ᠵᠠᠯᠠᠶᠢᠳ ᠬᠤᠰᠢᠭᠤᠨ ᠤ ᠨᠠᠮ ᠤᠨ ᠰᠤᠷᠭᠠᠭᠤᠯᠢ ᠵᠠᠯᠠᠭᠤ ᠺᠠᠳ᠋ᠷᠴᠤᠳ ᠤᠨ ᠪᠣᠯᠪᠠᠰᠤᠷᠠᠯ ᠤᠨ ᠠᠩᠭᠢ ᠵᠢᠭᠠᠨ ᠰᠤᠷᠭᠠᠯᠲᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/6/19
       ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠵᠠᠯᠠᠭᠤ ᠺᠠᠳ᠋ᠷᠴᠤᠳ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠ ᠨᠠᠮ ᠤᠨ ᠪᠠᠶᠢᠭᠤᠯᠤᠯᠲᠠ ᠪᠠᠷ ᠦᠨᠳᠦᠰᠦᠨ ᠱᠠᠲᠤᠨ ᠤ ᠵᠠᠰᠠᠯᠲᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠳᠠᠭᠠᠭᠤᠯᠬᠤ ᠲᠤᠬᠠᠢ ᠣᠶᠢᠯᠠᠭᠠᠯᠲᠠ ᠶᠢ ᠭᠦᠨᠵᠡᠭᠡᠶᠢᠷᠡᠭᠦᠯᠬᠦ ᠶᠢᠨ ᠲᠥᠯᠥᠭᠡ᠂ 6 ᠰᠠᠷ᠎ᠠ ᠶᠢᠨ 5 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠵᠠᠯᠠᠶᠢᠳ ᠬᠤᠰᠢᠭᠤᠨ ᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ 2025 ᠣᠨ ᠤ ᠵᠠᠯᠠᠭᠤ ᠺᠠᠳ᠋ᠷᠴᠤᠳ ᠤᠨ ᠪᠣᠯᠪᠠᠰᠤᠷᠠᠯ ᠤᠨ ᠠᠩᠭᠢ ᠡᠷᠬᠢᠯᠡᠵᠤ᠂ ᠲᠡᠳᠡᠨᠡᠷ ᠢ ᠰᠠᠶᠢᠳᠤᠷ ᠬᠦᠮᠤᠵᠢᠬᠦᠯᠵᠤ ᠪᠠᠶᠢᠨ᠎ᠠ᠃ ᠰᠤᠷᠤᠯᠴᠠᠭᠰᠠᠳ ᠤᠷᠢᠳ ᠬᠤᠵᠢᠳ ᠬᠢᠷᠢᠨ ᠮᠤᠵᠢ ᠶᠢᠨ ᠵᠧᠨ ᠯᠠᠢ ᠰᠢᠶᠠᠨ ᠤ ᠮᠢᠨ ᠺᠠᠩ ᠨᠡᠶᠢᠭᠡᠮ ᠲᠣᠭᠤᠷᠢᠭ ᠤᠨ ᠬᠤᠪᠢᠰᠬᠠᠯᠳᠤ ᠬᠥᠮᠦᠵᠢᠯ ᠤᠨ ᠦᠵᠡᠭᠦᠯᠭᠡ ᠶᠢᠨ ᠲᠢᠩᠬᠢᠮ᠂ ᠨᠠᠨ ᠭᠠᠩ ᠽᠢ ᠲᠣᠰᠬᠤᠨ᠂ ᠨᠠᠨ ᠬᠤ᠋ ᠠᠮᠢ ᠠᠬᠤᠢ ᠶᠢᠨ ᠬᠦᠷᠢᠶᠡᠯᠡᠩ᠂ ᠾᠧ ᠾᠧ ᠮᠠᠯ ᠠᠵᠤ ᠠᠬᠤᠢ᠂ ᠹᠸᠢ ᠾᠧ ᠮᠠᠯᠵᠢᠯ ᠤᠨ ᠲᠠᠯᠠᠪᠠᠢ ᠵᠡᠷᠭᠡ ᠭᠠᠵᠠᠷ ᠢᠶᠠᠷ ᠬᠦᠷᠴᠦ᠂ ᠲᠤᠬᠠᠢ ᠶᠢᠨ ᠭᠠᠵᠠᠷ ᠲᠤᠨᠢ ᠲᠣᠭᠤᠷᠢᠨ ᠦᠵᠡᠬᠦ ᠶᠠᠪᠤᠴᠠ ᠳᠤ ᠡᠷᠡᠮᠡᠭᠡᠶᠢᠯᠡᠨ ᠤᠷᠤᠭᠰᠢᠯᠠᠬᠤ ᠬᠦᠴᠦᠨ ᠢ ᠰᠢᠩᠭᠡᠭᠡᠨ ᠠᠪᠴᠠᠢ᠃   ᠠᠵᠢᠯᠯᠠᠭ᠎ᠠ ᠶᠢᠨ ᠨᠢᠭᠡᠳᠦᠭᠡᠷ ᠦᠷᠲᠡᠭᠡ ᠳᠤ᠂ ᠰᠤᠷᠤᠯᠴᠠᠭᠰᠠᠳ ᠵᠧᠨ ᠯᠠᠢ ᠰᠢᠶᠠᠨ ᠤ ᠮᠢᠨ ᠺᠠᠩ ᠨᠡᠶᠢᠭᠡᠮ ᠲᠣᠭᠤᠷᠢᠭ ᠤᠨ ᠨᠠᠮ ᠤᠨ ᠲᠡᠦᠬᠡ ᠶᠢᠨ ᠣᠷᠳᠣᠨ ᠳᠤ ᠬᠦᠷᠪᠡ᠃ ᠤᠯᠠᠨ ᠢᠶᠠᠷ ᠢᠶᠠᠨ ᠨᠠᠮ ᠤᠨ ᠲᠡᠦᠬᠡ ᠶᠢᠨ ᠤᠷᠳᠤᠨ  ᠤ ᠬᠤᠪᠢᠰᠬᠠᠯᠳᠤ ᠬᠥᠮᠦᠵᠢᠯ ᠤᠨ ᠦᠵᠡᠭᠦᠯᠭᠡ ᠶᠢᠨ ᠲᠢᠩᠬᠢᠮ ᠳᠤ ᠠᠯᠬᠤᠨ ᠣᠷᠣᠬᠤ ᠳᠤ ᠶᠠᠭ ᠯᠠ ᠴᠠᠭ ᠬᠤᠭᠤᠴᠠᠭ᠎ᠠ ᠪᠠ ᠤᠷᠤᠨ ᠵᠠᠢ ᠶᠢ ᠲᠤᠭᠤᠯᠵᠤ᠂ ᠰᠦᠷ ᠳᠠᠯᠠᠢᠴᠠᠲᠠᠢ ᠲᠡᠦᠬᠡ ᠶᠢᠨ ᠬᠠᠭᠤᠳᠠᠰᠤᠨ ᠳᠤ ᠪᠠᠶᠢᠬᠤ ᠰᠢᠭ᠋ ᠰᠠᠨᠠᠭᠳᠠᠭᠤᠯᠤᠨ᠎ᠠ᠃ ᠡᠷᠬᠢᠮ ᠨᠠᠨᠳᠢᠨ ᠲᠡᠦᠬᠡ ᠶᠢᠨ ᠮᠠᠲ᠋ᠧᠷᠢᠶᠠᠯ ᠨᠢ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ ᠠᠴᠠ ᠨᠠᠭᠠᠰᠢᠬᠢ ᠰᠢᠷᠭᠠᠭᠤ ᠬᠠᠲᠠᠭᠤᠵᠢᠯᠲᠠᠢ ᠬᠠᠶᠢᠨ ᠰᠥᠪᠡᠭᠴᠢᠯᠡᠯᠲᠡ ᠪᠠ ᠠᠭᠤᠤ ᠶᠡᠭᠡ ᠠᠮᠵᠢᠯᠲᠠ ᠪᠦᠲᠦᠮᠵᠢ ᠶᠢ ᠨᠠᠷᠢᠨ ᠲᠣᠳᠣᠷᠬᠠᠢ ᠲᠡᠮᠳᠡᠭᠯᠡᠵᠦ᠂ ᠰᠢᠷᠠᠯᠠᠭᠰᠠᠨ ᠰᠤᠷᠪᠤᠯᠵᠢ ᠪᠢᠴᠢᠭ᠂ ᠥᠩᠭᠡ ᠨᠢ ᠤᠨᠠᠭᠰᠠᠨ ᠵᠠᠬᠢᠳᠠᠯ᠂ ᠵᠢᠪᠡᠷᠡᠭᠰᠡᠨ ᠲᠤᠯᠪᠤ ᠲᠠᠢ ᠵᠡᠪᠰᠡᠭ᠂ ᠪᠣᠳᠠᠲᠤ ᠪᠣᠳᠠᠰ ᠤᠨ ᠳᠡᠯᠭᠡᠨ ᠦᠵᠡᠭᠦᠯᠭᠡ ᠶᠢᠨ ᠵᠤᠶᠢᠯ ᠪᠤᠯᠭᠠᠨ ᠳᠤ ᠴᠥᠮ ᠬᠤᠪᠢᠰᠬᠠᠯ ᠤᠨ ᠠᠬᠠᠮᠠᠳ ᠦᠶ᠎ᠡ ᠶᠢᠨ ᠬᠢᠨ ᠤ ᠬᠦᠰᠡᠯᠡᠩ ᠢᠲᠡᠭᠡᠯ ᠪᠢᠰᠢᠷᠡᠯ ᠤᠨ ᠢᠶᠠᠨ ᠲᠥᠯᠥᠭᠡ ᠠᠮᠢ ᠪᠡᠶ᠎ᠡ ᠪᠠᠨ ᠵᠤᠷᠢᠭᠤᠯᠵᠤ᠂ ᠬᠠᠯᠠᠭᠤᠨ ᠴᠢᠰᠤ ᠪᠠᠨ ᠤᠷᠤᠰᠬᠠᠭᠰᠠᠨ ᠪᠠᠭᠠᠲᠤᠷᠯᠢᠭ ᠦᠢᠯᠡ ᠠᠵᠢᠯᠯᠠᠭ᠎ᠠ ᠶᠢ ᠲᠣᠭᠠᠴᠢᠵᠠᠢ᠃ ᠪᠦᠬᠦᠳᠡᠭᠡᠷ ᠨᠠᠮ ᠤᠨ ᠲᠡᠦᠬᠡ ᠶᠢ ᠭᠦᠨᠵᠡᠭᠡᠢ ᠰᠤᠷᠤᠯᠴᠠᠬᠤ ᠳᠤᠮᠳᠠ᠂ ᠤᠶᠤᠨ ᠤᠬᠠᠭᠠᠨ ᠪᠠ ᠬᠦᠴᠦᠨ ᠴᠢᠳᠠᠯ ᠢ ᠲᠠᠰᠤᠷᠠᠯᠳᠠ ᠦᠭᠡᠢ ᠰᠢᠩᠭᠡᠭᠡᠨ ᠠᠪᠴᠤ᠂ ᠬᠦᠰᠡᠯᠡᠩ ᠢᠲᠡᠭᠡᠯ ᠪᠢᠰᠢᠷᠡᠯ ᠢᠶᠠᠨ ᠤᠯᠠᠮ ᠨᠢᠭᠡ ᠠᠯᠬᠤᠮ ᠪᠠᠲᠤᠳᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ ᠤᠯᠤᠰ ᠲᠦᠷᠦ ᠶᠢᠨ ᠤᠬᠠᠮᠰᠠᠷ ᠢᠶᠠᠨ ᠴᠢᠩᠭᠠᠳᠬᠠᠪᠠ᠃     ᠳᠠᠷᠠᠭ᠎ᠠ ᠨᠢ᠂ ᠲᠠᠶᠢᠯᠪᠤᠷᠢᠯᠠᠭᠴᠢ ᠶᠢᠨ ᠲᠠᠭᠠᠭᠤᠯᠭ᠎ᠠ ᠳᠣᠣᠷ᠎ᠠ᠂ ᠵᠠᠯᠠᠭᠤ ᠺᠠᠳ᠋ᠷᠴᠤᠳ ᠨᠠᠨ ᠭᠠᠩ ᠽᠢ ᠲᠣᠰᠬᠤᠨ ᠤ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠢᠶᠠᠷ ᠬᠦᠷᠴᠦ᠂ ᠤᠳᠤ ᠦᠶ᠎ᠡ ᠶᠢᠨ ᠲᠠᠷᠢᠶᠠᠯᠠᠩ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠷᠢᠳᠢ ᠰᠢᠳᠢ ᠪᠣᠯᠤᠨ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠪᠠᠶᠠᠴᠢᠯᠡᠨ ᠤᠶᠢᠯᠠᠭᠠᠵᠠᠢ᠃ ᠵᠠᠯᠠᠭᠤ ᠺᠠᠳ᠋ᠷᠴᠤᠳ ᠰᠣᠨᠣᠰᠬᠤ ᠶᠢᠨ ᠳᠠᠭᠠᠤ ᠦᠵᠡᠵᠦ᠂ ᠲᠠᠶᠢᠯᠪᠤᠷᠢᠯᠠᠭᠴᠢ ᠲᠠᠢ ᠪᠠᠶᠢᠨ ᠪᠠᠶᠢᠨ ᠰᠠᠨᠠᠯ ᠢᠶᠠᠨ ᠰᠣᠯᠢᠯᠴᠠᠵᠤ᠂ ᠮᠡᠷᠭᠡᠵᠢᠯ ᠤᠨ ᠬᠡᠷᠡᠭᠯᠡᠯᠲᠡ᠂ ᠵᠠᠬ᠎ᠠ ᠳᠡᠯᠭᠡᠭᠦᠷ ᠤᠨ ᠥᠷᠭᠡᠳᠬᠡᠯ ᠵᠢᠴᠢ ᠲᠠᠷᠢᠶᠠᠴᠢᠨ ᠡᠷᠦᠬᠡ ᠶᠢ ᠲᠠᠶᠢᠴᠢᠯᠠᠨ ᠣᠷᠣᠯᠭ᠎ᠠ ᠶᠢ ᠨᠢ ᠨᠡᠮᠡᠭᠳᠡᠭᠦᠯᠦᠭᠰᠡᠨ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠡᠨᠡ ᠨᠢ ᠵᠠᠯᠠᠭᠤ ᠺᠠᠳ᠋ᠷᠴᠤᠳ ᠤᠨ ᠬᠠᠷᠠᠭ᠎ᠠ ᠶᠢ ᠥᠷᠭᠡᠳᠬᠡᠵᠦ᠂ ᠮᠡᠳᠡᠯᠭᠡ ᠶᠢ ᠨᠢ ᠨᠡᠮᠡᠭᠳᠡᠭᠦᠯᠦᠭᠰᠡᠨ ᠢᠶᠠᠷ ᠪᠠᠷᠠᠬᠤ ᠦᠭᠡᠢ᠂ ᠨᠡᠩ ᠴᠤ ᠦᠨᠳᠦᠰᠦᠨ ᠱᠠᠲᠤᠨ ᠳᠤ ᠭᠦᠨᠵᠡᠬᠡᠶᠢᠷᠡᠨ᠂ ᠬᠥᠳᠡᠭᠡ ᠲᠣᠰᠬᠤᠨ ᠳᠤ ᠦᠢᠯᠡᠴᠢᠯᠡᠬᠦ ᠡᠷᠡᠰ ᠵᠣᠷᠢᠭ ᠢ ᠨᠢ ᠬᠦᠪᠴᠢᠯᠡᠭᠰᠡᠨ ᠪᠠᠶᠢᠨ᠎ᠠ᠃  ᠵᠧᠨ ᠯᠠᠢ ᠰᠢᠶᠠᠨ ᠤ ᠾᠧ ᠾᠧ ᠮᠠᠯ ᠠᠵᠤ ᠠᠬᠤᠢ ᠶᠢᠨ ᠬᠥᠭᠵᠢᠯᠲᠡ ᠶᠢᠨ ᠬᠢᠵᠠᠭᠠᠷᠲᠤ ᠺᠣᠮᠫᠠᠨᠢ ᠳᠤ᠂   ᠰᠤᠷᠤᠯᠴᠠᠭᠰᠠᠳ ᠲᠤᠬᠠᠢ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠬᠤ᠂ ᠲᠠᠨᠢᠯᠴᠠᠭᠤᠯᠭ᠎ᠠ ᠶᠢ ᠰᠣᠨᠣᠰᠬᠤ᠂ ᠰᠠᠨᠠᠯ ᠢᠶᠠᠨ ᠰᠣᠯᠢᠯᠴᠠᠨ ᠶᠠᠷᠢᠯᠴᠠᠬᠤ ᠵᠡᠷᠭᠡ ᠠᠷᠭ᠎ᠠ ᠪᠠᠷ ᠪᠠᠶᠢᠴᠧᠩ ᠬᠤᠳᠠ ᠶᠢᠨ ᠮᠢᠬᠠᠨ ᠦᠬᠡᠷ ᠪᠣᠷᠳᠣᠵᠤ ᠲᠡᠵᠢᠭᠡᠨ ᠦᠷᠡᠵᠢᠭᠦᠯᠬᠦ᠂ ᠨᠢᠲᠤᠯᠵᠤ ᠡᠳ᠋ᠰᠢᠭᠦᠯᠬᠦ᠂ ᠲᠡᠵᠢᠭᠡᠯ ᠪᠣᠷᠳᠤᠭ᠎ᠠ ᠡᠳ᠋ᠰᠢᠭᠦᠯᠬᠦ᠂ ᠬᠦᠢᠳᠡᠨ ᠬᠡᠯᠬᠢᠶᠡᠲᠦ ᠪᠠᠷᠠᠭᠠᠨ ᠤ ᠭᠦᠢᠯᠭᠡᠭᠡ᠂ ᠵᠠᠬ᠎ᠠ ᠳᠡᠯᠭᠡᠭᠦᠷ ᠤᠨ ᠡᠵᠡᠩᠨᠡᠯᠲᠡ ᠪᠣᠷᠣᠯᠠᠭᠤᠯᠭ᠎ᠠ ᠵᠡᠷᠭᠡ ᠮᠢᠬᠠᠨ ᠦᠬᠡᠷ ᠤᠨ ᠪᠦᠬᠦ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢᠨ ᠪᠠᠶᠢᠳᠠᠯ ᠢ ᠨᠠᠷᠢᠨ ᠣᠶᠢᠯᠠᠭᠠᠪᠠ᠃ ᠳᠠᠷᠠᠭ᠎ᠠ ᠨᠢ ᠰᠤᠷᠤᠯᠴᠠᠭᠰᠠᠳ ᠹᠸᠢ ᠾᠧ ᠲᠣᠭᠤᠷᠢᠨ ᠦᠵᠡᠬᠦ ᠮᠠᠯᠵᠢᠯ ᠤᠨ ᠲᠠᠯᠠᠪᠠᠢ ᠪᠠᠷ ᠭᠦᠨᠵᠡᠭᠡᠶᠢᠷᠡᠵᠦ᠂ ᠹᠸᠢ ᠾᠧ ᠰᠦ ᠶᠢᠨ ᠦᠢᠯᠡᠰ ᠤᠨ ᠬᠥᠭᠵᠢᠯᠲᠡ ᠶᠢᠨ ᠶᠠᠪᠤᠴᠠ ᠶᠢᠨ ᠦᠵᠡᠰᠬᠦᠯᠡᠩ᠂ ᠢᠳᠡᠭᠡᠨ ᠤ ᠵᠤᠶᠢᠯᠡᠰ ᠤᠨ ᠦᠵᠡᠭᠦᠯᠭᠡ ᠶᠢᠨ ᠲᠣᠭᠤᠷᠢᠭ ᠪᠣᠯᠤᠨ ᠦᠢᠯᠡᠳᠪᠦᠷᠢᠯᠡᠯ ᠤᠨ ᠲᠠᠰᠤᠭ ᠢ ᠲᠣᠭᠤᠷᠢᠨ ᠦᠵᠡᠵᠦ᠂ ᠠᠵᠤ ᠠᠬᠤᠶᠢᠯᠠᠯ ᠤᠨ ᠲᠡᠷᠢᠭᠦᠨ ᠤ ᠣᠶᠢᠯᠠᠭᠠᠭᠳᠠᠬᠤᠨ᠂ ᠬᠠᠮᠢᠶᠠᠷᠤᠯᠲᠠ ᠶᠢᠨ ᠵᠠᠭᠪᠤᠷ ᠪᠣᠯᠤᠨ ᠠᠵᠤ ᠦᠢᠯᠡᠰ ᠤᠨ ᠪᠠᠶᠢᠷᠢᠰᠢᠭᠤᠯᠤᠯᠲᠠ ᠵᠡᠷᠭᠡ ᠶᠢ ᠣᠶᠢᠯᠠᠭᠠᠵᠤ᠂ ᠹᠸᠢ ᠾᠧ ᠨᠠᠷᠠᠲᠤ ᠲᠡᠮᠳᠡᠭᠲᠦ ᠶᠢᠨ ᠲᠤᠬᠠᠶ ᠢᠲᠡᠭᠡᠯ ᠢ ᠨᠡᠮᠡᠭᠳᠡᠭᠦᠯᠵᠦ᠂ ᠠᠵᠤ ᠦᠢᠯᠡᠰ ᠤᠨ ᠬᠥᠭᠵᠢᠯᠲᠡ ᠳᠤ ᠬᠦᠴᠦᠨ ᠨᠡᠮᠡᠷᠢᠯᠡᠬᠦ᠂ ᠨᠤᠲᠤᠭ ᠤᠰᠤ ᠪᠠᠨ ᠪᠥᠲᠥᠭᠡᠨ ᠪᠠᠶᠢᠭᠤᠯᠬᠤ ᠬᠠᠯᠠᠭᠤᠨ ᠰᠡᠳᠬᠢᠯᠭᠡ ᠪᠣᠯᠤᠨ ᠡᠷᠴᠢ ᠵᠣᠷᠢᠭ ᠢ ᠨᠢ ᠤᠯᠠᠮ ᠨᠢᠭᠡ ᠠᠯᠬᠤᠮ ᠬᠥᠭᠵᠢᠭᠡᠪᠡ᠃  ᠲᠣᠰ ᠤᠳᠠᠭᠠᠨ ᠤ ᠲᠤᠬᠠᠶ ᠶᠢᠨ ᠲᠠᠯᠠᠪᠤᠷ ᠤᠨ ᠵᠢᠭᠠᠨ ᠰᠤᠷᠭᠠᠯᠲᠠ ᠨᠢ ︽ᠨᠠᠮ ᠤᠨ ᠪᠠᠶᠢᠭᠤᠯᠤᠯᠲᠠ ᠪᠠᠷ ᠦᠨᠳᠦᠰᠦᠨ ᠱᠠᠲᠤᠨ ᠤ ᠵᠠᠰᠠᠯᠲᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠠᠵᠤ ᠦᠢᠯᠡᠰ ᠤᠨ ᠬᠥᠭᠵᠢᠯᠲᠡ ᠶᠢ  ᠳᠠᠭᠠᠭᠤᠯᠬᠤ︾ ᠲᠤᠰᠬᠠᠶ ᠰᠡᠳᠦᠪ ᠲᠤ ᠠᠩᠬᠠᠷᠤᠯ ᠢᠶᠠᠨ ᠲᠥᠪᠯᠡᠷᠡᠭᠦᠯᠵᠦ᠂ ︽ᠣᠨᠣᠯ + ᠲᠤᠬᠠᠢ  ᠶᠢᠨ ᠭᠠᠵᠠᠷ +  ᠬᠡᠷᠡᠭ ᠤᠨ ᠵᠢᠱᠢᠶ᠎ᠡ︾ ᠶᠢᠨ ᠵᠠᠭᠪᠤᠷ ᠢᠶᠠᠷ ᠵᠠᠯᠠᠭᠤ ᠺᠠᠳ᠋ᠷᠴᠤᠳ ᠲᠤ ᠨᠠᠮ ᠤᠨ ᠪᠠᠶᠢᠭᠤᠯᠤᠯᠲᠠ ᠶᠢᠨ ᠲᠤᠤᠷᠠᠬᠢ ᠦᠨᠳᠦᠰᠦᠨ ᠱᠠᠲᠤᠨ ᠤ ᠵᠠᠰᠠᠯᠲᠠ ᠶᠢᠨ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ᠂ ᠠᠵᠤ ᠦᠢᠯᠡᠰ ᠤᠨ ᠠᠭᠤᠰᠤᠯᠴᠠᠯ ᠤᠨ ᠬᠥᠭᠵᠢᠯᠲᠡ ᠶᠢᠨ ᠳᠠᠯᠳᠠ ᠬᠦᠴᠦᠨ᠂ ᠦᠨᠳᠦᠰᠦᠲᠡᠨ ᠤ ᠪᠦᠯᠬᠦᠮᠳᠡᠯ ᠤᠨ ᠬᠦᠴᠦᠷᠬᠡᠭ ᠶᠡᠭᠡ ᠬᠠᠮᠳᠤᠷᠠᠯ ᠤᠨ ᠬᠦᠴᠦᠨ ᠢ ᠰᠢᠭᠤᠳ ᠮᠡᠳᠡᠷᠡᠭᠦᠯᠪᠡ᠃  ᠰᠤᠷᠤᠯᠴᠠᠭᠰᠠᠳ᠂ ᠲᠤᠰ ᠤᠳᠠᠭᠠᠨ ᠤ ᠦᠵᠡᠭᠦᠯᠭᠡ ᠠᠴᠠ ᠶᠡᠭᠡ ᠠᠰᠢᠭ ᠬᠦᠷᠲᠡᠵᠦ᠂ ᠲᠤᠰ ᠤᠳᠠᠭᠠᠨ ᠤ ᠰᠤᠷᠤᠯᠴᠠᠯᠭ᠎ᠠ ᠪᠠᠷ ᠠᠵᠠ ᠲᠣᠬᠢᠶᠠᠯ ᠪᠣᠯᠭᠠᠵᠤ᠂ ︽ᠰᠢᠯᠭᠠᠯᠳᠠ ᠶᠢᠨ ᠬᠠᠭᠤᠳᠠᠰᠤ︾ ᠶᠢ ᠦᠨᠳᠦᠰᠦᠨ ᠱᠠᠲᠤᠨ ᠤ ᠨᠢᠭᠡᠳᠦᠭᠡᠷ ᠹᠷᠣᠨᠲ ᠲᠤ ᠪᠢᠴᠢᠭᠯᠡᠵᠦ᠂ ︽ᠪᠤᠭᠤᠮᠳᠠ ᠰᠢᠪᠳᠤᠯᠬᠤ︾ ᠵᠣᠷᠢᠭ ᠰᠠᠨᠠᠭ᠎ᠠ᠂ ︽ᠰᠢᠨ᠎ᠠ ᠶᠢ ᠡᠭᠦᠳᠬᠦ︾ ᠡᠷᠴᠢ ᠵᠣᠷᠢᠭ᠂ ︽ᠪᠣᠳᠠᠲᠠᠢ ᠪᠠᠷ ᠠᠵᠢᠯᠯᠠᠬᠤ ᠤᠪᠤᠷ︾ ᠰᠤᠷᠲᠠᠯ ᠢᠶᠠᠷ ᠵᠠᠯᠠᠶᠢᠳ ᠬᠤᠰᠢᠭᠤᠨ ᠤ ᠴᠢᠨᠠᠷ ᠰᠠᠶᠢᠲᠠᠢ ᠬᠥᠭᠵᠢᠯᠲᠡ ᠳᠤ ᠵᠠᠯᠠᠭᠤ ᠨᠠᠰᠤᠨ ᠤ ᠬᠦᠴᠦᠨ ᠴᠢᠳᠠᠯ ᠢᠶᠠᠨ ᠡᠷᠭᠦᠨ᠎ᠡ ᠭᠡᠵᠦ ᠢᠯᠡᠳᠬᠡᠵᠡᠭᠡᠪᠡ᠃
 
ᠢᠷᠡᠯᠲᠡ᠄ ᠵᠠᠯᠠᠶᠢᠳ ᠤᠨ ᠸᠢᠴᠠᠲ ᠮᠡᠳᠡᠭᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号