠯᠠᠪᠠᠢ ᠵᠡᠷᠭᠡ ᠭᠠᠵᠠᠷ ᠢᠶᠠᠷ ᠬᠦᠷᠴᠦ᠂ ᠲᠤᠬᠠᠢ ᠶᠢᠨ ᠭᠠᠵᠠᠷ ᠲᠤᠨᠢ ᠲᠣᠭᠤᠷᠢᠨ ᠦᠵᠡᠬᠦ ᠶᠠᠪᠤᠴᠠ ᠳᠤ ᠡᠷᠡᠮᠡᠭᠡᠶᠢᠯᠡᠨ | ᠤᠷᠤᠭᠰᠢᠯᠠᠬᠤ ᠬᠦᠴᠦᠨ ᠢ ᠰᠢᠩᠭᠡᠭᠡᠨ ᠠᠪᠴᠠᠢ᠃ | ᠠᠵᠢᠯᠯᠠᠭ᠎ᠠ ᠶᠢᠨ ᠨᠢᠭᠡᠳᠦᠭᠡᠷ ᠦᠷᠲᠡᠭᠡ ᠳᠤ᠂ ᠰᠤᠷᠤᠯᠴᠠᠭᠰᠠᠳ ᠵᠧᠨ ᠯᠠᠢ ᠰᠢᠶᠠᠨ ᠤ ᠮᠢᠨ ᠺᠠᠩ ᠨᠡᠶᠢᠭᠡᠮ | ᠲᠣᠭᠤᠷᠢᠭ ᠤᠨ ᠨᠠᠮ ᠤᠨ ᠲᠡᠦᠬᠡ ᠶᠢᠨ ᠣᠷᠳᠣᠨ ᠳᠤ ᠬᠦᠷᠪᠡ᠃ ᠤᠯᠠᠨ ᠢᠶᠠᠷ ᠢᠶᠠᠨ ᠨᠠᠮ ᠤᠨ ᠲᠡᠦᠬᠡ ᠶᠢᠨ ᠤᠷᠳᠤᠨ | ᠤ ᠬᠤᠪᠢᠰᠬᠠᠯᠳᠤ ᠬᠥᠮᠦᠵᠢᠯ ᠤᠨ ᠦᠵᠡᠭᠦᠯᠭᠡ ᠶᠢᠨ ᠲᠢᠩᠬᠢᠮ ᠳᠤ ᠠᠯᠬᠤᠨ ᠣᠷᠣᠬᠤ ᠳᠤ ᠶᠠᠭ ᠯᠠ ᠴᠠᠭ | ᠬᠤᠭᠤᠴᠠᠭ᠎ᠠ ᠪᠠ ᠤᠷᠤᠨ ᠵᠠᠢ ᠶᠢ ᠲᠤᠭᠤᠯᠵᠤ᠂ ᠰᠦᠷ ᠳᠠᠯᠠᠢᠴᠠᠲᠠᠢ ᠲᠡᠦᠬᠡ ᠶᠢᠨ ᠬᠠᠭᠤᠳᠠᠰᠤᠨ ᠳᠤ ᠪᠠᠶᠢᠬᠤ ᠰᠢᠭ᠋ | ᠰᠠᠨᠠᠭᠳᠠᠭᠤᠯᠤᠨ᠎ᠠ᠃ ᠡᠷᠬᠢᠮ ᠨᠠᠨᠳᠢᠨ ᠲᠡᠦᠬᠡ ᠶᠢᠨ ᠮᠠᠲ᠋ᠧᠷᠢᠶᠠᠯ ᠨᠢ ᠳᠤᠮᠳᠠᠳᠤ ᠤᠯᠤᠰ ᠤᠨ ᠡᠪ ᠬᠠᠮᠲᠤ ᠨᠠᠮ | ᠪᠠᠶᠢᠭᠤᠯᠤᠭᠳᠠᠭᠰᠠᠨ ᠠᠴᠠ ᠨᠠᠭᠠᠰᠢᠬᠢ ᠰᠢᠷᠭᠠᠭᠤ ᠬᠠᠲᠠᠭᠤᠵᠢᠯᠲᠠᠢ ᠬᠠᠶᠢᠨ ᠰᠥᠪᠡᠭᠴᠢᠯᠡᠯᠲᠡ ᠪᠠ ᠠᠭᠤᠤ ᠶᠡᠭᠡ | ᠠᠮᠵᠢᠯᠲᠠ ᠪᠦᠲᠦᠮᠵᠢ ᠶᠢ ᠨᠠᠷᠢᠨ ᠲᠣᠳᠣᠷᠬᠠᠢ ᠲᠡᠮᠳᠡᠭᠯᠡᠵᠦ᠂ ᠰᠢᠷᠠᠯᠠᠭᠰᠠᠨ ᠰᠤᠷᠪᠤᠯᠵᠢ ᠪᠢᠴᠢᠭ᠂ ᠥᠩᠭᠡ ᠨᠢ | ᠤᠨᠠᠭᠰᠠᠨ ᠵᠠᠬᠢᠳᠠᠯ᠂ ᠵᠢᠪᠡᠷᠡᠭᠰᠡᠨ ᠲᠤᠯᠪᠤ ᠲᠠᠢ ᠵᠡᠪᠰᠡᠭ᠂ ᠪᠣᠳᠠᠲᠤ ᠪᠣᠳᠠᠰ ᠤᠨ ᠳᠡᠯᠭᠡᠨ ᠦᠵᠡᠭᠦᠯᠭᠡ ᠶᠢᠨ ᠵᠤᠶᠢᠯ | ᠪᠤᠯᠭᠠᠨ ᠳᠤ ᠴᠥᠮ ᠬᠤᠪᠢᠰᠬᠠᠯ ᠤᠨ ᠠᠬᠠᠮᠠᠳ ᠦᠶ᠎ᠡ ᠶᠢᠨ ᠬᠢᠨ ᠤ ᠬᠦᠰᠡᠯᠡᠩ ᠢᠲᠡᠭᠡᠯ ᠪᠢᠰᠢᠷᠡᠯ ᠤᠨ ᠢᠶᠠᠨ | ᠲᠥᠯᠥᠭᠡ ᠠᠮᠢ ᠪᠡᠶ᠎ᠡ ᠪᠠᠨ ᠵᠤᠷᠢᠭᠤᠯᠵᠤ᠂ ᠬᠠᠯᠠᠭᠤᠨ ᠴᠢᠰᠤ ᠪᠠᠨ ᠤᠷᠤᠰᠬᠠᠭᠰᠠᠨ ᠪᠠᠭᠠᠲᠤᠷᠯᠢᠭ ᠦᠢᠯᠡ | ᠠᠵᠢᠯᠯᠠᠭ᠎ᠠ ᠶᠢ ᠲᠣᠭᠠᠴᠢᠵᠠᠢ᠃ ᠪᠦᠬᠦᠳᠡᠭᠡᠷ ᠨᠠᠮ ᠤᠨ ᠲᠡᠦᠬᠡ ᠶᠢ ᠭᠦᠨᠵᠡᠭᠡᠢ ᠰᠤᠷᠤᠯᠴᠠᠬᠤ ᠳᠤᠮᠳᠠ᠂ ᠤᠶᠤᠨ | ᠤᠬᠠᠭᠠᠨ ᠪᠠ ᠬᠦᠴᠦᠨ ᠴᠢᠳᠠᠯ ᠢ ᠲᠠᠰᠤᠷᠠᠯᠳᠠ ᠦᠭᠡᠢ ᠰᠢᠩᠭᠡᠭᠡᠨ ᠠᠪᠴᠤ᠂ ᠬᠦᠰᠡᠯᠡᠩ ᠢᠲᠡᠭᠡᠯ ᠪᠢᠰᠢᠷᠡᠯ ᠢᠶᠠᠨ | ᠤᠯᠠᠮ ᠨᠢᠭᠡ ᠠᠯᠬᠤᠮ ᠪᠠᠲᠤᠳᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ ᠤᠯᠤᠰ ᠲᠦᠷᠦ ᠶᠢᠨ | ᠤᠬᠠᠮᠰᠠᠷ ᠢᠶᠠᠨ ᠴᠢᠩᠭᠠᠳᠬᠠᠪᠠ᠃ | ᠳᠠᠷᠠᠭ᠎ᠠ ᠨᠢ᠂ ᠲᠠᠶᠢᠯᠪᠤᠷᠢᠯᠠᠭᠴᠢ ᠶᠢᠨ ᠲᠠᠭᠠᠭᠤᠯᠭ᠎ᠠ ᠳᠣᠣᠷ᠎ᠠ᠂ ᠵᠠᠯᠠᠭᠤ ᠺᠠᠳ᠋ᠷᠴᠤᠳ ᠨᠠᠨ ᠭᠠᠩ ᠽᠢ | ᠲᠣᠰᠬᠤᠨ ᠤ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠢᠶᠠᠷ ᠬᠦᠷᠴᠦ᠂ ᠤᠳᠤ | ᠦᠶ᠎ᠡ ᠶᠢᠨ ᠲᠠᠷᠢᠶᠠᠯᠠᠩ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠷᠢᠳᠢ ᠰᠢᠳᠢ ᠪᠣᠯᠤᠨ ᠰᠢᠨ᠎ᠡ ᠶᠢ ᠡᠭᠦᠳᠬᠦ | ᠠᠮᠢᠵᠢᠷᠠᠯ ᠤᠨ ᠬᠦᠴᠦᠨ ᠢ ᠪᠠᠶᠠᠴᠢᠯᠡᠨ ᠤᠶᠢᠯᠠᠭᠠᠵᠠᠢ᠃ ᠵᠠᠯᠠᠭᠤ ᠺᠠᠳ᠋ᠷᠴᠤᠳ ᠰᠣᠨᠣᠰᠬᠤ ᠶᠢᠨ ᠳᠠᠭᠠᠤ ᠦᠵᠡᠵᠦ᠂ | ᠲᠠᠶᠢᠯᠪᠤᠷᠢᠯᠠᠭᠴᠢ ᠲᠠᠢ ᠪᠠᠶᠢᠨ ᠪᠠᠶᠢᠨ ᠰᠠᠨᠠᠯ ᠢᠶᠠᠨ ᠰᠣᠯᠢᠯᠴᠠᠵᠤ᠂ ᠮᠡᠷᠭᠡᠵᠢᠯ ᠤᠨ ᠬᠡᠷᠡᠭᠯᠡᠯᠲᠡ᠂ ᠵᠠᠬ᠎ᠠ ᠳᠡᠯᠭᠡᠭᠦᠷ ᠤᠨ | ᠥᠷᠭᠡᠳᠬᠡᠯ ᠵᠢᠴᠢ ᠲᠠᠷᠢᠶᠠᠴᠢᠨ ᠡᠷᠦᠬᠡ ᠶᠢ ᠲᠠᠶᠢᠴᠢᠯᠠᠨ ᠣᠷᠣᠯᠭ᠎ᠠ ᠶᠢ ᠨᠢ ᠨᠡᠮᠡᠭᠳᠡᠭᠦᠯᠦᠭᠰᠡᠨ ᠵᠡᠷᠭᠡ ᠪᠠᠶᠢᠳᠠᠯ ᠢ | ᠨᠠᠷᠢᠨ ᠣᠶᠢᠯᠠᠭᠠᠪᠠ᠃ ᠡᠨᠡ ᠨᠢ ᠵᠠᠯᠠᠭᠤ ᠺᠠᠳ᠋ᠷᠴᠤᠳ ᠤᠨ ᠬᠠᠷᠠᠭ᠎ᠠ ᠶᠢ ᠥᠷᠭᠡᠳᠬᠡᠵᠦ᠂ ᠮᠡᠳᠡᠯᠭᠡ ᠶᠢ ᠨᠢ | ᠨᠡᠮᠡᠭᠳᠡᠭᠦᠯᠦᠭᠰᠡᠨ ᠢᠶᠠᠷ ᠪᠠᠷᠠᠬᠤ ᠦᠭᠡᠢ᠂ ᠨᠡᠩ ᠴᠤ ᠦᠨᠳᠦᠰᠦᠨ ᠱᠠᠲᠤᠨ ᠳᠤ ᠭᠦᠨᠵᠡᠬᠡᠶᠢᠷᠡᠨ᠂ ᠬᠥᠳᠡᠭᠡ | ᠲᠣᠰᠬᠤᠨ ᠳᠤ ᠦᠢᠯᠡᠴᠢᠯᠡᠬᠦ ᠡᠷᠡᠰ ᠵᠣᠷᠢᠭ ᠢ ᠨᠢ ᠬᠦᠪᠴᠢᠯᠡᠭᠰᠡᠨ ᠪᠠᠶᠢᠨ᠎ᠠ᠃ | ᠵᠧᠨ ᠯᠠᠢ ᠰᠢᠶᠠᠨ ᠤ ᠾᠧ ᠾᠧ ᠮᠠᠯ ᠠᠵᠤ ᠠᠬᠤᠢ ᠶᠢᠨ ᠬᠥᠭᠵᠢᠯᠲᠡ ᠶᠢᠨ ᠬᠢᠵᠠᠭᠠᠷᠲᠤ ᠺᠣᠮᠫᠠᠨᠢ ᠳᠤ᠂ | ᠰᠤᠷᠤᠯᠴᠠᠭᠰᠠᠳ ᠲᠤᠬᠠᠢ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠬᠤ᠂ ᠲᠠᠨᠢᠯᠴᠠᠭᠤᠯᠭ᠎ᠠ ᠶᠢ ᠰᠣᠨᠣᠰᠬᠤ᠂ | ᠰᠠᠨᠠᠯ ᠢᠶᠠᠨ ᠰᠣᠯᠢᠯᠴᠠᠨ ᠶᠠᠷᠢᠯᠴᠠᠬᠤ ᠵᠡᠷᠭᠡ ᠠᠷᠭ᠎ᠠ ᠪᠠᠷ ᠪᠠᠶᠢᠴᠧᠩ ᠬᠤᠳᠠ ᠶᠢᠨ ᠮᠢᠬᠠᠨ ᠦᠬᠡᠷ ᠪᠣᠷᠳᠣᠵᠤ | ᠲᠡᠵᠢᠭᠡᠨ ᠦᠷᠡᠵᠢᠭᠦᠯᠬᠦ᠂ ᠨᠢᠲᠤᠯᠵᠤ ᠡᠳ᠋ᠰᠢᠭᠦᠯᠬᠦ᠂ ᠲᠡᠵᠢᠭᠡᠯ ᠪᠣᠷᠳᠤᠭ᠎ᠠ ᠡᠳ᠋ᠰᠢᠭᠦᠯᠬᠦ᠂ ᠬᠦᠢᠳᠡᠨ ᠬᠡᠯᠬᠢᠶᠡᠲᠦ | ᠪᠠᠷᠠᠭᠠᠨ ᠤ ᠭᠦᠢᠯᠭᠡᠭᠡ᠂ ᠵᠠᠬ᠎ᠠ ᠳᠡᠯᠭᠡᠭᠦᠷ ᠤᠨ ᠡᠵᠡᠩᠨᠡᠯᠲᠡ ᠪᠣᠷᠣᠯᠠᠭᠤᠯᠭ᠎ᠠ ᠵᠡᠷᠭᠡ ᠮᠢᠬᠠᠨ ᠦᠬᠡᠷ ᠤᠨ ᠪᠦᠬᠦ ᠠᠵᠤ | ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢᠨ ᠪᠠᠶᠢᠳᠠᠯ ᠢ ᠨᠠᠷᠢᠨ ᠣᠶᠢᠯᠠᠭᠠᠪᠠ᠃ ᠳᠠᠷᠠᠭ᠎ᠠ ᠨᠢ ᠰᠤᠷᠤᠯᠴᠠᠭᠰᠠᠳ ᠹᠸᠢ | ᠾᠧ ᠲᠣᠭᠤᠷᠢᠨ ᠦᠵᠡᠬᠦ ᠮᠠᠯᠵᠢᠯ ᠤᠨ ᠲᠠᠯᠠᠪᠠᠢ ᠪᠠᠷ ᠭᠦᠨᠵᠡᠭᠡᠶᠢᠷᠡᠵᠦ᠂ ᠹᠸᠢ ᠾᠧ ᠰᠦ ᠶᠢᠨ ᠦᠢᠯᠡᠰ ᠤᠨ | ᠬᠥᠭᠵᠢᠯᠲᠡ ᠶᠢᠨ ᠶᠠᠪᠤᠴᠠ ᠶᠢᠨ ᠦᠵᠡᠰᠬᠦᠯᠡᠩ᠂ ᠢᠳᠡᠭᠡᠨ ᠤ ᠵᠤᠶᠢᠯᠡᠰ ᠤᠨ ᠦᠵᠡᠭᠦᠯᠭᠡ ᠶᠢᠨ ᠲᠣᠭᠤᠷᠢᠭ ᠪᠣᠯᠤᠨ | ᠦᠢᠯᠡᠳᠪᠦᠷᠢᠯᠡᠯ ᠤᠨ ᠲᠠᠰᠤᠭ ᠢ ᠲᠣᠭᠤᠷᠢᠨ ᠦᠵᠡᠵᠦ᠂ ᠠᠵᠤ ᠠᠬᠤᠶᠢᠯᠠᠯ ᠤᠨ ᠲᠡᠷᠢᠭᠦᠨ ᠤ ᠣᠶᠢᠯᠠᠭᠠᠭᠳᠠᠬᠤᠨ᠂ | ᠬᠠᠮᠢᠶᠠᠷᠤᠯᠲᠠ ᠶᠢᠨ ᠵᠠᠭᠪᠤᠷ ᠪᠣᠯᠤᠨ ᠠᠵᠤ ᠦᠢᠯᠡᠰ ᠤᠨ ᠪᠠᠶᠢᠷᠢᠰᠢᠭᠤᠯᠤᠯᠲᠠ ᠵᠡᠷᠭᠡ ᠶᠢ ᠣᠶᠢᠯᠠᠭᠠᠵᠤ᠂ ᠹᠸᠢ ᠾᠧ | ᠨᠠᠷᠠᠲᠤ ᠲᠡᠮᠳᠡᠭᠲᠦ ᠶᠢᠨ ᠲᠤᠬᠠᠶ ᠢᠲᠡᠭᠡᠯ ᠢ ᠨᠡᠮᠡᠭᠳᠡᠭᠦᠯᠵᠦ᠂ ᠠᠵᠤ ᠦᠢᠯᠡᠰ ᠤᠨ ᠬᠥᠭᠵᠢᠯᠲᠡ ᠳᠤ ᠬᠦᠴᠦᠨ | ᠨᠡᠮᠡᠷᠢᠯᠡᠬᠦ᠂ ᠨᠤᠲᠤᠭ ᠤᠰᠤ ᠪᠠᠨ ᠪᠥᠲᠥᠭᠡᠨ ᠪᠠᠶᠢᠭᠤᠯᠬᠤ ᠬᠠᠯᠠᠭᠤᠨ ᠰᠡᠳᠬᠢᠯᠭᠡ ᠪᠣᠯᠤᠨ ᠡᠷᠴᠢ ᠵᠣᠷᠢᠭ ᠢ ᠨᠢ | ᠤᠯᠠᠮ ᠨᠢᠭᠡ ᠠᠯᠬᠤᠮ ᠬᠥᠭᠵᠢᠭᠡᠪᠡ᠃ | ᠲᠣᠰ ᠤᠳᠠᠭᠠᠨ ᠤ ᠲᠤᠬᠠᠶ ᠶᠢᠨ ᠲᠠᠯᠠᠪᠤᠷ ᠤᠨ ᠵᠢᠭᠠᠨ ᠰᠤᠷᠭᠠᠯᠲᠠ ᠨᠢ ︽ᠨᠠᠮ ᠤᠨ ᠪᠠᠶᠢᠭᠤᠯᠤᠯᠲᠠ ᠪᠠᠷ | ᠦᠨᠳᠦᠰᠦᠨ ᠱᠠᠲᠤᠨ ᠤ ᠵᠠᠰᠠᠯᠲᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠠᠵᠤ ᠦᠢᠯᠡᠰ ᠤᠨ | ᠬᠥᠭᠵᠢᠯᠲᠡ ᠶᠢ ᠳᠠᠭᠠᠭᠤᠯᠬᠤ︾ ᠲᠤᠰᠬᠠᠶ ᠰᠡᠳᠦᠪ ᠲᠤ ᠠᠩᠬᠠᠷᠤᠯ ᠢᠶᠠᠨ ᠲᠥᠪᠯᠡᠷᠡᠭᠦᠯᠵᠦ᠂ ︽ᠣᠨᠣᠯ + ᠲᠤᠬᠠᠢ | ᠶᠢᠨ ᠭᠠᠵᠠᠷ + ᠬᠡᠷᠡᠭ ᠤᠨ ᠵᠢᠱᠢᠶ᠎ᠡ︾ ᠶᠢᠨ ᠵᠠᠭᠪᠤᠷ ᠢᠶᠠᠷ ᠵᠠᠯᠠᠭᠤ ᠺᠠᠳ᠋ᠷᠴᠤᠳ ᠲᠤ ᠨᠠᠮ ᠤᠨ ᠪᠠᠶᠢᠭᠤᠯᠤᠯᠲᠠ ᠶᠢᠨ | ᠲᠤᠤᠷᠠᠬᠢ ᠦᠨᠳᠦᠰᠦᠨ ᠱᠠᠲᠤᠨ ᠤ ᠵᠠᠰᠠᠯᠲᠠ ᠶᠢᠨ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ᠂ ᠠᠵᠤ | ᠦᠢᠯᠡᠰ ᠤᠨ ᠠᠭᠤᠰᠤᠯᠴᠠᠯ ᠤᠨ ᠬᠥᠭᠵᠢᠯᠲᠡ ᠶᠢᠨ ᠳᠠᠯᠳᠠ ᠬᠦᠴᠦᠨ᠂ ᠦᠨᠳᠦᠰᠦᠲᠡᠨ ᠤ ᠪᠦᠯᠬᠦᠮᠳᠡᠯ ᠤᠨ | ᠬᠦᠴᠦᠷᠬᠡᠭ ᠶᠡᠭᠡ ᠬᠠᠮᠳᠤᠷᠠᠯ ᠤᠨ ᠬᠦᠴᠦᠨ ᠢ ᠰᠢᠭᠤᠳ ᠮᠡᠳᠡᠷᠡᠭᠦᠯᠪᠡ᠃ ᠰᠤᠷᠤᠯᠴᠠᠭᠰᠠᠳ᠂ ᠲᠤᠰ ᠤᠳᠠᠭᠠᠨ ᠤ | ᠦᠵᠡᠭᠦᠯᠭᠡ ᠠᠴᠠ ᠶᠡᠭᠡ ᠠᠰᠢᠭ ᠬᠦᠷᠲᠡᠵᠦ᠂ ᠲᠤᠰ ᠤᠳᠠᠭᠠᠨ ᠤ ᠰᠤᠷᠤᠯᠴᠠᠯᠭ᠎ᠠ ᠪᠠᠷ ᠠᠵᠠ ᠲᠣᠬᠢᠶᠠᠯ ᠪᠣᠯᠭᠠᠵᠤ᠂ | ︽ᠰᠢᠯᠭᠠᠯᠳᠠ ᠶᠢᠨ ᠬᠠᠭᠤᠳᠠᠰᠤ︾ ᠶᠢ ᠦᠨᠳᠦᠰᠦᠨ ᠱᠠᠲᠤᠨ ᠤ ᠨᠢᠭᠡᠳᠦᠭᠡᠷ ᠹᠷᠣᠨᠲ ᠲᠤ ᠪᠢᠴᠢᠭᠯᠡᠵᠦ᠂ ︽ | ᠪᠤᠭᠤᠮᠳᠠ ᠰᠢᠪᠳᠤᠯᠬᠤ︾ ᠵᠣᠷᠢᠭ ᠰᠠᠨᠠᠭ᠎ᠠ᠂ ︽ᠰᠢᠨ᠎ᠠ ᠶᠢ ᠡᠭᠦᠳᠬᠦ︾ ᠡᠷᠴᠢ ᠵᠣᠷᠢᠭ᠂ ︽ᠪᠣᠳᠠᠲᠠᠢ ᠪᠠᠷ | ᠠᠵᠢᠯᠯᠠᠬᠤ ᠤᠪᠤᠷ︾ ᠰᠤᠷᠲᠠᠯ ᠢᠶᠠᠷ ᠵᠠᠯᠠᠶᠢᠳ ᠬᠤᠰᠢᠭᠤᠨ ᠤ ᠴᠢᠨᠠᠷ ᠰᠠᠶᠢᠲᠠᠢ ᠬᠥᠭᠵᠢᠯᠲᠡ ᠳᠤ ᠵᠠᠯᠠᠭᠤ ᠨᠠᠰᠤᠨ ᠤ | ᠬᠦᠴᠦᠨ ᠴᠢᠳᠠᠯ ᠢᠶᠠᠨ ᠡᠷᠭᠦᠨ᠎ᠡ ᠭᠡᠵᠦ ᠢᠯᠡᠳᠬᠡᠵᠡᠭᠡᠪᠡ᠃ |