ᠵᠠᠯᠠᠶᠢᠳ ᠬᠤᠰᠢᠭᠤ ᠡᠯᠧᠺᠲᠷᠤᠨ ᠬᠤᠳᠠᠯᠳᠤᠭᠠᠨ ᠤ ᠴᠢᠳᠠᠪᠤᠷᠢᠲᠠᠨ ᠢ ᠬᠦᠮᠤᠵᠢᠬᠦᠯᠬᠦ ᠪᠣᠯᠪᠠᠰᠤᠷᠠᠯ ᠡᠷᠭᠢᠯᠡᠪᠡ
ᠨᠡᠶᠢᠲᠡᠯᠡᠭᠰᠡᠨ ᠴᠠᠭ᠄
2025/6/19
      ᠣᠶᠢᠷ᠎ᠠ ᠳᠤ᠂ ᠵᠠᠯᠠᠶᠢᠳ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠪᠠᠶᠠᠨᠭᠤᠤᠯ ᠪᠠᠯᠭᠠᠰᠤ ᠲᠠᠢ ᠬᠠᠮᠳᠤᠷᠠᠨ ᠥᠷᠨᠢᠭᠦᠯᠦᠭᠰᠡᠨ ᠡᠯᠧᠺᠲᠷᠤᠨ ᠬᠤᠳᠠᠯᠳᠤᠭᠠᠨ ᠤ ᠪᠣᠯᠪᠠᠰᠤᠷᠠᠯ ᠤᠨ ᠠᠩᠭᠢ ᠠᠮᠵᠢᠯᠳᠠ ᠲᠠᠢ ᠪᠠᠷ ᠬᠢᠴᠢᠶᠡᠯ ᠲᠡᠬᠦᠰᠪᠡ᠃ ︽ᠣᠨᠣᠯ ᠤᠨ ᠬᠢᠴᠢᠶᠠᠯ + ᠪᠣᠳᠠᠲᠤ ᠪᠠᠶᠢᠯᠳᠤᠭᠠᠨ ᠤ ᠰᠣᠷᠢᠯᠲᠠ︾ ᠭᠡᠬᠦ ᠪᠣᠯᠪᠠᠰᠤᠷᠠᠯ ᠤᠨ ᠵᠠᠭᠪᠤᠷ ᠢᠶᠠᠷ ᠨᠢᠭᠡ ᠪᠦᠯᠦᠭ ᠨᠤᠲᠤᠭ ᠤᠨ ᠡᠯᠧᠺᠲᠷᠤᠨ ᠬᠤᠳᠠᠯᠳᠤᠭᠠᠨ ᠤ ᠴᠢᠳᠠᠪᠤᠷᠢᠲᠠᠨ ᠢ ᠬᠦᠮᠤᠵᠢᠬᠦᠯᠵᠤ᠂ ᠰᠤᠷᠤᠯᠴᠠᠭᠰᠠᠳ ᠤᠨ ᠰᠢᠨ᠎ᠡ ᠶᠢ ᠡᠭᠦᠳᠦᠨ ᠦᠢᠯᠡᠰ ᠪᠤᠰᠬᠠᠬᠤ ᠠᠮᠢᠵᠢᠷᠠᠯ ᠤᠨ ᠬᠦᠴᠦᠨ ᠢ ᠬᠥᠭᠵᠢᠭᠡᠵᠦ᠂ ᠵᠠᠯᠠᠶᠢᠳ ᠬᠤᠰᠢᠭᠤᠨ ᠤ ᠡᠯᠧᠺᠲᠷᠤᠨ ᠬᠤᠳᠠᠯᠳᠤᠭᠠᠨ ᠤ ᠶᠠᠪᠤᠳᠠᠯ ᠤᠨ ᠠᠵᠤ ᠦᠢᠯᠡᠰ ᠤᠨ ᠬᠥᠭᠵᠢᠯᠲᠡ ᠳᠤ ᠬᠦᠴᠦᠨ ᠨᠡᠮᠡᠷᠢᠯᠡᠵᠠᠢ᠃      ᠬᠢᠴᠢᠶᠡᠯ ᠳᠡᠭᠡᠷ᠎ᠡ᠂ ᠪᠠᠭᠰᠢ ᠦᠨᠡᠨ ᠪᠣᠳᠠᠲᠠᠶ ᠬᠡᠷᠡᠭ ᠤᠨ ᠵᠢᠱᠢᠶ᠎ᠡ ᠶᠢ ᠵᠠᠳᠠᠯᠬᠤ ᠪᠠ ᠤᠷᠤᠰᠴᠠ ᠶᠢᠨ ᠨᠢᠭᠤᠴᠠ ᠨᠣᠮᠧᠷ ᠢ ᠭᠦᠨᠵᠡᠭᠡᠶ ᠵᠠᠳᠠᠯᠬᠤ ᠪᠠᠷ ᠳᠠᠮᠵᠢᠨ᠂ ᠰᠤᠷᠤᠯᠴᠠᠭᠰᠠᠳ ᠤᠨ ᠡᠯᠧᠺᠲᠷᠤᠨ ᠬᠤᠳᠠᠯᠳᠤᠭᠠᠨ ᠤ ᠮᠡᠳᠡᠯᠭᠡ ᠶᠢ ᠨᠠᠩ ᠲᠦᠷᠭᠡᠨ ᠡᠵᠡᠮᠰᠢᠵᠦ᠂ ᠢᠨᠲ᠋ᠧᠷ ᠰᠦᠯᠵᠢᠶᠡᠨ ᠤ ᠡᠵᠡᠩᠨᠡᠯᠲᠡ ᠶᠢᠨ ᠰᠡᠳᠬᠢᠬᠦᠶ ᠵᠢᠴᠢ ᠡᠯᠧᠺᠲᠷᠤᠨ ᠬᠤᠳᠠᠯᠳᠤᠭᠠᠨ ᠤ ᠡᠵᠡᠩᠨᠡᠯᠲᠡ ᠶᠢᠨ ᠴᠢᠳᠠᠪᠤᠷᠢ ᠶᠢ ᠳᠡᠭᠡᠭᠰᠢᠯᠡᠭᠦᠯᠬᠦ ᠳᠤ ᠲᠥᠬᠦᠮ ᠦᠵᠡᠬᠦᠯᠪᠡ᠃ ᠤᠯᠠᠨ ᠢᠶᠠᠷ ᠢᠶᠠᠨ ᠰᠠᠨᠠᠯ ᠢᠶᠠᠨ ᠰᠣᠯᠢᠯᠴᠠᠬᠤ ᠶᠠᠪᠤᠴᠠ ᠳᠤ᠂ ᠰᠤᠷᠤᠯᠴᠠᠭᠰᠠᠳ ᠢᠳᠡᠪᠬᠢᠲᠡᠢ ᠪᠠᠷ ᠠᠰᠠᠭᠤᠯᠲᠠ ᠠᠰᠠᠭᠤᠵᠤ᠂ ᠪᠠᠭᠰᠢ  ᠠᠴᠠ ᠬᠦᠯᠢᠴᠡᠩᠭᠦᠢ ᠪᠠᠷ ᠲᠡᠳᠡᠨᠡᠷ ᠲᠤ ᠬᠠᠷᠢᠭᠤᠯᠲᠠ ᠥᠭᠴᠦ᠂ ᠲᠤᠬᠠᠢ ᠶᠢᠨ ᠲᠠᠯᠠᠪᠠᠢ ᠶᠢᠨ ᠠᠭᠤᠷ ᠠᠮᠢᠰᠬᠤᠯ ᠢ ᠬᠦᠭᠵᠢᠭᠡᠪᠡ᠃      ᠲᠣᠰ ᠤᠳᠠᠭᠠᠨ ᠤ ᠪᠣᠯᠪᠠᠰᠤᠷᠠᠯ ᠨᠢ 3 ᠡᠳᠦᠷ ᠶᠠᠪᠤᠭᠳᠠᠵᠤ᠂ ᠨᠡᠶᠢᠲᠡ 80 ᠬᠦᠮᠤᠨ ᠣᠷᠣᠯᠴᠠᠨ᠂ ᠪᠣᠯᠪᠠᠰᠤᠷᠠᠯ ᠤᠨ ᠬᠢᠴᠢᠶᠡᠯ ᠳᠤ ᠪᠤᠰᠢᠭᠤ ᠭᠠᠷ᠂ ᠴᠤᠤᠷᠢᠶ᠎ᠠ ᠲᠠᠪᠴᠠᠩ ᠤᠨ  ᠲᠤᠤᠷᠠᠳᠤ ᠳᠠᠪᠬᠤᠷᠭ᠎ᠠ ᠶᠢᠨ ᠯᠣᠭᠢᠭ᠂ ᠲᠠᠪᠴᠠᠩ ᠤᠨ ᠲᠦᠷᠢᠮ ᠂ ᠳᠡᠯᠭᠡᠭᠦᠷ ᠨᠡᠭᠡᠭᠡᠬᠦ᠂ ᠪᠠᠷᠠᠭ᠎ᠠ ᠰᠤᠩᠭᠤᠵᠤ ᠵᠢᠵᠢᠭ ᠰᠢᠷ᠎ᠠ ᠲᠡᠷᠭᠡ ᠭᠠᠷᠭᠠᠬᠤ᠂ Ai ᠳ᠋ᠸᠤ ᠪᠤᠤ ᠪᠤᠯᠤᠨ DeepSeek ᠶᠢᠨ ᠬᠡᠷᠡᠭᠯᠡᠯᠲᠡ᠂ ᠸᠢᠳᠢᠤ᠋ ᠶᠢᠨ ᠨᠠᠶᠢᠷᠠᠭᠤᠯᠤᠯᠲᠠ᠂ ᠨᠡᠪᠲᠡᠷᠡᠭᠦᠯᠦᠭᠴᠢ ᠶᠢᠨ ᠪᠣᠯᠪᠠᠰᠤᠷᠠᠯ ᠵᠡᠷᠭᠡ ᠲᠠᠯ᠎ᠠ ᠪᠠᠷ ᠬᠥᠳᠡᠭᠡ ᠲᠣᠰᠬᠤᠨ ᠤ ᠦᠢᠯᠡᠰ ᠪᠤᠰᠬᠠᠭᠴᠢᠳ ᠲᠤ ᠰᠢᠨ᠎ᠡ ᠠᠵᠠ ᠲᠣᠬᠢᠶᠠᠯ ᠬᠠᠩᠭᠠᠬᠤ ᠶᠢᠨ ᠬᠠᠮᠲᠤ ᠪᠠᠰᠠ ᠲᠠᠷᠢᠶᠠᠯᠠᠩ ᠤᠨ ᠪᠦᠲᠦᠭᠡᠭᠳᠡᠬᠦᠨ ᠤ ᠬᠦᠭᠵᠢᠯᠳᠡ ᠳᠤ ᠰᠢᠨ᠎ᠡ ᠵᠠᠮ ᠨᠡᠭᠡᠭᠡᠨ ᠦᠭᠴᠤ᠂ ᠲᠣᠭᠠᠴᠢᠯᠠᠭᠰᠠᠨ ᠠᠵᠤ ᠠᠬᠤᠶ ᠪᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠨᠠᠩ ᠬᠦᠴᠦᠷᠬᠡᠭ ᠬᠥᠳᠡᠯᠭᠡᠬᠦ ᠬᠦᠴᠦᠨ ᠨᠡᠮᠡᠷᠢᠯᠡᠪᠡ᠃
 
ᠢᠷᠡᠯᠲᠡ᠄ ᠵᠠᠯᠠᠶᠢᠳ ᠤᠨ ᠸᠢᠴᠠᠲ ᠮᠡᠳᠡᠭᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号