ᠦᠰᠦᠭ ᠪᠢᠴᠢᠭ ᠢᠶᠠᠷ ᠦᠬᠦᠯᠡᠬᠦᠢ᠄ ᠠᠷᠠᠳ ᠤᠯᠠᠨ ᠳᠤ ᠠᠰᠢᠭ ᠬᠦᠷᠲᠡᠭᠡᠬᠦ ᠪᠦᠷᠢᠨ ᠴᠢᠳᠠᠮᠵᠢᠳᠤ ᠺᠠᠷᠲ ᠤᠨ ᠬᠠᠮᠢᠶᠠᠷᠤᠯᠲᠠ ᠶᠢᠨ ᠠᠷᠭ᠎ᠠ
ᠨᠡᠶᠢᠲᠡᠯᠡᠭᠰᠡᠨ ᠴᠠᠭ᠄
2025/6/19
  1. ᠨᠡᠶᠢᠲᠡᠯᠡᠭᠰᠡᠨ ᠠᠬᠤᠶ ᠪᠠᠶᠢᠳᠠᠯ  ᠵᠠᠯᠠᠶᠢᠳ ᠬᠤᠰᠢᠭᠤᠨ ᠤ ᠠᠷᠠᠳ ᠤᠯᠠᠨ ᠳᠤ ᠠᠰᠢᠭ ᠬᠦᠷᠲᠡᠭᠡᠬᠦ ᠡᠳ᠋ ᠤᠨ ᠵᠠᠰᠠᠭ ᠤᠨ ᠨᠥᠬᠦᠪᠥᠷᠢ ᠶᠢᠨ ᠪᠠᠯᠠ ᠮᠥᠩᠭᠦ ᠶᠢᠨ ︽ᠪᠦᠷᠢᠨ ᠴᠢᠳᠠᠮᠵᠢᠲᠤ ᠺᠠᠷᠲ︾ ᠢ ᠰᠢᠨᠵᠢᠯᠡᠬᠦ ᠤᠬᠠᠭᠠᠨᠴᠢᠯᠠᠭᠰᠠᠨ᠂ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠤᠰᠠᠳᠠ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠯᠠᠨ ᠳᠤ ᠠᠰᠢᠭ ᠬᠦᠷᠲᠡᠭᠡᠬᠦ ᠡᠳ᠋ ᠤᠨ ᠵᠠᠰᠠᠭ ᠤᠨ ᠨᠥᠬᠦᠪᠥᠷᠢ ᠶᠢᠨ ᠪᠠᠯᠠ ᠮᠥᠩᠭᠦ ᠶᠢᠨ ︿ᠪᠦᠷᠢᠨ ᠴᠢᠳᠠᠮᠵᠢᠲᠤ ᠺᠠᠷᠲ﹀ ᠢ ᠲᠠᠷᠬᠠᠭᠠᠬᠤ ᠬᠠᠮᠢᠶᠠᠷᠤᠯᠲᠠ ᠶᠢᠨ ᠠᠷᠭ᠎ᠠ︾ ︵ᠥᠪᠥᠷ ᠡᠳ᠋ ᠲᠠᠷᠢᠶᠠᠯᠠᠩ ᠲᠦᠷᠢᠮ ᠲᠣᠭᠲᠠᠭᠠᠯ ﹇2024﹈ 3 ᠳ᠋ᠤᠭᠠᠷ ᠲᠣᠭᠠᠲᠤ︶ ᠵᠢᠴᠢ ᠳᠡᠭᠡᠳᠦ ᠱᠠᠲᠤᠨ ᠤ ᠡᠳ᠋ ᠤᠨ ᠵᠠᠰᠠᠭ᠂ ᠬᠢᠨᠠᠨ ᠪᠤᠳᠤᠬᠤ ᠰᠠᠯᠠᠭ᠎ᠠ ᠮᠥᠴᠢᠷ ᠤᠨ ᠴᠡᠭᠴᠡᠯᠡᠨ ᠰᠠᠶᠢᠵᠢᠷᠠᠭᠤᠯᠬᠤ ᠰᠠᠨᠠᠯ ᠢ ᠦᠨᠳᠦᠰᠦᠯᠡᠨ ᠲᠣᠰ ᠠᠷᠭ᠎ᠠ ᠶᠢ ᠲᠣᠭᠲᠠᠭᠠᠪᠠ᠃   2. ᠲᠥᠷᠥ ᠶᠢᠨ ᠪᠣᠳᠣᠯᠭ᠎ᠠ ᠶᠢᠨ ᠦᠨᠳᠦᠰᠦᠯᠡᠯ  ︽ᠠᠷᠠᠳ ᠤᠯᠠᠨ ᠳᠤ ᠠᠰᠢᠭ ᠬᠦᠷᠲᠡᠭᠡᠬᠦ ᠡᠳ᠋ ᠤᠨ ᠵᠠᠰᠠᠭ ᠤᠨ ᠨᠥᠬᠦᠪᠥᠷᠢ ᠶᠢᠨ ᠪᠠᠯᠠ ᠮᠥᠩᠭᠦ ᠶᠢᠨ ︿ᠪᠦᠷᠢᠨ ᠴᠢᠳᠠᠮᠵᠢᠳᠤ ᠺᠠᠷᠲ﹀ ᠤᠨ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠶ ᠵᠢᠯᠣᠭᠤᠳᠬᠤ ᠰᠠᠨᠠᠯ︾ ︵ᠡᠳ᠋ ᠠᠯᠪᠠᠨ ︹2020︺ 37 ᠳ᠋ᠤᠭᠠᠷ ᠲᠣᠭᠠᠲᠤ︶᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠵᠡᠷᠭᠡ ᠳᠣᠯᠣᠳᠤᠭᠠᠷ ᠲᠢᠩᠬᠢᠮ ᠲᠣᠪᠴᠢᠶ᠎ᠠ ᠶᠢᠨ ᠬᠠᠮᠲᠤᠷᠠᠨ ᠳᠠᠷᠤᠮᠠᠯᠯᠠᠨ ᠲᠠᠷᠬᠠᠭᠠᠭᠰᠠᠨ ︽ᠠᠷᠠᠳ ᠤᠯᠠᠨ ᠳᠤ ᠠᠰᠢᠭ ᠬᠦᠷᠲᠡᠭᠡᠬᠦ ᠡᠳ᠋ ᠤᠨ ᠵᠠᠰᠠᠭ ᠤᠨ ᠨᠥᠬᠦᠪᠥᠷᠢ ᠶᠢᠨ ᠪᠠᠯᠠ ᠮᠥᠩᠭᠦ ᠶᠢᠨ ︿ᠪᠦᠷᠢᠨ ᠴᠢᠳᠠᠮᠵᠢᠳᠤ ᠺᠠᠷᠲ﹀ ᠤᠨ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠬᠤ ᠬᠡᠷᠡᠭᠵᠢᠭᠦᠯᠬᠦ ᠲᠥᠰᠦᠯ︾ ︵ᠥᠪᠥᠷ ᠡᠳ᠋ ᠲᠠᠷᠢᠶᠠᠯᠠᠩ︹2021︺ 780 ᠳ᠋ᠤᠭᠠᠷ ᠲᠣᠭᠠᠲᠤ︶ ᠪᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠯᠠᠨ ᠳᠤ ᠠᠰᠢᠭ ᠬᠦᠷᠳᠡᠭᠡᠬᠦ ᠡᠳ᠋ ᠤᠨ ᠵᠠᠰᠠᠭ ᠤᠨ ᠨᠥᠬᠦᠪᠥᠷᠢ ᠶᠢᠨ ᠪᠠᠯᠠ ᠮᠥᠩᠭᠦ ᠶᠢᠨ ︿ᠪᠦᠷᠢᠨ ᠴᠢᠳᠠᠮᠵᠢᠳᠤ ᠺᠠᠷᠲ﹀ ᠲᠠᠷᠬᠠᠭᠠᠬᠤ ᠬᠠᠮᠢᠶᠠᠷᠤᠯᠲᠠ ᠶᠢᠨ ᠠᠷᠭ᠎ᠠ︾ ᠶᠢᠨ ᠮᠡᠳᠡᠭᠳᠡᠯ ︵ᠥᠪᠥᠷ ᠡᠳ᠋ ᠲᠠᠷᠢᠶᠠᠯᠠᠩ ᠲᠦᠷᠢᠮ ᠲᠤᠭᠳᠠᠭᠠᠯ︹2024︺ 3 ᠳ᠋ᠤᠭᠠᠷ ᠲᠣᠭᠠᠲᠤ︶  ᠢᠶᠠᠷ ᠦᠨᠳᠤᠰᠤᠯᠡᠯ ᠪᠤᠯᠭᠠᠵᠠᠢ᠃     3. ᠦᠨᠳᠦᠰᠦᠨ ᠲᠤᠶᠢᠮᠤᠴᠢᠯᠡᠯ      ᠬᠡᠷᠡᠭᠯᠡᠬᠦ ᠬᠡᠪᠴᠢᠶ᠎ᠡ᠄ ᠬᠠᠮᠢᠶᠠᠷᠤᠯᠲᠠ ᠶᠢᠨ ᠠᠷᠭ᠎ᠠ ᠶᠢ ᠡᠯ᠎ᠡ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ᠂ ᠨᠥᠬᠦᠪᠦᠷᠢ ᠶᠢᠨ ᠲᠥᠷᠥᠯ ᠵᠦᠢᠯ ᠢ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠢᠨᠠᠯᠳᠡ ᠬᠠᠮᠢᠶᠠᠷᠤᠯᠳᠠ ᠶᠢᠨ ᠰᠠᠯᠠᠭ᠎ᠠ ᠮᠥᠴᠢᠷ᠂ ᠡᠳ᠋ ᠤᠨ ᠵᠠᠰᠠᠭ ᠤᠨ ᠨᠥᠬᠦᠪᠦᠷᠢ ᠶᠢᠨ ᠪᠡᠯᠡ ᠮᠥᠩᠭᠦ ᠶᠢᠨ ᠳᠠᠩᠰᠠᠨ ᠡᠷᠦᠬᠡ ᠪᠠᠶᠢᠭᠤᠯᠤᠭᠰᠠᠨ ᠪᠠᠩᠬᠢ ᠵᠢᠴᠢ ᠨᠥᠬᠦᠪᠦᠷᠢ ᠬᠦᠷᠳᠡᠬᠦ ᠡᠲᠡᠭᠡᠳ ᠲᠤ ᠬᠡᠷᠡᠭᠯᠡᠵᠤ᠂ ᠡᠳ᠋ ᠤᠨ ᠵᠠᠰᠠᠭ ᠤᠨ ᠨᠦᠬᠦᠪᠤᠷᠢ ᠶᠢᠨ ᠪᠡᠯᠡ ᠮᠦᠩᠬᠦ ᠶᠢ ᠭᠤᠶᠤᠴᠢᠯᠠᠨ ᠮᠡᠳᠡᠬᠦᠯᠬᠦ᠂  ᠬᠢᠨᠠᠨ ᠬᠠᠷᠭᠤᠭᠤᠯᠬᠤ᠂ ᠲᠠᠷᠬᠠᠭᠠᠬᠤ᠂  ᠢᠯᠠ ᠨᠡᠶᠢᠳᠡᠯᠡᠬᠦ᠂  ᠬᠢᠨᠠᠨ ᠬᠠᠮᠢᠶᠠᠷᠬᠤ ᠵᠡᠷᠭᠡ ᠪᠦᠬᠦ ᠶᠠᠪᠤᠴᠠ ᠶᠢ ᠬᠠᠮᠤᠷᠪᠠ᠃       ᠦᠨᠳᠦᠰᠦᠨ ᠵᠠᠷᠴᠢᠮ᠄ ︽ᠲᠥᠷᠥᠯ ᠵᠦᠢᠯ ᠤᠨ ᠨᠢᠭᠡ ᠨᠠᠷᠢᠨ ᠳᠠᠩᠰᠠ᠂ ᠦᠢᠯᠡᠴᠢᠯᠡᠭᠡ ᠶᠢ ᠨᠢᠭᠡ ᠥᠷᠲᠡᠭᠡᠴᠢᠯᠡᠨ ᠭᠦᠢᠴᠡᠳᠬᠡᠬᠦ᠂ ᠨᠢᠭᠡ ᠭᠠᠵᠠᠷ ᠲᠤ ᠭᠤᠶᠤᠴᠢᠯᠠᠨ ᠮᠡᠳᠡᠭᠦᠯᠬᠦ ᠂ ᠨᠥᠬᠦᠪᠦᠷᠢ ᠶᠢ ᠨᠢᠭᠡ ᠺᠠᠷᠲ ᠢᠶᠠᠷ ᠲᠠᠷᠬᠠᠭᠠᠬᠤ᠂ ᠶᠠᠪᠤᠴᠠ ᠶᠢ ᠨᠢᠭᠡ ᠳᠠᠷᠤᠪᠴᠢ ᠪᠠᠷ ᠬᠠᠮᠢᠶᠠᠷᠬᠤ᠂ ᠮᠡᠳᠡᠭᠡ ᠵᠠᠩᠭᠢ ᠶᠢ ᠨᠢᠭᠡ ᠰᠦᠯᠵᠢᠶ᠎ᠡ ᠪᠠᠷ ᠪᠠᠶᠢᠴᠠᠭᠠᠬᠤ︾ ᠬᠠᠮᠢᠶᠠᠷᠤᠯᠲᠠ ᠶᠢᠨ ᠵᠠᠭᠪᠤᠷ ᠢ ᠬᠡᠷᠡᠭᠵᠢᠭᠦᠯᠵᠦ᠂ ᠠᠰᠢᠭ ᠬᠦᠷᠳᠡᠬᠦ ᠬᠦᠮᠤᠰ ᠤᠨ ᠪᠥᠬᠦ ᠠᠮᠢ ᠨᠠᠰᠤᠨ ᠤ ᠦᠶᠡᠯᠡᠯ ᠤᠨ ᠬᠤᠭᠤᠴᠠᠭᠠᠨ ᠤ ᠬᠠᠮᠢᠶᠠᠷᠤᠯᠲᠠ ᠪᠠ ᠪᠥᠬᠦ ᠶᠠᠪᠤᠴᠠ ᠳᠤ ᠬᠢᠨᠠᠯᠲᠠ ᠲᠠᠯᠪᠢᠵᠤ ᠤᠷᠢᠳᠴᠢᠯᠠᠨ ᠰᠡᠷᠡᠮᠵᠢᠯᠡᠭᠦᠯᠬᠦ ᠶᠢ ᠪᠡᠶᠡᠯᠡᠭᠦᠯᠦᠨ᠎ᠡ᠃      4. ᠨᠥᠬᠦᠪᠥᠷᠢ ᠶᠢᠨ ᠲᠥᠷᠥᠯ ᠵᠦᠢᠯ ᠤᠨ ᠬᠠᠮᠢᠶᠠᠷᠤᠯᠲᠠ  ᠲᠥᠷᠥ ᠶᠢᠨ ᠪᠣᠳᠣᠯᠭ᠎ᠠ ᠶᠢᠨ ᠨᠠᠷᠢᠨ ᠲᠠᠩᠰᠠ ᠶᠢ ᠢᠯᠡ ᠪᠣᠯᠭᠠᠬᠤ᠄ ᠡᠳ᠋ ᠤᠨ ᠵᠠᠰᠠᠭ ᠤᠨ ᠰᠠᠯᠠᠭ᠎ᠠ ᠮᠥᠴᠢᠷ ᠬᠠᠮᠢᠶ᠎ᠠ ᠪᠥᠬᠦᠶ ᠨᠥᠬᠦᠪᠥᠷᠢ ᠶᠢ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠠᠢ ᠬᠠᠮᠲᠤᠷᠠᠨ ᠲᠣᠰ ᠭᠠᠵᠠᠷ ᠣᠷᠣᠨ ᠤ ᠪᠣᠳᠠᠲᠠᠶ ᠬᠡᠷᠡᠭᠵᠢᠭᠦᠯᠦᠭᠰᠡᠨ ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢᠨ ᠨᠠᠷᠢᠨ ᠲᠠᠩᠰᠠ ᠶᠢ ᠢᠯᠡ ᠪᠣᠯᠭᠠᠬᠤ ᠶᠢᠨ ᠬᠠᠮᠲᠤ ᠬᠥᠳᠡᠯᠦᠩᠭᠦᠶ ᠬᠠᠮᠢᠶᠠᠷᠤᠯᠲᠠ ᠶᠢ ᠬᠡᠷᠡᠭᠵᠢᠭᠦᠯᠦᠨ᠎ᠡ᠃  ᠮᠡᠳᠡᠭᠡ ᠵᠠᠩᠭᠢ ᠶᠢ ᠢᠯᠡ ᠪᠣᠯᠭᠠᠬᠤ ᠲᠣᠭᠲᠠᠴᠠ᠄ ᠬᠠᠮᠢᠶ᠎ᠠ ᠪᠥᠬᠦᠶ ᠪᠠᠶᠢᠭᠤᠯᠭ᠎ᠠ ᠨᠢᠭᠡᠴᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠯᠠᠨ ᠳᠤ ᠠᠰᠢᠭ ᠬᠦᠷᠲᠡᠭᠡᠬᠦ ᠡᠳ᠋ ᠤᠨ ᠵᠠᠰᠠᠭ ᠤᠨ ᠨᠥᠬᠦᠪᠥᠷᠢ ᠶᠢᠨ ᠪᠠᠯᠠ ᠮᠥᠩᠭᠦ ᠶᠢ ᠰᠦᠯᠵᠢᠶ᠎ᠡ ᠵᠡᠷᠭᠡ ᠠᠷᠭ᠎ᠠ ᠵᠠᠮ ᠢᠶᠠᠷ ᠳᠠᠮᠵᠢᠭᠤᠯᠤᠨ᠂ ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢᠨ ᠮᠡᠳᠡᠭᠡ ᠵᠠᠩᠭᠢ ᠶᠢ ᠪᠥᠬᠦ ᠲᠠᠯ᠎ᠠ ᠪᠠᠷ᠂ ᠣᠨᠣᠪᠴᠢᠲᠠᠶ᠂ ᠴᠠᠭ ᠲᠤᠬᠠᠶ ᠳᠤᠨᠢ ᠢᠯᠡ ᠪᠣᠯᠭᠠᠵᠤ᠂ ᠨᠡᠶᠢᠭᠡᠮ ᠤᠨ ᠬᠢᠨᠠᠯᠲᠠ ᠶᠢ ᠬᠦᠯᠢᠶᠡᠨ᠎ᠠ᠃  ᠬᠥᠳᠡᠯᠦᠩᠭᠦᠶ ᠲᠣᠬᠢᠷᠠᠭᠤᠯᠤᠯᠲᠠ᠄ ᠨᠥᠬᠦᠪᠥᠷᠢ ᠶᠢᠨ ᠲᠥᠷᠥ ᠶᠢᠨ ᠪᠣᠳᠣᠯᠭ᠎ᠠ ᠳᠤ ᠬᠤᠪᠢᠷᠠᠯᠳᠠ ᠭᠠᠷᠬᠤ ᠪᠤᠶᠤ ᠲᠠᠷᠬᠠᠭᠠᠬᠤ ᠶᠢ ᠵᠣᠭᠰᠣᠭᠠᠬᠤ ᠦᠶ᠎ᠡ ᠳᠤ ᠴᠠᠭ ᠲᠤᠬᠠᠢ ᠳᠤᠨᠢ ᠰᠢᠨᠡᠳᠬᠡᠬᠦ ᠶᠢᠨ ᠬᠠᠮᠲᠤ ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢᠨ ᠠᠭᠤᠯᠭ᠎ᠠ ᠶᠢ ᠥᠷᠭᠡᠨ ᠢᠶᠠᠷ ᠤᠬᠠᠭᠤᠯᠤᠨ᠎ᠠ᠃  ᠦᠨᠳᠦᠰᠦᠨ ᠱᠠᠲᠤᠨ ᠤ ᠵᠠᠰᠠᠯᠲᠠ ᠶᠢᠨ ᠬᠠᠮᠲᠤᠷᠠᠨ ᠬᠥᠳᠡᠯᠦᠯᠴᠡᠬᠦ ᠲᠤᠭᠳᠠᠴᠠ᠄ ᠨᠥᠬᠦᠪᠥᠷᠢ ᠶᠢᠨ ᠮᠡᠳᠡᠭᠡ ᠵᠠᠩᠭᠢ ᠶᠢ ᠢᠯᠡ ᠪᠣᠯᠭᠠᠬᠤ ᠶᠢ ᠬᠥᠳᠡᠭᠡ ᠲᠣᠰᠬᠤᠨ ᠪᠠ ᠨᠡᠶᠢᠭᠡᠮ ᠲᠣᠭᠤᠷᠢᠭ ᠲᠡᠶᠢᠰᠢ ᠤᠷᠲᠤᠳᠬᠠᠬᠤ ᠶᠢ ᠠᠬᠢᠭᠤᠯᠵᠤ᠂ ᠰᠤᠮᠤ ᠰᠢᠶᠠᠩ ᠪᠠᠯᠭᠠᠰᠤ ᠶᠢᠨ ᠨᠥᠬᠦᠪᠥᠷᠢ ᠶᠢᠨ ᠨᠠᠷᠢᠨ ᠲᠠᠩᠰᠠ ᠶᠢᠨ ᠮᠡᠳᠡᠭᠡ ᠵᠠᠩᠭᠢ ᠶᠢ ᠢᠯᠡ ᠪᠣᠯᠭᠠᠬᠤ ᠲᠣᠭᠲᠠᠴᠠ ᠶᠢ ᠪᠦᠷᠢᠨᠰᠢᠭᠦᠯᠵᠦ᠂  ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠤ ᠶᠠᠪᠤᠳᠠᠯ ᠢ ᠢᠯᠡ ᠪᠣᠯᠭᠠᠬᠤ ᠪᠠ ᠨᠥᠬᠦᠪᠥᠷᠢ ᠶᠢᠨ ᠮᠡᠳᠡᠭᠡ ᠵᠠᠩᠭᠢ ᠶᠢ ᠢᠯᠡ ᠪᠣᠯᠭᠠᠬᠤ ᠶᠢ ᠪᠦᠲᠦᠮᠵᠢᠲᠡᠶ ᠵᠣᠯᠭᠠᠭᠤᠯᠬᠤ ᠶᠢ ᠦᠨᠡᠨ ᠬᠦ ᠪᠠᠲᠤᠯᠠᠨ᠎ᠠ᠃   5. ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ     ᠡᠳ᠋ ᠤᠨ ᠵᠠᠰᠠᠭ ᠤᠨ ᠰᠠᠯᠠᠭ᠎ᠠ ᠮᠥᠴᠢᠷ᠄ ᠶᠡᠷᠦᠩᠬᠡᠶᠢᠯᠡᠨ ᠵᠣᠬᠢᠴᠠᠭᠤᠯᠬᠤ ᠠᠵᠢᠯ ᠢ ᠬᠠᠷᠢᠭᠤᠴᠠᠵᠤ᠂ ᠨᠥᠬᠦᠪᠥᠷᠢ ᠶᠢᠨ ᠲᠥᠷᠥ ᠶᠢᠨ ᠪᠣᠳᠣᠯᠭ᠎ᠠ ᠪᠠ ᠪᠠᠯᠠ ᠮᠥᠩᠭᠦ ᠶᠢ ᠡᠮᠬᠢᠯᠡᠨ ᠨᠡᠶᠢᠯᠡᠭᠦᠯᠬᠦ ᠶᠢ ᠲᠦᠷᠦᠭᠦᠯᠡᠨ ᠨᠢᠭᠡᠳᠦᠯᠲᠡᠶ ᠲᠥᠯᠥᠪᠯᠡᠵᠦ᠂ ᠨᠥᠬᠦᠪᠥᠷᠢ ᠶᠢᠨ ᠪᠠᠯᠠ ᠮᠥᠩᠭᠦ ᠶᠢ ᠲᠣᠭᠲᠠᠭᠠᠯ ᠶᠣᠰᠣᠭᠠᠷ ᠪᠠᠭᠤᠯᠭᠠᠬᠤ ᠶᠢᠨ ᠬᠠᠮᠲᠤ ᠬᠠᠮᠢᠶ᠎ᠠ ᠪᠥᠬᠦᠶ ᠮᠡᠳᠡᠭᠡ ᠵᠠᠩᠭᠢ ᠶᠢ ᠢᠯᠡ ᠪᠣᠯᠭᠠᠵᠤ᠂ ︽ᠪᠦᠷᠢᠨ ᠴᠢᠳᠠᠮᠵᠢᠳᠤ ᠺᠠᠷᠲ︾ ᠶᠢ ᠲᠠᠷᠬᠠᠭᠠᠭᠰᠠᠨ ᠪᠠᠶᠢᠳᠠᠯ ᠢ ᠬᠤᠷᠢᠶᠠᠩᠭᠤᠶᠢᠯᠠᠬᠤ ᠪᠠ ᠲᠣᠭᠲᠠᠮᠠᠯ ᠬᠤᠭᠤᠴᠠᠭ᠎ᠠ ᠲᠠᠢ ᠪᠠᠷ ᠵᠠᠷᠯᠠᠨ ᠮᠡᠳᠡᠭᠳᠡᠨ᠎ᠡ᠃   ᠨᠥᠬᠦᠪᠥᠷᠢ ᠶᠢ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠄ ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠪᠠ ᠪᠠᠯᠠ ᠮᠥᠩᠭᠦ ᠶᠢᠨ ᠬᠠᠮᠢᠶᠠᠷᠤᠯᠲᠠ ᠶᠢ ᠬᠠᠷᠢᠭᠤᠴᠠᠵᠤ᠂ ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢᠨ ᠨᠠᠷᠢᠨ  ᠲᠠᠩᠰᠠ ᠶᠢ ᠬᠥᠳᠡᠯᠦᠩᠭᠦᠶ ᠪᠠᠷ ᠳᠣᠭᠢᠷᠠᠭᠤᠯᠤᠨ᠂ ᠰᠠᠭᠤᠷᠢ ᠮᠡᠳᠡᠭᠡ ᠵᠠᠩᠭᠢ ᠶᠢ ᠴᠠᠭ ᠲᠤᠬᠠᠶ ᠳᠤᠨᠢ ᠬᠠᠩᠭᠠᠵᠤ᠂ ᠨᠥᠬᠦᠪᠥᠷᠢ ᠶᠢᠨ ᠪᠠᠯᠠ ᠮᠥᠩᠭᠦ ᠣᠯᠭᠤᠬᠤ ᠶᠢᠨ ᠦᠨᠡᠨ ᠪᠣᠳᠠᠲᠠᠶ᠂ ᠪᠦᠷᠢᠨ ᠪᠦᠲᠦᠨ᠂ ᠣᠨᠣᠪᠴᠢᠲᠠᠶ ᠪᠠᠶᠢᠬᠤ ᠶᠢ ᠦᠨᠡᠨ ᠬᠦ ᠪᠠᠲᠤᠯᠠᠨ᠎ᠠ᠃   ᠰᠤᠮᠤ ᠰᠢᠶᠠᠩ ᠪᠠᠯᠭᠠᠰᠤ᠄ ᠬᠠᠷᠢᠶ᠎ᠠ ᠣᠷᠣᠨ ᠤ ᠳᠣᠲᠣᠷᠠᠬᠢ ︽ᠪᠦᠷᠢᠨ ᠴᠢᠳᠠᠮᠵᠢᠳᠤ ᠺᠠᠷᠲ︾ ᠲᠠᠷᠬᠠᠭᠠᠬᠤ ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠵᠤ᠂ ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢ ᠤᠬᠠᠭᠤᠯᠬᠤ᠂ ᠬᠠᠷᠢᠭᠤᠯᠳᠡ ᠦᠭᠬᠦ᠂ ᠢᠯᠡ ᠨᠡᠶᠢᠲᠡᠯᠡᠬᠦ ᠶᠢ ᠬᠠᠷᠢᠭᠤᠴᠠᠵᠤ᠂ ᠨᠥᠬᠦᠪᠥᠷᠢ ᠣᠯᠭᠤᠬᠤ ᠡᠲᠡᠭᠡᠳ ᠤᠨ ᠮᠡᠳᠡᠭᠡ ᠵᠠᠩᠭᠢ ᠶᠢ ᠬᠠᠷᠭᠤᠭᠤᠯᠤᠨ ᠪᠠᠶᠢᠴᠠᠭᠠᠵᠤ᠂ ᠨᠥᠬᠦᠪᠥᠷᠢ ᠶᠢᠨ ᠪᠡᠯᠡ ᠮᠥᠩᠭᠦ ᠶᠢ ᠰᠢᠯᠵᠢᠬᠦᠯᠤᠨ ᠵᠠᠷᠤᠬᠤ᠂  ᠰᠠᠭᠤᠯᠭᠠᠵᠤ ︵ᠦᠯᠡᠳᠡᠭᠡᠵᠤ︶ ᠠᠪᠬᠤ ᠪᠠ ᠮᠡᠭᠡᠯᠡᠨ ᠠᠪᠬᠤ ᠠᠴᠠ ᠵᠠᠶᠢᠯᠠᠰᠬᠢᠨ᠎ᠡ᠃  ᠣᠷᠣᠯᠠᠨ ᠭᠦᠢᠴᠡᠳᠬᠡᠬᠦ ᠮᠥᠩᠭᠦᠨ ᠭᠦᠢᠯᠭᠡᠭᠡᠨ ᠤ ᠪᠠᠶᠢᠭᠤᠯᠤᠮᠵᠢ᠄ ᠨᠥᠬᠦᠪᠥᠷᠢ ᠶᠢᠨ ᠪᠡᠯᠡ ᠮᠥᠩᠭᠦ ᠶᠢ ᠣᠷᠣᠯᠠᠨ  ᠲᠠᠷᠬᠠᠭᠠᠬᠤ ᠠᠵᠢᠯ ᠢ ᠵᠢᠷᠤᠮᠵᠢᠯ ᠲᠠᠢ ᠡᠮᠬᠢ ᠵᠢᠷᠤᠮ ᠲᠠᠢ ᠰᠠᠶᠢᠲᠤᠷ ᠬᠢᠵᠦ᠂ ᠲᠠᠷᠬᠠᠭᠠᠯᠳᠠ ᠶᠢᠨ ᠴᠠᠭ ᠲᠤᠬᠠᠶᠢᠳᠤ ᠴᠢᠨᠠᠷ ᠪᠠ ᠣᠨᠣᠪᠴᠢᠲᠤ ᠴᠢᠨᠠᠷ ᠢ ᠳᠡᠭᠡᠭᠰᠢᠯᠡᠭᠦᠯᠦᠨ᠂ ᠳᠥᠭᠦᠮ ᠳᠥᠲᠡ ᠪᠠᠶᠢᠴᠠᠭᠠᠨ ᠯᠠᠪᠯᠠᠬᠤ ᠪᠠ ᠵᠣᠭᠤᠰ ᠭᠠᠷᠭᠠᠨ ᠠᠪᠬᠤ ᠠᠷᠭ᠎ᠠ ᠵᠠᠮ ᠢ ᠬᠠᠩᠭᠠᠵᠤ᠂ ᠵᠠᠰᠠᠭ ᠤᠨ ᠣᠷᠳᠣᠨ ᠤ ᠬᠢᠨᠠᠯᠲᠠ ᠬᠠᠮᠢᠶᠠᠷᠤᠯᠲᠠ ᠶᠢ ᠳᠠᠭᠠᠵᠤ ᠂ ᠬᠢᠨᠠᠨ ᠪᠣᠳᠣᠬᠤ᠂ ᠬᠢᠨᠠᠨ ᠪᠠᠶᠢᠴᠠᠭᠠᠬᠤ ᠰᠠᠯᠠᠭ᠎ᠠ ᠮᠥᠴᠢᠷ ᠤᠨ ᠠᠵᠢᠯ ᠳᠤ ᠢᠳᠡᠪᠬᠢᠲᠡᠶ ᠬᠠᠮᠵᠢᠯᠴᠠᠨ᠎ᠠ᠃        6. ᠪᠡᠯᠡ ᠮᠥᠩᠭᠦ ᠶᠢᠨ ᠬᠠᠮᠢᠶᠠᠷᠤᠯᠳᠠ ᠪᠠ ᠲᠠᠷᠬᠠᠭᠠᠯᠳᠠ  ᠰᠠᠭᠤᠷᠢ ᠮᠡᠳᠡᠭᠡ ᠵᠠᠩᠭᠢ ᠶᠢᠨ ᠬᠠᠮᠢᠶᠠᠷᠤᠯᠲᠠ᠄ ᠰᠤᠮᠤ ᠰᠢᠶᠠᠩ ᠪᠠᠯᠭᠠᠰᠤ ᠨᠥᠬᠦᠪᠥᠷᠢ ᠬᠦᠷᠳᠡᠬᠦ ᠡᠲᠡᠭᠡᠳ ᠤᠨ ᠰᠠᠭᠤᠷᠢ ᠮᠡᠳᠡᠭᠡ ᠵᠠᠩᠭᠢ ᠶᠢᠨ ᠡᠳᠦᠷ ᠲᠤᠲᠤᠮ ᠤᠨ ᠬᠠᠮᠢᠶᠠᠷᠤᠯᠲᠠ ᠶᠢ ᠬᠠᠷᠢᠭᠤᠴᠠᠵᠤ᠂ ᠡᠳ᠋ ᠤᠨ ᠵᠠᠰᠠᠭ ᠤᠨ ᠠᠷᠠᠳ ᠤᠨ ᠠᠮᠢᠳᠤᠷᠠᠯ ᠤᠨ ᠲᠠᠪᠴᠠᠩ ᠳᠤ ᠮᠡᠳᠡᠭᠡ ᠵᠠᠩᠭᠢ ᠶᠢᠨ ᠬᠥᠮᠥᠷᠭᠡ ᠪᠠᠶᠢᠭᠤᠯᠵᠤ᠂ ᠨᠥᠬᠦᠪᠥᠷᠢ ᠬᠦᠷᠳᠡᠬᠦ ᠡᠲᠡᠭᠡᠳ ᠢ ᠰᠢᠨ᠎ᠡ ᠪᠠᠷ  ᠨᠡᠮᠡᠭᠳᠡᠬᠦᠯᠬᠦ ᠦᠶ᠎ᠡ ᠳᠤ ᠳᠣᠲᠣᠭᠠᠳᠤ ᠶᠢ ᠬᠠᠮᠠᠭᠠᠯᠠᠬᠤ ᠰᠦᠯᠵᠢᠶ᠎ᠡ ᠪᠠᠷ ᠬᠠᠷᠭᠤᠭᠤᠯᠤᠨ ᠪᠠᠶᠢᠴᠠᠭᠠᠨ᠎ᠠ᠃    ᠨᠠᠷᠢᠨ ᠲᠠᠩᠰᠠ ᠶᠢ ᠲᠠᠩᠰᠠᠯᠠᠨ ᠲᠠᠷᠬᠠᠭᠠᠨ᠎ᠠ᠄ ᠨᠥᠬᠦᠪᠥᠷᠢ ᠦᠭᠬᠦ ᠲᠥᠷᠥᠯ ᠵᠦᠢᠯ ᠢ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠬᠠᠩᠭᠠᠭᠰᠠᠨ ᠨᠠᠷᠢᠨ ᠲᠠᠩᠰᠠ ᠶᠢ ᠦᠨᠳᠦᠰᠦᠯᠡᠨ ᠲᠣᠰ ᠬᠤᠭᠤᠴᠠᠭᠠᠨ ᠤ ᠲᠠᠷᠬᠠᠭᠠᠬᠤ ᠨᠠᠷᠢᠨ ᠲᠠᠩᠰᠠ ᠶᠢ ᠪᠣᠶ ᠪᠣᠯᠭᠠᠵᠤ᠂ ᠳᠣᠲᠣᠭᠠᠳᠤ ᠶᠢ ᠬᠠᠮᠠᠭᠠᠯᠠᠬᠤ ᠰᠦᠯᠵᠢᠶ᠎ᠡ ᠪᠠᠷ ᠬᠠᠷᠭᠤᠭᠤᠯᠤᠨ ᠪᠠᠶᠢᠴᠠᠭᠠᠬᠤ ᠶᠢᠨ ᠬᠠᠮᠲᠤ ᠵᠣᠭᠤᠰ ᠬᠤᠷᠢᠶᠠᠬᠤ ᠲᠠᠩᠰᠠᠨ ᠡᠷᠦᠬᠡ ᠭᠠᠷᠭᠠᠨ᠎ᠠ᠃ ᠲᠠᠷᠬᠠᠭᠠᠭᠰᠠᠨ ᠦᠭᠡᠢ᠂ ᠪᠤᠷᠤᠭᠤ ᠲᠠᠷᠬᠠᠭᠠᠭᠰᠠᠨ᠂ ᠣᠷᠬᠢᠭᠳᠠᠭᠤᠯᠤᠭᠰᠠᠨ ᠵᠡᠷᠭᠡ ᠪᠠᠶᠢᠳᠠᠯ ᠢ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠴᠠᠭ ᠲᠤᠬᠠᠶ ᠳᠤᠨᠢ ᠬᠠᠷᠢᠭᠤ ᠲᠤᠰᠬᠠᠨ ᠰᠢᠢᠳᠪᠦᠷᠢᠯᠡᠵᠦ᠂ ᠬᠡᠷᠪᠡ ᠵᠣᠭᠤᠰ ᠬᠤᠷᠢᠶᠠᠭᠴᠢ ᠶᠢ ᠲᠣᠬᠢᠷᠠᠭᠤᠯᠬᠤ ᠶᠢᠨ ᠠᠷᠭ᠎ᠠ ᠥᠬᠡᠶ ᠪᠣᠯ 5 ᠠᠵᠢᠯᠯᠠᠬᠤ ᠡᠳᠦᠷ ᠤᠨ ᠳᠣᠲᠣᠷ᠎ᠠ ᠲᠠᠩᠰᠠᠨ ᠡᠷᠦᠬᠡ ᠪᠠᠨ ᠬᠤᠪᠢᠷᠠᠭᠤᠯᠤᠨ᠎ᠠ᠃   7. ᠬᠢᠨᠠᠯᠲᠠ ᠲᠠᠯᠪᠢᠵᠤ ᠬᠠᠮᠢᠶᠠᠷᠬᠤ ᠪᠠ ᠳᠣᠲᠣᠭᠠᠳᠤ ᠡᠵᠡᠮᠰᠢᠯ   ᠲᠣᠭᠲᠠᠮᠠᠯ ᠬᠤᠭᠤᠴᠠᠭ᠎ᠠ ᠲᠠᠢ ᠪᠠᠷ ᠪᠠᠶᠢᠴᠠᠭᠠᠬᠤ ᠲᠣᠭᠲᠠᠴᠠ᠄ ᠡᠯ᠎ᠡ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠤᠳ ᠡᠳ᠋ ᠤᠨ ᠵᠠᠰᠠᠭ ᠤᠨ ᠨᠥᠬᠦᠪᠥᠷᠢ ᠶᠢᠨ ᠪᠡᠯᠡ ᠮᠥᠩᠭᠦ ᠶᠢᠨ ᠬᠠᠮᠢᠶᠠᠷᠤᠯᠲᠠ ᠪᠣᠯᠤᠨ ᠰᠤᠯᠢᠵᠤ ᠦᠭᠬᠦ ᠠᠵᠢᠯ ᠢ ᠴᠢᠬᠤᠯᠠ ᠬᠢᠨᠠᠯᠲᠠ ᠲᠠᠯᠪᠢᠵᠤ ᠪᠠᠶᠢᠴᠠᠭᠠᠬᠤ ᠠᠭᠤᠯᠭ᠎ᠠ ᠳᠠᠭᠠᠨ ᠣᠷᠣᠭᠤᠯᠵᠤ᠂ ᠲᠤᠰᠬᠠᠢ ᠱᠠᠯᠠᠪᠳᠠᠭᠤᠯᠤᠨ ᠪᠠᠶᠢᠴᠠᠭᠠᠯᠳᠠ ᠶᠢ ᠵᠢᠯ ᠪᠦᠷᠢ ᠠᠳᠠᠭ ᠲᠠᠭᠠᠨ ᠨᠢᠭᠡ ᠤᠳᠠᠭ᠎ᠠ ᠥᠷᠨᠢᠭᠦᠯᠤᠨ᠎ᠠ᠃    ᠬᠢᠨᠠᠯᠲᠠ ᠲᠠᠯᠪᠢᠵᠤ ᠪᠠᠶᠢᠴᠠᠭᠠᠬᠤ ᠬᠡᠪᠴᠢᠶ᠎ᠡ᠄ ︽ᠪᠦᠷᠢᠨ ᠴᠢᠳᠠᠮᠵᠢᠳᠤ ᠺᠠᠷᠲ︾ ᠢᠶᠠᠷ ᠲᠠᠷᠬᠠᠭᠠᠭᠰᠠᠨ ᠡᠳ᠋ ᠤᠨ ᠵᠠᠰᠠᠭ ᠤᠨ ᠨᠥᠬᠦᠪᠥᠷᠢ ᠶᠢᠨ ᠪᠡᠯᠡ ᠮᠥᠩᠭᠦ ᠶᠢ ᠴᠥᠮ ᠬᠢᠨᠠᠯᠲᠠ ᠲᠠᠯᠪᠢᠵᠤ ᠪᠠᠶᠢᠴᠠᠭᠠᠬᠤ ᠬᠡᠪᠴᠢᠶᠡᠨ ᠳᠤ ᠣᠷᠣᠭᠤᠯᠤᠨ᠎ᠠ᠃    ᠲᠤᠭ᠎ᠠ ᠪᠠᠷᠢᠮᠲᠠ ᠶᠢ ᠪᠢᠴᠢᠵᠤ ᠣᠷᠣᠭᠤᠯᠬᠤ ᠪᠠ ᠵᠠᠰᠠᠪᠤᠷᠢ ᠣᠷᠣᠭᠤᠯᠬᠤ᠄ ᠨᠥᠬᠦᠪᠥᠷᠢ ᠶᠢ ᠳᠠᠩᠰᠠᠯᠠᠬᠤ ᠦᠶ᠎ᠡ ᠳᠤ ᠤᠷᠢᠳᠴᠢᠯᠠᠨ ᠪᠢᠴᠢᠵᠤ ᠣᠷᠣᠭᠤᠯᠵᠤ ᠪᠣᠯᠬᠤ ᠪᠣᠯᠪᠠᠴᠤ ᠳᠡᠭᠡᠭᠰᠢ ᠮᠡᠳᠡᠭᠦᠯᠵᠦ ᠪᠣᠯᠬᠤ ᠥᠬᠡᠶ᠂ ᠨᠥᠬᠦᠪᠥᠷᠢ ᠶᠢᠨ ᠪᠠᠯᠠ ᠮᠥᠩᠭᠦ ᠶᠢ ᠣᠷᠣᠯᠠᠨ ᠲᠠᠷᠬᠠᠭᠠᠬᠤ ᠡᠷᠦᠬᠡ ᠳᠤ ᠰᠢᠯᠵᠢᠭᠦᠯᠦᠭᠰᠡᠨ ᠤ ᠳᠠᠷᠠᠭ᠎ᠠ ᠳᠠᠬᠢᠨ ᠨᠠᠷᠢᠨ ᠲᠠᠩᠰᠠ ᠶᠢ ᠳᠡᠭᠡᠭᠰᠢ ᠮᠡᠳᠡᠭᠦᠯᠬᠦ ᠵᠡᠷᠭᠡ ᠬᠠᠮᠢᠶ᠎ᠠ ᠪᠥᠬᠦᠶ ᠠᠵᠢᠯ ᠢ ᠬᠢᠨ᠎ᠠ᠃     ᠪᠠᠩᠬᠢ ᠶᠢᠨ ᠺᠠᠷᠲ ᠤᠨ ᠬᠠᠮᠢᠶᠠᠷᠤᠯᠲᠠ᠄ ᠡᠷᠦᠬᠡ ᠪᠠᠷ ᠨᠥᠬᠦᠪᠥᠷᠢ ᠣᠯᠭᠤᠪᠠᠯ ᠡᠷᠦᠬᠡ ᠶᠢᠨ ᠡᠵᠡᠨ ᠳᠤ ᠺᠠᠷᠲ ᠲᠠᠷᠬᠠᠭᠠᠨ ᠦᠭᠴᠤ᠂ ᠲᠤᠰᠬᠠᠢ ᠬᠦᠮᠤᠨ ᠳᠤ ᠨᠦᠬᠦᠪᠤᠷᠢ ᠤᠯᠭᠤᠪᠠᠯ ᠨᠦᠬᠦᠪᠤᠷᠢ ᠤᠯᠭᠤᠬᠤ ᠡᠳᠡᠭᠡᠳ ᠲᠤ ᠺᠠᠷᠲ ᠲᠠᠷᠬᠠᠭᠠᠨ ᠦᠭᠴᠤ᠂  ︽  ᠪᠦᠷᠢᠨ ᠴᠢᠳᠠᠮᠵᠢᠳᠤ ᠺᠠᠷᠲ︾  ᠤᠨ ᠪᠠᠩᠭᠢ ᠶᠢᠨ ᠺᠠᠷᠲ ᠢ ᠵᠠᠪᠠᠯ ᠨᠦᠬᠦᠪᠤᠷᠢ ᠤᠯᠬᠤ ᠡᠳᠡᠭᠡᠳ ᠤᠨ ᠲᠤᠰ ᠬᠦᠮᠤᠨ ᠳᠤᠨᠢ ᠰᠢᠭᠤᠳ ᠤᠯᠭᠤᠨ᠎ᠠ᠃
 
ᠢᠷᠡᠯᠲᠡ᠄ ᠵᠠᠯᠠᠶᠢᠳ ᠬᠤᠰᠢᠭᠤᠨ ᠤ ᠡᠳ᠋ ᠤᠨ ᠵᠠᠰᠠᠭ ᠤᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号