| ᠤᠶᠢᠷ᠎ᠠ ᠶᠢᠨ ᠡᠳᠤᠷ᠂ ᠵᠠᠯᠠᠶᠢᠳ ᠬᠤᠰᠢᠭᠤᠨ ᠤ ᠬᠦᠮᠤᠨ ᠤ ᠬᠦᠴᠤᠨ ᠤ ᠡᠬᠢ ᠪᠠᠶᠠᠯᠢᠭ ᠪᠠ ᠨᠡᠶᠢᠭᠡᠮ ᠤᠨ | ᠪᠠᠳᠤᠯᠠᠪᠤᠷᠢ ᠶᠢᠨ ᠲᠤᠪᠴᠢᠶ᠎ᠠ ᠠᠴᠠ ᠭᠤᠤᠯᠯᠠᠨ ᠡᠷᠬᠢᠯᠡᠵᠤ᠂ ᠬᠤᠰᠢᠭᠤᠨ ᠤ ᠬᠦᠮᠤᠨ ᠤ ᠬᠦᠴᠤᠨ ᠤ ᠡᠬᠢ ᠪᠠᠶᠠᠯᠢᠭ | ᠪᠠ ᠠᠵᠢᠯ ᠤᠯᠭᠤᠬᠤ ᠦᠢᠯᠡᠴᠢᠯᠡᠭᠡᠨ ᠤ ᠲᠦᠪ ᠠᠴᠠ ᠲᠠᠭᠠᠭᠠᠴᠢᠯᠠᠨ ᠡᠷᠬᠢᠯᠡᠭᠰᠡᠨ ᠠᠷᠠᠳ ᠤᠨ ᠡᠵᠡᠩᠨᠡᠯᠳᠠ ᠶᠢᠨ | ᠠᠵᠤ ᠠᠬᠤᠶᠢᠯᠠᠯ ᠤᠨ ᠲᠤᠰᠬᠠᠢ ᠲᠠᠯᠠᠪᠠᠢ ᠠᠵᠢᠯᠳᠠᠨ ᠡᠯᠰᠡᠬᠦ ᠬᠤᠷᠠᠯ ᠨᠠᠮ ᠤᠨ ᠭᠡᠰᠢᠬᠦᠨ ᠤᠯᠠᠨ ᠲᠦᠮᠡᠨ ᠳᠤ | ᠦᠢᠯᠡᠴᠢᠯᠡᠬᠦ ᠲᠦᠪ ᠤᠨ ᠲᠤᠯᠠᠭᠠᠨ ᠨᠡᠶᠢᠭᠡᠮ ᠲᠤᠭᠤᠷᠢᠭ ᠤᠨ ᠠᠵᠢᠯ ᠤᠯᠭᠤᠬᠤ ᠦᠢᠯᠡᠴᠢᠯᠡᠭᠡᠨ ᠤ ᠦᠷᠳᠡᠭᠡ ᠳᠤ | ᠶᠠᠪᠤᠭᠳᠠᠪᠠ᠃ | ᠲᠤᠰ ᠤᠳᠠᠭᠠᠨ ᠤ ᠠᠵᠢᠯᠳᠠᠨ ᠡᠯᠰᠡᠬᠦ ᠬᠤᠷᠠᠯ ᠨᠢ ᠠᠷᠠᠳ ᠤᠨ ᠡᠵᠡᠩᠨᠡᠯᠳᠠ ᠶᠢᠨ ᠠᠵᠤ ᠠᠬᠤᠶᠢᠯᠠᠯ᠂ ᠲᠤᠮᠳᠠ | ᠪᠠᠭ᠎ᠠ ᠠᠵᠤ ᠠᠬᠤᠶᠢᠯᠠᠯ᠂ ᠬᠤᠪᠢ ᠶᠢᠨ ᠡᠵᠡᠩᠨᠡᠯᠳᠠ ᠶᠢᠨ ᠬᠤᠳᠠᠯᠳᠤᠭᠠᠴᠢᠨ ᠡᠷᠤᠬᠡ ᠵᠢᠴᠢ ᠶᠡᠭᠡ ᠰᠤᠷᠭᠠᠭᠤᠯᠢ ᠶᠢᠨ | ᠤᠶᠤᠳᠠᠠ᠂ ᠴᠡᠷᠢᠭ ᠤᠨ ᠠᠯᠪᠠ ᠠᠴᠠ ᠬᠠᠯᠠᠭᠳᠠᠭᠰᠠᠳ᠂ ᠮᠠᠯᠴᠢᠨ ᠲᠠᠷᠢᠶᠠᠴᠢᠨ᠂ ᠶᠠᠳᠠᠭᠤ ᠠᠴᠠ ᠠᠩᠬᠢᠵᠢᠷᠠᠭᠰᠠᠨ | ᠬᠦᠳᠡᠯᠮᠤᠷᠢ ᠬᠦᠴᠤᠨ᠂ ᠲᠠᠩᠰᠠᠯᠠᠨ ᠲᠡᠮᠳᠡᠭᠯᠡᠭᠰᠡᠨ ᠠᠵᠢᠯ ᠠᠯᠳᠠᠭᠰᠠᠳ ᠲᠤ ᠦᠨᠳᠤᠷ ᠦᠷ᠎ᠠ ᠪᠦᠳᠤᠮᠵᠢᠳᠠᠢ | ᠵᠤᠯᠭᠠᠯᠴᠠᠬᠤ ᠲᠠᠪᠴᠠᠩ ᠬᠠᠩᠭᠠᠪᠠ᠃ ᠠᠵᠢᠯᠳᠠᠨ ᠡᠯᠰᠡᠬᠦ ᠬᠤᠷᠠᠯ ᠳᠤ ᠵᠠᠬ᠎ᠠ ᠲᠡᠯᠭᠡᠬᠦᠷ ᠤᠨ ᠪᠤᠷᠤᠯᠠᠭᠤᠯᠭ᠎ᠠ᠂ | ᠰᠢᠭᠤᠳ ᠨᠡᠪᠳᠡᠷᠡᠬᠦᠯᠥᠭᠴᠢ᠂ ᠦᠢᠯᠡᠴᠢᠯᠡᠭᠡ ᠶᠢᠨ ᠠᠵᠢᠯ ᠲᠦᠷᠤᠯ ᠵᠡᠷᠭᠡ ᠡᠯᠪᠡᠭ ᠪᠠᠶᠠᠯᠢᠭ ᠠᠵᠢᠯ ᠤᠨ ᠪᠠᠶᠢᠷᠢ | ᠬᠠᠩᠭᠠᠵᠤ᠂ ᠠᠵᠢᠯ ᠡᠷᠢᠭᠰᠡᠳ ᠠᠵᠤ ᠠᠬᠤᠶᠢᠯᠠᠯ ᠠᠴᠠ ᠠᠵᠢᠯ ᠤᠨ ᠪᠠᠶᠢᠷᠢ ᠶᠢᠨ ᠱᠠᠭᠠᠷᠳᠠᠯᠭ᠎ᠠ᠂ ᠬᠦᠯᠤᠰᠤ | ᠤᠯᠭᠤᠮᠵᠢ ᠵᠡᠷᠭᠡ ᠨᠠᠷᠢᠨ ᠵᠦᠢᠯᠡᠰ ᠢ ᠦᠢᠯᠠᠭᠠᠪᠠ᠃ | ︽ᠲᠤᠰ ᠤᠳᠠᠭᠠᠨ ᠤ ᠠᠵᠢᠯᠳᠠᠨ ᠡᠯᠰᠡᠬᠦ ᠬᠤᠷᠠᠯ ᠳᠤ ᠤᠯᠠᠨ ᠠᠵᠤ ᠠᠬᠤᠶᠢᠯᠠᠯ ᠠᠴᠠ ᠬᠠᠷᠢᠯᠴᠠᠬᠤ ᠲᠠᠪᠴᠠᠩ | ᠬᠠᠩᠭᠠᠵᠤ᠂ ᠪᠢ ᠰᠠᠨᠠᠭᠠᠨ ᠳᠠᠭᠠᠨ ᠲᠤᠬᠢᠷᠠᠭᠰᠠᠨ ᠠᠵᠢᠯ ᠤᠯᠬᠤ ᠶᠢ ᠬᠦᠰᠡᠵᠤ ᠪᠤᠢ︾ ᠭᠡᠵᠤ ᠵᠠᠯᠠᠶᠢᠳ | ᠬᠤᠰᠢᠭᠤᠨ ᠤ ᠨᠠᠮ ᠤᠨ ᠭᠡᠰᠢᠬᠦᠨ ᠤᠯᠠᠨ ᠲᠦᠮᠡᠨ ᠳᠤ ᠦᠢᠯᠡᠴᠢᠯᠡᠬᠦ ᠲᠦᠪ ᠤᠨ ᠲᠤᠯᠠᠭᠠᠨ ᠨᠡᠶᠢᠭᠡᠮ | ᠲᠤᠭᠤᠷᠢᠭ ᠤᠨ ᠰᠠᠭᠤᠭᠠᠯᠢ ᠠᠷᠠᠳ ᡁᠢ ᠬᠤᠢ ᠶᠠᠷᠢᠨ᠎ᠠ᠃ | ᠪᠦᠷᠢᠳᠭᠡᠯ ᠢ ᠦᠨᠳᠤᠰᠤᠯᠡᠪᠡᠯ᠂ ᠠᠵᠢᠯᠳᠠᠨ ᠡᠯᠰᠡᠬᠦ ᠬᠤᠷᠠᠯ ᠤᠨ ᠲᠤᠬᠠᠢ ᠶᠢᠨ ᠲᠠᠯᠠᠪᠠᠢ ᠳᠤ 15 ᠠᠷᠠᠳ ᠤᠨ | ᠡᠵᠡᠩᠨᠡᠯᠳᠠ ᠶᠢᠨ ᠠᠵᠤ ᠠᠬᠤᠶᠢᠯᠠᠯ ᠠᠴᠠ 221 ᠠᠵᠢᠯ ᠤᠨ ᠪᠠᠶᠢᠷᠢ ᠬᠠᠩᠭᠠᠵᠤ᠂ ᠨᠡᠶᠢᠳᠠ 500 ᠭᠠᠷᠤᠢ ᠬᠤᠪᠢ | ᠮᠠᠲ᠋ᠧᠷᠢᠶᠠᠯ ᠲᠠᠷᠬᠠᠭᠠᠪᠠ᠃ ᠠᠷᠠᠳ ᠤᠨ ᠡᠵᠡᠩᠨᠡᠯᠳᠠ ᠶᠢᠨ ᠠᠵᠤ ᠠᠬᠤᠶᠢᠯᠠᠯ ᠤᠨ ᠲᠤᠰᠬᠠᠢ ᠲᠠᠯᠠᠪᠠᠢ ᠠᠵᠢᠯᠳᠠᠨ | ᠡᠯᠰᠡᠬᠦ ᠬᠤᠷᠠᠯ ᠡᠷᠬᠢᠯᠡᠭᠰᠡᠨ ᠨᠢ ᠵᠠᠯᠠᠶᠢᠳ ᠬᠤᠰᠢᠭᠤᠨ ᠤ ᠠᠵᠢᠯ ᠤᠯᠭᠤᠯᠳᠠ ᠶᠢ ᠠᠬᠢᠭᠤᠯᠬᠤ ᠪᠠ ᠠᠵᠤ | ᠠᠬᠤᠶᠢᠯᠠᠯ ᠳᠤ ᠦᠢᠯᠡᠴᠢᠯᠡᠬᠦ ᠲᠠᠯ᠎ᠠ ᠶᠢ ᠪᠠᠳᠤᠳᠠᠢ ᠠᠬᠢᠭᠤᠯᠵᠤ᠂ ᠠᠷᠠᠳ ᠤᠨ ᠡᠵᠡᠩᠨᠡᠯᠳᠠ ᠶᠢᠨ ᠠᠵᠤ | ᠠᠬᠤᠶᠢᠯᠠᠯ ᠤᠨ ᠴᠢᠨᠠᠷ ᠰᠠᠶᠢᠳᠠᠢ ᠬᠦᠭᠵᠢᠯᠳᠠ ᠶᠢ ᠠᠬᠢᠭᠤᠯᠪᠠ᠃ | ︵ᠯᠦᠸᠧ ᠮᠧᠩ ᠹᠧᠩ ᠯᠦᠩ︶ |