| | ᠤᠶᠢᠷ᠎ᠠ ᠳᠤ᠂ ᠪᠦᠬᠦ ᠠᠶᠢᠮᠠᠭ ᠤᠨ ᠮᠠᠯᠴᠢᠨ ᠲᠠᠷᠢᠶᠠᠴᠢᠨ ᠤ ᠪᠡᠶ᠎ᠡ ᠶᠢᠨ ᠲᠠᠮᠢᠷ ᠤᠨ ᠴᠤᠭᠯᠠᠭᠠᠨ ᠮᠠᠨ ᠤ | ᠵᠠᠯᠠᠶᠢᠳ ᠬᠤᠰᠢᠭᠤᠨ ᠳᠤ ᠶᠠᠪᠤᠭᠳᠠᠪᠠ᠃ ᠡᠨᠡ ᠨᠢ ᠬᠢᠩᠭᠠᠨ ᠠᠶᠢᠮᠠᠭ ᠤᠨ ᠮᠠᠯᠴᠢᠨ ᠲᠠᠷᠢᠶᠠᠴᠢᠨ ᠤ ᠪᠡᠶ᠎ᠡ ᠶᠢᠨ | ᠲᠠᠮᠢᠷ ᠤᠨ ᠦᠪᠡᠳᠡᠭᠰᠢ ᠴᠤᠭᠯᠠᠭᠠᠨ ᠪᠣᠯᠬᠤ ᠪᠠᠷ ᠪᠠᠷᠠᠬᠤ ᠥᠬᠡᠶ᠂ ᠨᠠᠩ ᠴᠤ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠦᠷ᠎ᠡ ᠪᠦᠲᠦᠭᠡᠯ ᠢ ᠲᠤᠰᠬᠠᠭᠰᠠᠨ ᠴᠠᠭ ᠦᠶᠡᠴᠢ ᠴᠢᠨᠠᠷᠳᠠᠢ ᠠᠵᠢᠯᠯᠠᠭ᠎ᠠ | ᠃ | | | | | ᠮᠠᠯᠴᠢᠨ ᠲᠠᠷᠢᠶᠠᠴᠢᠨ ᠤ ᠪᠡᠶ᠎ᠡ ᠶᠢᠨ ᠲᠠᠮᠢᠷ ᠤᠨ ᠴᠤᠭᠯᠠᠭᠠᠨ ᠪᠣᠯ ᠤᠮᠠᠷᠠᠲᠤ ᠬᠢᠯᠢ ᠶᠢᠨ ᠰᠣᠶᠣᠯ ᠤᠨ ᠰᠢᠨ᠎ᠡ | ᠰᠣᠷᠭᠤᠭ ᠤᠯᠠᠮᠵᠢᠯᠠᠯ ᠪᠣᠯᠤᠨ᠎ᠠ᠃ ᠪᠦᠭᠡ ᠪᠠᠷᠢᠯᠳᠤᠬᠤ᠂ ᠲᠤᠳᠤᠷᠭ᠎ᠠ ᠶᠢᠨ ᠲᠠᠷᠢᠶ᠎ᠠ ᠪᠠᠷ ᠠᠯᠭᠤᠷᠬᠠᠨ ᠵᠢᠭᠤᠯᠴᠢᠯᠠᠬᠤ | ᠵᠡᠷᠭᠡ ︽ᠰᠢᠪᠠᠷ ᠰᠢᠷᠣᠢ ᠶᠢᠨ ᠦᠨᠦᠷ︾ ᠢᠶᠠᠷ ᠪᠢᠯᠬᠠᠭᠰᠠᠨ ᠥᠪᠡᠷᠮᠢᠴᠡ ᠲᠦᠷᠦᠯ ᠵᠦᠢᠯ ᠨᠢ ᠮᠠᠯᠴᠢᠨ | ᠲᠠᠷᠢᠶᠠᠴᠢᠨ ᠤ ᠦᠢᠯᠡᠳᠪᠦᠷᠢᠯᠡᠯ ᠠᠮᠢᠳᠤᠷᠠᠯ ᠤᠨ ᠤᠶᠤᠨ ᠤᠬᠠᠭᠠᠨ ᠤ ᠦᠷ᠎ᠡ ᠪᠦᠲᠦᠭᠡᠯ ᠠᠴᠠ ᠢᠷᠡᠯᠲᠡ ᠲᠠᠢ ᠶᠤᠮ᠃ | ᠤᠷᠤᠯᠳᠤᠭᠠᠨ ᠤ ᠵᠦᠢᠯ ᠨᠢᠭᠡᠪᠦᠷᠢ ᠨᠢ ᠴᠥᠮ ᠲᠠᠷᠢᠶᠠᠯᠠᠬᠤ ᠰᠣᠶᠣᠯ ᠪᠠ ᠲᠠᠯ᠎ᠠ ᠨᠤᠲᠤᠭ ᠤᠨ ᠰᠣᠶᠣᠯ ᠢ | ᠪᠦᠲᠦᠭᠡᠯᠴᠢ ᠪᠠᠷ ᠲᠡᠯᠭᠡᠨ ᠦᠵᠡᠬᠦᠯᠵᠤ ᠰᠢᠨ᠎ᠡ ᠶᠢ ᠡᠭᠦᠳᠬᠦ ᠴᠢᠨᠠᠷᠳᠠᠢ ᠪᠠᠷ ᠬᠦᠭᠵᠢᠬᠦᠯᠦᠭᠰᠡᠨ ᠶᠠᠪᠤᠳᠠᠯ ᠪᠣᠯᠣᠨ᠎ᠠ᠃ | ᠵᠢᠱᠢᠶᠡᠯᠡᠪᠡᠯ᠂ ᠪᠣᠳᠠᠰ ᠤᠨ ᠪᠤᠰᠤ ᠰᠣᠶᠣᠯ ᠤᠨ ᠥᠪ ᠤᠨ ᠤᠷ᠎ᠠ ᠮᠡᠷᠭᠡᠵᠢᠯ ᠤᠨ ᠦᠵᠡᠭᠦᠯᠭᠡ᠂ ᠪᠣᠳᠠᠰ ᠤᠨ ᠪᠤᠰᠤ | ᠰᠣᠶᠣᠯ ᠤᠨ ᠥᠪ ᠤᠨ ᠦᠢᠯᠡᠳᠬᠡᠯ ᠤᠨ ᠭᠠᠵᠠᠷ᠂ ᠭᠤᠷᠪᠠᠳᠤᠭᠠᠷ ᠪᠦᠯᠦᠭ ᠪᠣᠳᠠᠰ ᠤᠨ ᠪᠤᠰᠤ ᠰᠣᠶᠣᠯ ᠤᠨ | ᠥᠪ ᠤᠨ ᠤᠯᠠᠮᠵᠢᠯᠠᠯ ᠤᠨ ᠰᠠᠭᠤᠷᠢᠨ ᠭᠠᠵᠠᠷ ᠲᠤ ᠫᠠᠶᠢᠰᠠ ᠣᠯᠭᠤᠬᠤ ᠵᠡᠷᠭᠡ ᠨᠢ ᠤᠮᠠᠷᠠᠲᠤ ᠬᠢᠯᠢ ᠶᠢᠨ ᠰᠣᠶᠣᠯ ᠢ | ᠰᠢᠨ᠎ᠡ ᠴᠠᠭ ᠦᠶ᠎ᠡ ᠶᠢᠨ ᠤᠯᠠᠮᠵᠢᠯᠠᠯ ᠳᠤᠮᠳᠠ ᠰᠢᠨ᠎ᠡ ᠠᠮᠢᠵᠢᠷᠠᠯ ᠤᠨ ᠬᠦᠴᠦᠨ ᠲᠠᠢ ᠪᠣᠯᠭᠠᠵᠠᠢ᠃ | ᠮᠠᠯᠴᠢᠨ ᠲᠠᠷᠢᠶᠠᠴᠢᠨ ᠤ ᠪᠡᠶ᠎ᠡ ᠶᠢᠨ ᠲᠠᠮᠢᠷ ᠤᠨ ᠴᠤᠭᠯᠠᠭᠠᠨ ᠪᠣᠯ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ | ᠠᠮᠢᠳᠤᠯᠢᠭ ᠦᠢᠯᠡᠳᠦᠯᠭᠡ ᠪᠣᠯᠤᠨ᠎ᠠ᠃ ᠮᠠᠯᠴᠢᠨ ᠲᠠᠷᠢᠶᠠᠴᠢᠨ ᠤ ᠪᠡᠶ᠎ᠡ ᠶᠢᠨ ᠲᠠᠮᠢᠷ ᠤᠨ ᠴᠤᠭᠯᠠᠭᠠᠨ ᠢ | ᠡᠷᠬᠢᠯᠡᠭᠰᠡᠨ ᠨᠢ ᠥᠷᠭᠡᠨ ᠣᠯᠠᠨ ᠮᠠᠯᠴᠢᠨ ᠲᠠᠷᠢᠶᠠᠴᠢᠨ ᠳᠤ ᠥᠪᠡᠷ ᠢ ᠪᠠᠨ ᠭᠠᠶᠢᠬᠠᠭᠤᠯᠬᠤ᠂ ᠪᠡᠶ᠎ᠡ ᠮᠠᠬᠠᠪᠣᠳ ᠢᠶᠠᠨ | ᠴᠢᠭᠢᠷᠠᠭᠵᠢᠭᠤᠯᠬᠤ ᠥᠷᠭᠡᠨ ᠠᠭᠤᠳᠠᠮ ᠲᠠᠪᠴᠠᠩ ᠬᠠᠩᠭᠠᠪᠠ᠃ ᠴᠤᠭ ᠵᠢᠪᠬᠤᠭ᠎ᠠ ᠲᠠᠢ ᠵᠠᠯᠠᠭᠤᠴᠤᠳ ᠠᠴᠠ ᠡᠭᠡᠯ | ᠪᠣᠷᠣᠭᠵᠢᠭᠤᠨ ᠲᠠᠷᠢᠶᠠᠴᠢᠨ ᠪᠦᠰᠡᠬᠦᠶᠢᠴᠤᠤᠯ ᠳᠠᠬᠢᠨ ᠰᠢᠨ᠎ᠠ ᠴᠠᠭ ᠦᠶ᠎ᠡ ᠶᠢᠨ ᠲᠠᠷᠢᠶᠠᠴᠢᠨ ᠬᠦᠷᠳᠡᠯ᠎ᠠ᠂ ᠬᠥᠮᠥᠨ | ᠪᠣᠯᠭᠠᠨ ᠤᠷᠤᠯᠳᠤᠭᠠᠨ ᠤ ᠲᠠᠯᠠᠪᠤᠷ ᠠᠴᠠ ᠥᠪᠡᠷ ᠤᠨ ᠠᠪᠢᠶᠠᠰ ᠴᠢᠳᠠᠪᠤᠷᠢ ᠪᠠᠨ ᠪᠠᠳᠠᠷᠠᠭᠤᠯᠤᠨ᠎ᠠ᠃ ᠮᠠᠯᠴᠢᠨ | ᠲᠠᠷᠢᠶᠠᠴᠢᠨ ᠤ ᠪᠡᠶ᠎ᠡ ᠶᠢᠨ ᠲᠠᠮᠢᠷ ᠤᠨ ᠴᠤᠭᠯᠠᠭᠠᠨ ᠨᠢ ᠲᠠᠷᠢᠶᠠᠴᠢᠳ ᠤᠨ ᠪᠡᠶ᠎ᠡ ᠶᠢᠨ ᠲᠠᠮᠢᠷ ᠤᠨ ᠬᠥᠳᠡᠯᠭᠡᠭᠡᠨ ᠳᠤ | ᠣᠷᠣᠯᠴᠠᠬᠤ ᠤᠷᠮ᠎ᠠ ᠵᠤᠷᠢᠭ ᠢ ᠬᠥᠭᠵᠢᠭᠡᠭᠰᠡᠨ ᠢᠶᠠᠷ ᠪᠠᠷᠠᠬᠤ ᠦᠭᠡᠢ᠂ ᠨᠡᠩ ᠴᠤ ᠪᠦᠬᠦ ᠠᠷᠠᠳ ᠤᠨ ᠪᠡᠶ᠎ᠡ | ᠴᠢᠭᠢᠷᠠᠭᠵᠢᠭᠤᠯᠬᠤ ᠣᠶᠢᠯᠠᠭᠠᠭᠳᠠᠬᠤᠨ ᠢ ᠮᠠᠯᠵᠢᠬᠤ ᠲᠠᠷᠢᠶᠠᠯᠠᠬᠤ ᠣᠷᠣᠨ ᠳᠤ ᠨᠠᠶᠢᠳᠠᠪᠤᠷᠢᠵᠢᠭᠤᠯᠬᠤ ᠶᠢ | ᠠᠬᠢᠭᠤᠯᠤᠭᠰᠠᠨ ᠪᠠᠶᠢᠨ᠎ᠠ᠃ | ᠮᠠᠯᠴᠢᠨ ᠲᠠᠷᠢᠶᠠᠴᠢᠨ ᠤ ᠪᠡᠶ᠎ᠡ ᠶᠢᠨ ᠲᠠᠮᠢᠷ ᠤᠨ ᠴᠤᠭᠯᠠᠭᠠᠨ ᠪᠣᠯ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢᠨ ︽ᠰᠡᠳᠬᠢᠯ ᠢ ᠬᠤᠯᠪᠣᠬᠤ ᠬᠥᠭᠦᠷᠭᠡ︾ ᠪᠣᠯᠤᠨ᠎ᠠ᠃ ᠤᠷᠤᠯᠳᠤᠭᠠᠨ ᠤ ᠲᠠᠯᠠᠪᠤᠷ ᠲᠤ᠂ ᠬᠡᠳᠤᠨ | ᠦᠨᠳᠦᠰᠦᠲᠡᠨ ᠤ ᠮᠠᠯᠴᠢᠨ ᠲᠠᠷᠢᠶᠠᠴᠢᠨ ᠮᠥᠷᠥ ᠵᠡᠷᠭᠡᠴᠡᠨ ᠨᠦᠬᠦᠷᠰᠡᠭ ᠢᠶᠠᠷ ᠥᠷᠢᠰᠦᠯᠳᠦᠵᠦ᠂ ᠬᠠᠷᠢᠯᠴᠠᠨ | ᠰᠤᠷᠤᠯᠴᠠᠵᠤ᠂ ᠪᠥᠬᠡ ᠪᠠᠷᠢᠯᠳᠤᠬᠤ ᠨᠥᠬᠦᠷᠰᠡᠭ ᠶᠠᠪᠤᠯᠴᠠᠭ᠎ᠠ ᠶᠢᠨ ᠳᠤᠮᠳᠠ ᠢᠲᠡᠭᠡᠯ ᠢᠶᠠᠨ ᠭᠦᠨᠵᠡᠭᠡᠶᠢᠷᠡᠭᠦᠯᠵᠦ᠂ | ᠳᠡᠭᠡᠰᠦ ᠲᠠᠲᠠᠬᠤ ᠳᠠᠭᠤᠨ ᠳᠤᠮᠳᠠ ᠬᠠᠷᠢᠴᠠᠭ᠎ᠠ ᠪᠠᠨ ᠤᠯᠠᠮ ᠨᠢᠭᠡ ᠠᠯᠬᠤᠮ ᠨᠢᠭᠳᠠᠷᠠᠭᠤᠯᠪᠠ᠃ ᠪᠡᠶ᠎ᠡ ᠲᠠᠮᠢᠷ ᠤᠨ | ᠴᠤᠭᠯᠠᠭᠠᠨ ᠨᠢ ᠭᠠᠵᠠᠷ ᠣᠷᠣᠨ᠂ ᠦᠨᠳᠦᠰᠦᠲᠡᠨ ᠤ ᠬᠤᠭᠤᠷᠤᠨᠳᠤᠬᠢ ᠵᠠᠢ ᠵᠠᠪᠰᠠᠷ ᠢ ᠠᠷᠢᠯᠭᠠᠵᠤ᠂ | ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠤᠨ ᠠᠮᠢᠳᠤᠯᠢᠭ ᠦᠢᠯᠡᠳᠦᠯᠭᠡ ᠪᠣᠯᠤᠭᠰᠠᠨ | ᠪᠠᠶᠢᠨ᠎ᠠ᠃ ᠮᠠᠯᠴᠢᠨ ᠲᠠᠷᠢᠶᠠᠴᠢᠳ ᠪᠦᠯᠬᠦᠮᠳᠡᠯ ᠢᠶᠠᠷ ︽ᠳᠤᠮᠳᠠᠳᠤ ᠶᠢᠨ ᠦᠨᠳᠦᠰᠦᠲᠡᠨ ᠨᠢᠭᠡ ᠬᠡᠷ ᠤᠨ ᠬᠥᠮᠦᠨ | ᠮᠡᠲᠦ ᠳᠣᠲᠣᠨᠣ︾ ᠭᠡᠬᠦ ᠰᠡᠳᠬᠢᠯ ᠬᠥᠳᠡᠯᠭᠡᠮ᠎ᠡ ᠬᠠᠭᠤᠳᠠᠰᠤ ᠶᠢ ᠬᠠᠮᠳᠤᠪᠡᠷ ᠪᠢᠴᠢᠭᠯᠡᠵᠦ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠵᠠᠢ᠃ | | | | | ᠲᠤᠰ ᠤᠳᠠᠭᠠᠨ ᠤ ᠮᠠᠯᠴᠢᠨ ᠲᠠᠷᠢᠶᠠᠴᠢᠨ ᠤ ᠪᠡᠶ᠎ᠡ ᠶᠢᠨ ᠲᠠᠮᠢᠷ ᠤᠨ ᠴᠤᠭᠯᠠᠭᠠᠨ ᠪᠣᠯ ᠲᠠᠷᠢᠶᠠᠯᠠᠩ ᠰᠣᠶᠣᠯ | ᠵᠢᠭᠤᠯᠴᠢᠯᠠᠯ ᠪᠡᠶ᠎ᠡ ᠶᠢᠨ ᠲᠠᠮᠢᠷ ᠠᠷᠠᠯᠵᠢᠶ᠎ᠠ ᠬᠤᠳᠠᠯᠳᠤᠭ᠎ᠠ ᠶᠢᠨ ᠭᠦᠨᠵᠡᠭᠡᠶ ᠠᠭᠤᠰᠤᠯᠴᠠᠯ ᠪᠣᠯᠤᠨ᠎ᠠ᠃ ᠪᠡᠶ᠎ᠡ ᠶᠢᠨ | ᠲᠠᠮᠢᠷ ᠤᠨ ᠴᠤᠭᠯᠠᠭᠠᠨ ᠨᠢ ᠰᠣᠶᠣᠯ ᠢᠶᠠᠷ ᠰᠦᠭ ᠰᠦᠨᠡᠰᠦ ᠪᠣᠯᠭᠠᠵᠤ᠂ ᠵᠢᠭᠤᠯᠴᠢᠯᠠᠯ ᠢᠶᠠᠷ ᠲᠡᠪᠴᠡᠩ ᠪᠣᠯᠭᠠᠨ᠂ | ᠪᠡᠶ᠎ᠡ ᠶᠢᠨ ᠲᠠᠮᠢᠷ ᠢᠶᠠᠷ ᠵᠠᠭᠤᠴᠢ ᠪᠤᠯᠭᠠᠵᠤ᠂ ᠠᠵᠤ ᠦᠢᠯᠡᠰ ᠢᠶᠠᠷ ᠰᠠᠭᠤᠷᠢ ᠪᠣᠯᠭᠠᠨ᠂ ᠡᠯᠪᠡᠭ ᠪᠠᠶᠠᠯᠢᠭ | ᠪᠠᠶᠢᠭᠠᠯᠢ ᠶᠢᠨ ᠡᠬᠢ ᠪᠠᠶᠠᠯᠢᠭ ᠪᠣᠯᠤᠨ ᠭᠦᠨ ᠵᠤᠵᠠᠭᠠᠨ ᠰᠣᠶᠣᠯ ᠤᠨ ᠠᠭᠤᠯᠬᠤᠨ ᠢ ᠣᠷᠭᠠᠨᠢᠭ ᠢᠶᠠᠷ | ᠤᠶᠠᠯᠳᠤᠭᠤᠯᠤᠭᠠᠳ᠂ ︽ᠠᠶᠠᠯᠭᠤᠳᠤ ᠵᠢᠭᠤᠯᠴᠢᠯᠠᠯ·ᠦᠪᠤᠷ ᠮᠤᠩᠭᠤᠯ︾ ᠰᠣᠶᠣᠯ ᠵᠢᠭᠤᠯᠴᠢᠯᠠᠯ ᠤᠨ ᠨᠠᠷᠠᠲᠤ | ᠲᠡᠮᠳᠡᠭ ᠢ ᠡᠭᠦᠳᠤᠨ᠂ ᠬᠢᠩᠭᠠᠨ ᠠᠶᠢᠮᠠᠭ ᠤᠨ ᠪᠣᠬᠢᠷᠲᠤᠯ ᠥᠬᠡᠶ ᠴᠢᠨᠠᠷ ᠰᠠᠶᠢᠲᠠᠶ ᠲᠠᠷᠢᠶᠠᠯᠠᠩ ᠤᠨ ᠪᠦᠳᠦᠭᠡᠭᠳᠡᠬᠦᠨ | ᠮᠠᠯ ᠤᠨ ᠠᠰᠢᠭ ᠰᠢᠮ᠎ᠡ ᠶᠢ ᠤᠯᠠᠨ᠎ᠠ ᠲᠠᠨᠢᠯᠴᠠᠭᠤᠯᠵᠤ᠂ ᠤᠷᠤᠯᠳᠤᠭᠠᠨ ᠢ ᠳᠠᠭᠠᠵᠤ ᠵᠢᠭᠤᠯᠴᠢᠯᠠᠬᠤ ᠶᠢᠨ ᠬᠠᠮᠲᠤ | ᠠᠵᠤ ᠠᠬᠤᠶ ᠬᠢᠭᠡᠳ ᠰᠣᠶᠣᠯ ᠪᠡᠶ᠎ᠡ ᠶᠢᠨ ᠲᠠᠮᠢᠷ ᠤᠨ ᠠᠭᠤᠰᠤᠯᠴᠠᠯ ᠢ ᠤᠯᠠᠮ ᠴᠢᠨᠠᠭᠰᠢᠳᠠ ᠠᠬᠢᠭᠤᠯᠵᠠᠢ᠃ |