ᠵᠠᠯᠠᠭᠤᠴᠤᠳ ᠪᠠᠭᠠᠴᠤᠳ ᠢ ᠬᠠᠯᠠᠮᠵᠢᠯᠠᠨ ᠡᠷᠡᠬᠦᠯ ᠰᠠᠷᠠᠭᠤᠯ ᠢᠶᠠᠷ ᠦᠰᠤᠨ ᠪᠤᠶᠢᠵᠢᠬᠤ ᠶᠢ ᠠᠬᠢᠭᠤᠯᠤᠨ᠎ᠠ
ᠨᠡᠶᠢᠲᠡᠯᠡᠭᠰᠡᠨ ᠴᠠᠭ᠄
2025/6/20
        ᠡᠨᠡ ᠬᠡᠳᠦᠨ ᠡᠳᠦᠷ᠂ ᠬᠢᠨᠭ᠍ᠭᠠᠨ ᠠᠶᠢᠮᠠᠬ ᠲᠤ ᠬᠤᠪᠢᠰᠬᠠᠯ ᠤᠨ ᠤᠳᠤᠮᠰᠢᠯ ᠢ ᠤᠯᠠᠮᠵᠢᠯᠠᠨ ᠵᠠᠯᠭᠠᠮᠵᠢᠯᠠᠬᠤ ᠪᠠᠷ ᠰᠠᠭᠤᠷᠢ ᠪᠣᠯᠭᠠᠭᠰᠠᠨ ᠵᠠᠯᠠᠭᠤᠴᠤᠳ ᠪᠠᠭᠠᠴᠤᠳ ᠢ ᠬᠥᠮᠦᠵᠢᠭᠦᠯᠬᠦ ᠦᠢᠯᠡᠳᠦᠯᠭᠡ ᠶᠢᠨ ᠠᠵᠢᠯᠯᠠᠭ᠎ᠠ ᠶᠠᠬ ᠢᠳᠡ ᠬᠦᠭ ᠲᠠᠢ ᠶᠠᠪᠤᠭᠳᠠᠵᠦ ᠡᠬᠢᠯᠡᠵᠡᠢ᠃ ᠡᠨᠡ ᠨᠢ ᠬᠢᠩᠭᠠᠨ ᠠᠶᠢᠮᠠᠭ ᠤᠨ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ ᠵᠥᠪᠯᠡᠯ ︽ᠬᠤᠪᠢᠰᠬᠠᠯ ᠤᠨ ᠤᠳᠤᠮᠰᠢᠯ ᠢ ᠵᠠᠯᠭᠠᠮᠵᠢᠯᠠᠬᠤ᠂ ᠶᠣᠰᠣ ᠰᠤᠷᠲᠠᠬᠤᠨ ᠢᠶᠠᠷ ᠬᠥᠮᠦᠨ ᠢ ᠬᠥᠮᠦᠵᠢᠭᠦᠯᠬᠦ᠂ ᠵᠠᠯᠠᠭᠤᠴᠤᠳ ᠪᠠᠭᠠᠴᠤᠳ ᠤᠨ ᠦᠰᠦᠨ ᠪᠤᠶᠢᠵᠢᠯᠲᠠ ᠶᠢ ᠬᠠᠯᠠᠮᠵᠢᠯᠠᠬᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠬᠴᠠᠯᠠᠬᠤ︾᠎ ᠪᠠᠷ ᠭᠤᠣᠯ ᠪᠣᠯᠭᠠᠨ᠂ ᠦᠵᠡᠯ ᠰᠠᠨᠠᠭ᠎ᠠ ᠪᠠᠷ ᠬᠦᠳᠦᠯᠦᠨ ᠳᠠᠭᠠᠭᠤᠯᠬᠤ᠂ ᠨᠠᠮ ᠤᠨ ᠪᠠᠶᠢᠭᠤᠯᠤᠯᠲᠠ ᠶᠢ ᠪᠠᠲᠤᠯᠠᠬᠤ᠂ ᠬᠤᠪᠢᠰᠬᠠᠯ ᠤᠨ ᠤᠯᠠᠮᠵᠢᠯᠠᠯ᠂ ᠬᠠᠯᠠᠮᠵᠢᠯᠠᠨ ᠬᠠᠶᠢᠷᠠᠯᠠᠵᠤ ᠬᠠᠪᠰᠤᠷᠤᠨ ᠲᠡᠳᠬᠦᠬᠦ ︽ᠲᠦᠷᠪᠡ ᠶᠢ ᠨᠢᠭᠡ ᠴᠤᠬᠴᠠᠵᠢᠭᠤᠯᠬᠤ︾ ᠠᠵᠢᠯ ᠤᠨ ᠰᠢᠰᠲ᠋ᠧᠮ ᠢ ᠪᠠᠶᠢᠭᠤᠯᠵᠤ᠂ ᠳᠤᠬᠠᠢ ᠶᠢᠨ ᠭᠠᠵᠠᠷ ᠣᠷᠣᠨ ᠤ ᠵᠠᠯᠠᠭᠤᠴᠤᠳ ᠪᠠᠭᠠᠴᠤᠳ ᠤᠨ ᠦᠬᠡᠳᠡ ᠡᠰᠡᠷᠡᠭ ᠦᠰᠦᠨ ᠪᠤᠶᠢᠵᠢᠵᠤ ᠴᠢᠳᠠᠪᠤᠷᠢᠲᠠᠨ ᠪᠣᠯᠬᠤ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠵᠦ ᠪᠠᠶᠢᠭ᠎ᠠ ᠲᠤᠬᠠᠢ ᠪᠤᠳᠠᠳᠤ ᠲᠦᠷᠰᠤᠯᠡᠯ ᠪᠤᠯᠤᠨ᠎ᠠ᠃        ᠨᠠᠮ ᠤᠨ ᠪᠠᠶᠢᠭᠤᠯᠤᠯᠲᠠ ᠶᠢᠨ ᠬᠥᠲᠥᠯᠥᠨ ᠳᠠᠭᠠᠭᠤᠯᠬᠤ ᠦᠢᠯᠡᠳᠤᠯ ᠢ ᠪᠠᠳᠠᠷᠠᠭᠤᠯᠤᠨ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠳᠤ ᠠᠮᠢᠵᠢᠷᠠᠯ ᠤᠨ ᠬᠦᠴᠦᠨ ᠨᠡᠮᠡᠷᠢᠯᠡᠨ᠎ᠡ        ᠬᠢᠩᠭᠠᠨ ᠠᠶᠢᠮᠠᠭ ᠤᠨ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ ᠵᠥᠪᠯᠡᠯ ᠪᠦᠷᠢᠯᠳᠦᠬᠦᠨ ᠨᠢᠭᠡᠴᠢ ᠶᠢᠨ ᠬᠠᠮᠲᠤᠷᠠᠭᠰᠠᠨ ᠬᠤᠷᠠᠯ ᠬᠤᠷᠠᠯᠳᠤᠭᠤᠯᠬᠤ ᠪᠠᠷ ᠳᠠᠮᠵᠢᠭᠤᠯᠤᠨ᠂ ᠡᠯ᠎ᠡ ᠪᠦᠷᠢᠯᠳᠦᠬᠦᠨ ᠨᠢᠭᠡᠴᠢ ᠶᠢᠨ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠬᠠᠮᠳᠦ ᠪᠠᠷ ᠠᠳᠬᠤᠵᠤ ᠬᠠᠮᠲᠤ ᠪᠠᠷ ᠬᠠᠮᠢᠶᠠᠷᠬᠤ ᠠᠵᠢᠯ ᠤᠨ ᠪᠠᠶᠢᠷᠢᠰᠢᠯ ᠢ ᠪᠣᠶ ᠪᠣᠯᠭᠠᠬᠰᠠᠨ ᠪᠠᠶᠢᠨ᠎ᠠ᠃ ᠬᠢᠩᠭᠠᠨ ᠠᠶᠢᠮᠠᠭ ᠤᠨ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ ᠵᠥᠪᠯᠡᠯ ᠤᠨ ᠬᠢᠨ ᠠᠶᠢᠮᠠᠭ ᠤᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ᠂ ᠠᠶᠢᠮᠠᠭ ᠤᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠲᠠᠢ ᠬᠠᠮᠲᠤᠷᠠᠨ ᠮᠡᠳᠡᠭᠳᠡᠯ ᠳᠠᠷᠤᠮᠠᠯᠯᠠᠨ ᠲᠠᠷᠬᠠᠭᠠᠵᠤ᠂ ︽ᠲᠠᠪᠤᠨ ᠠᠬᠠᠮᠠᠳ︾᠎ ᠤᠨ ᠪᠣᠯᠪᠠᠰᠤᠷᠠᠯ ᠢ ᠨᠠᠮ ᠤᠨ ᠰᠤᠷᠭᠠᠭᠤᠯᠢ ᠶᠢᠨ ᠵᠢᠭᠠᠨ ᠰᠤᠷᠭᠠᠯᠲᠠ ᠶᠢᠨ ᠲᠥᠯᠥᠪᠯᠡᠭᠡ ᠳᠤ ᠣᠷᠣᠭᠤᠯᠵᠤ᠂ ᠪᠠᠶᠢᠩᠭᠤᠵᠢᠭᠰᠠᠨ᠂ ᠣᠷᠳᠣ ᠬᠤᠭᠤᠴᠠᠭᠠᠨ ᠤ ᠪᠦᠲᠦᠮᠵᠢᠲᠡᠶ ᠪᠣᠯᠪᠠᠰᠤᠷᠠᠯ ᠤᠨ ᠲᠣᠭᠲᠠᠴᠠ ᠶᠢ ᠪᠠᠶᠢᠭᠤᠯᠵᠤ᠂ ︽ᠲᠠᠪᠤᠨ ᠠᠬᠠᠮᠠᠳ︾᠎ ᠤᠨ ᠡᠩᠨᠡᠭᠡ ᠶᠢᠨ ᠪᠠᠶᠢᠭᠤᠯᠤᠯᠲᠠ ᠳᠤ ᠬᠦᠴᠦᠲᠡᠶ ᠳᠡᠮᠵᠢᠯᠭᠡ ᠬᠠᠩᠭᠠᠪᠠ᠃        ᠬᠤᠪᠢᠰᠬᠠᠯᠳᠦ ᠬᠦᠮᠦᠵᠢᠯ ᠨᠢ ᠵᠠᠯᠠᠭᠤᠴᠤᠳ ᠪᠠᠭᠠᠴᠤᠳ ᠤᠨ ᠦᠰᠦᠨ ᠪᠤᠶᠢᠵᠢᠯᠳᠠ ᠶᠢᠨ ᠵᠠᠮ ᠢ ᠰᠠᠷᠠᠭᠤᠯᠵᠢᠭᠤᠯᠤᠨ᠎ᠠ        ︽1947 ᠣᠨ ᠤ 4 ᠰᠠᠷ᠎ᠠ ᠶᠢᠨ 23᠎ ᠤ ᠡᠳᠦᠷ ᠠᠴᠠ 5 ᠰᠠᠷ᠎ᠠ ᠶᠢᠨ 2᠎ ᠤᠨ ᠡᠳᠦᠷ ᠪᠣᠯᠲᠠᠯ᠎ᠠ᠂ ᠥᠪᠥᠷ ᠮᠣᠩᠭᠤᠯ ᠤᠨ ᠠᠩᠬᠠᠳᠤᠭᠠᠷ ᠤᠳᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠡ᠊ᠨᠳᠡ ᠬᠤᠷᠠᠯᠳᠤᠵᠠᠢ ᠁︾ ᠭᠡᠵᠦ ︽5 · 1︾ ᠬᠤᠷᠠᠯ ᠤᠨ ᠭᠡᠷ ᠲᠤ ᠤᠯᠠᠭᠠᠨᠬᠤᠲᠠ ᠶᠢᠨ ᠾᠧ ᠫᠢᠩ ᠨᠢᠭᠡᠳᠦᠭᠡᠷ ᠪᠠᠭ᠎ᠠ ᠰᠤᠷᠭᠠᠭᠤᠯᠢ ᠶᠢᠨ ︽ᠪᠢᠴᠢᠬᠠᠨ ᠬᠤᠪᠢᠰᠬᠠᠯ ᠤᠨ ᠲᠠᠶᠢᠯᠪᠤᠷᠢᠯᠠᠭᠴᠢ︾ ᠳ᠋ᠢᠩ ᠸᠧᠢ ᠲᠦᠩ ᠶᠠᠷᠢᠵᠦ ᠳᠠᠶᠢᠯᠪᠤᠷᠢᠯᠠᠵᠦ ᠪᠠᠶᠢᠯ᠎ᠠ᠃ ᠳᠡᠷᠡ ᠨᠢᠭᠡᠨᠳᠡ ᠭᠤᠷᠪᠠᠨ ᠵᠢᠯ ᠳᠠᠷᠠᠭᠠᠯᠠᠨ ︽5 · 1︾ ᠬᠤᠷᠠᠯ ᠤᠨ ᠭᠡᠷ ᠤᠨ ᠪᠢᠴᠢᠬᠠᠨ ᠳᠠᠶᠢᠯᠪᠤᠷᠢᠯᠠᠬᠴᠢ ᠶᠢᠨ ᠳᠤᠰᠢᠶᠠᠯ ᠢ ᠡᠬᠦᠷᠭᠡᠯᠡᠵᠦ᠂ ᠬᠤᠯᠠ ᠤᠶᠢᠷ᠎ᠠ ᠶᠢᠨ ᠵᠢᠭᠤᠯᠴᠢᠯᠠᠬᠴᠢᠳ ᠲᠤ ᠬᠢᠨᠭ᠍ᠭᠠᠨ ᠤ ᠬᠤᠪᠢᠰᠬᠠᠯᠳᠦ ᠳᠡᠤᠭᠡᠨ ᠦᠯᠢᠭᠡᠷ ᠢ ᠶᠠᠷᠢᠵᠦ ᠦᠪᠡᠷ ᠢ ᠪᠠᠨ ᠳᠠᠪᠳᠠᠨ ᠪᠤᠯᠪᠠᠰᠤᠷᠠᠭᠤᠯᠤᠨ᠎ᠠ᠃        ᠪᠥᠬᠦ ᠠᠶᠢᠮᠠᠭ ᠤᠨ ᠡᠯ᠎ᠡ ᠱᠠᠲᠤᠨ ᠤ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ ᠵᠥᠪᠯᠡᠯ ᠰᠤᠷᠭᠠᠨ ᠬᠥᠮᠦᠵᠢᠯ ᠤᠨ ᠰᠠᠭᠤᠷᠢᠨ ᠭᠠᠵᠠᠷ ᠤᠨ ᠡᠬᠢ ᠪᠠᠶᠠᠯᠢᠭ ᠤᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ︽ᠨᠢᠭᠡ ᠣᠷᠳᠣᠨ ᠭᠤᠷᠪᠠᠨ ᠪᠠᠭᠤᠷᠢ︾᠂ ︽ᠬᠢᠩᠭᠠᠨ ᠠᠶᠢᠮᠠᠬ ᠤᠨ ᠬᠥᠳᠡᠭᠡ ᠲᠣᠰᠬᠤᠨ ᠤ ᠨᠢᠭᠡᠳᠦᠭᠡᠷ ᠨᠠᠮ ᠤᠨ ᠡᠭᠦᠷ︾ ᠵᠡᠷᠭᠡ ᠪᠥᠬᠦ ᠤᠯᠤᠰ ᠤᠨ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠨᠠᠮ ᠤᠨ ᠲᠡᠤᠬᠡ ᠢᠢᠨ ᠬᠥᠮᠦᠵᠢᠯ ᠤᠨ ᠰᠠᠭᠤᠷᠢᠨ ᠭᠠᠵᠠᠷ ᠲᠤ ᠲᠦᠰᠢᠭᠯᠡᠨ᠂ ᠪᠠᠶᠠᠯᠢᠭ ᠰᠠᠶᠢᠬᠠᠨ ᠭᠤᠤᠯ ᠰᠡᠳᠦᠪᠲᠦ ᠠᠵᠢᠯᠯᠠᠭ᠎ᠠ ᠥᠷᠨᠢᠭᠦᠯᠪᠡ᠃ ᠡᠭᠦᠨ ᠳᠤ᠂ ᠠᠶᠢᠮᠠᠭ ᠤᠨ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ ᠵᠥᠪᠯᠡᠯ ᠬᠢᠭᠡᠳ ᠥᠪᠥᠷ ᠮᠣᠩᠭᠤᠯ ᠤᠨ ᠦᠨᠳᠦᠰᠦᠲᠡᠨ ᠤ ᠴᠢᠯᠥᠭᠡᠯᠡᠯᠲᠡ ᠶᠢᠨ ᠳᠤᠷᠠᠰᠬᠠᠯ ᠤᠨ ᠣᠷᠳᠣᠨ᠂ ᠡᠪ ᠬᠠᠮᠲᠤ ᠵᠠᠯᠠᠭᠤᠴᠤᠳ ᠤᠨ ᠡᠪᠯᠡᠯ ᠤᠨ ᠬᠢᠨᠭ᠍ᠭᠠᠨ ᠠᠶᠢᠮᠠᠭ ᠤᠨ ᠬᠤᠷᠢᠶ᠎ᠠ ᠬᠠᠮᠲᠤᠷᠠᠨ ᠰᠢᠨ᠎ᠡ ᠪᠠᠷ ᠪᠠᠶᠢᠭᠤᠯᠤᠭᠰᠠᠨ ︽ᠪᠢᠴᠢᠬᠠᠨ ᠬᠤᠪᠢᠰᠬᠠᠯ ᠤᠨ ᠲᠠᠶᠢᠯᠪᠤᠷᠢᠯᠠᠭᠴᠢ︾᠎ ᠶᠢᠨ ᠨᠠᠷᠠᠲᠤ ᠲᠡᠮᠳᠡᠭ ᠢᠯᠡᠳᠲᠡ ᠦᠷ᠎ᠡ ᠪᠦᠲᠦᠮᠵᠢ ᠤᠯᠪᠠ᠃ 2024 ᠣᠨ ᠳᠤ᠂ 200 ᠭᠠᠷᠤᠶ ︽ᠪᠢᠴᠢᠬᠠᠨ ᠬᠤᠪᠢᠰᠬᠠᠯ ᠤᠨ ᠲᠠᠶᠢᠯᠪᠤᠷᠢᠯᠠᠭᠴᠢ︾ ᠰᠦᠯᠵᠢᠶᠡᠨ ᠭᠠᠳᠠᠨᠠᠬᠢ ᠪᠣᠯᠪᠠᠰᠤᠷᠠᠯ᠂ ᠰᠦᠯᠵᠢᠶᠡᠨ ᠳᠡᠭᠡᠷᠡᠬᠢ ᠬᠠᠪᠰᠤᠷᠤᠨ ᠵᠢᠯᠣᠭᠤᠳᠣᠯᠭ᠎ᠠ ᠳᠤ ᠣᠷᠣᠯᠴᠠᠵᠤ᠂ ᠡᠪᠦᠯ ᠵᠣᠨ ᠤ ᠠᠮᠠᠷᠠᠯᠲᠠ ᠶᠢᠨ ᠬᠤᠭᠤᠴᠠᠭᠠᠨ ᠤ ᠡᠭᠡᠯᠵᠢᠯᠡᠨ ᠲᠠᠶᠢᠯᠪᠤᠷᠢᠯᠠᠬᠤ ᠠᠵᠢᠯᠯᠠᠭ᠎ᠠ ᠳᠤ 2600 ᠭᠠᠷᠤᠶ ᠤᠳᠠᠭ᠎ᠠ ᠣᠷᠣᠯᠴᠠᠵᠤ᠂ ᠵᠢᠭᠤᠯᠴᠢᠯᠠᠬᠰᠠᠳ ᠲᠤ 13 ᠲᠦᠮᠡ ᠰᠢᠬᠠᠮ ᠬᠥᠮᠦᠨ ᠤᠳᠠᠭ᠎ᠠ ᠦᠢᠯᠡᠴᠢᠯᠡᠪᠡ︔ ᠭᠤᠤᠯ ᠰᠡᠳᠦᠪᠲᠦ ᠬᠥᠮᠦᠵᠢᠯ ᠤᠨ ᠠᠵᠢᠯᠯᠠᠭ᠎ᠠ ᠪᠠ ᠬᠤᠪᠢᠰᠬᠠᠯ ᠤᠨ ᠰᠤᠳᠤᠯᠤᠨ ᠰᠤᠷᠤᠯᠴᠠᠬᠤ ᠲᠠᠶᠢᠯᠤᠮᠵᠢ 88 ᠲᠠᠯᠠᠪᠤᠷ ︵ᠤᠳᠠᠭ᠎ᠠ︶ ᠥᠷᠨᠢᠭᠦᠯᠵᠦ᠂ 2 ᠲᠦᠮᠡ ᠰᠢᠬᠠᠮ ᠵᠠᠯᠠᠭᠤᠴᠤᠳ ᠪᠠᠭᠠᠴᠤᠳ ᠲᠤ ᠠᠰᠢᠭ ᠬᠦᠷᠲᠡᠭᠡᠪᠡ᠃        ︽ᠲᠠᠪᠤᠨ ᠠᠬᠠᠮᠠᠳ︾᠎ ᠤᠨ ᠤᠯᠤᠰ ᠲᠥᠷᠥ ᠶᠢᠨ ᠳᠠᠪᠠᠭᠤᠯᠢᠭ ᠬᠢᠭᠡᠳ ᠬᠤᠪᠢᠰᠬᠠᠯ ᠤᠨ ᠡᠬᠢ ᠪᠠᠶᠠᠯᠢᠭ ᠤᠨ ᠬᠥᠮᠦᠨ ᠬᠥᠮᠦᠵᠢᠭᠦᠯᠬᠦ ᠴᠢᠳᠠᠮᠵᠢ ᠶᠢ ᠪᠠᠳᠠᠷᠠᠭᠤᠯᠬᠤ ᠶᠢᠨ ᠲᠥᠯᠥᠭᠡ᠂ ᠠᠶᠢᠮᠠᠭ ᠤᠨ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ ᠵᠥᠪᠯᠡᠯ ᠳᠠᠪᠠᠭᠤᠯᠢᠭ ᠢᠶᠠᠨ ᠠᠰᠢᠭᠯᠠᠨ᠂ ᠪᠥᠬᠦ ᠠᠶᠢᠮᠠᠭ ᠤᠨ ᠡᠯ᠎ᠡ ᠳᠤᠮᠳᠠᠳᠤ ᠪᠠᠭ᠎ᠠ ᠰᠤᠷᠭᠠᠭᠤᠯᠢ ᠳᠤ ᠭᠦᠨᠵᠡᠭᠡᠶᠢᠷᠡᠨ ᠲᠥᠪᠯᠡᠷᠡᠭᠦᠯᠦᠨ ᠤᠬᠠᠭᠤᠯᠤᠨ ᠲᠠᠶᠢᠯᠪᠤᠷᠢᠯᠠᠵᠤ᠂ ︽ᠰᠢᠨ᠎ᠡ ᠴᠠᠭ ᠦᠶ᠎ᠡ ᠶᠢᠨ ᠰᠢᠨ᠎ᠡ ᠲᠠᠷᠢᠶᠠᠴᠢᠳ︾ ᠵᠡᠷᠭᠡ ᠨᠢᠭᠡ ᠪᠦᠯᠦᠭ ᠨᠠᠷᠠᠲᠤ ᠲᠡᠮᠳᠡᠭ ᠤᠨ ᠵᠢᠱᠢᠶ᠎ᠡ ᠦᠵᠡᠭᠦᠯᠬᠦ ᠬᠢᠴᠢᠶᠡᠯᠯᠡᠭᠡ ᠶᠢ ᠦᠷᠨᠢᠬᠦᠯᠪᠡ᠃ ᠡᠨᠡ ᠵᠢᠯ ᠤᠨ 5 ᠰᠠᠷ᠎ᠠ ᠳᠤ᠂ ᠠᠶᠢᠮᠠᠭ ᠤᠨ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ ᠵᠥᠪᠯᠡᠯ ᠤᠨ ᠮᠡᠳᠡᠭᠦᠯᠦᠯᠲᠡ ᠶᠢᠨ ᠪᠦᠯᠬᠦᠮ ᠡᠯ᠎ᠡ ᠬᠤᠰᠢᠭᠤ ᠰᠢᠶᠠᠨ ᠬᠤᠲᠠ ᠶᠢᠨ ᠳᠤᠮᠳᠠᠳᠤ ᠪᠠᠭ᠎ᠠ ᠰᠤᠷᠭᠠᠭᠤᠯᠢ ᠳᠤ ︽ᠦᠳᠡᠯᠦᠭᠡ ᠵᠠᠯᠠᠭᠤ ᠪᠠᠭᠠᠴᠤᠤᠨ ᠬᠠᠮᠲᠤ ᠪᠠᠷ ᠨᠠᠮ ᠤᠨ ᠠᠴᠢ ᠶᠢ ᠮᠠᠭᠲᠠᠨ ᠳᠠᠭᠤᠯᠠᠵᠤ ᠭᠠᠷ ᠬᠤᠯᠪᠣᠨ ᠰᠢᠨ᠎ᠡ ᠠᠶᠠᠨ ᠳᠤ ᠡᠷᠡᠯᠬᠡᠭᠯᠡᠨ ᠤᠷᠤᠭᠰᠢᠯᠠᠶ᠎ᠠ︾ ᠭᠡᠬᠦ ᠭᠤᠤᠯ ᠰᠡᠳᠦᠪᠲᠦ ᠤᠬᠠᠭᠤᠯᠤᠨ ᠲᠠᠶᠢᠯᠪᠤᠷᠢᠯᠠᠬᠤ ᠰᠠᠷ᠎ᠠ ᠶᠢᠨ ᠠᠵᠢᠯᠯᠠᠭ᠎ᠠ ᠶᠢ ᠥᠷᠨᠢᠭᠦᠯᠵᠦ᠂ ᠣᠳᠣᠬᠠᠨ ᠳᠤ ᠨᠢᠭᠡᠨᠲᠡ 78 ᠲᠠᠯᠠᠪᠤᠷ ᠤᠳᠠᠭ᠎ᠠ ᠥᠷᠨᠢᠭᠦᠯᠵᠦ᠂ 2 ᠲᠦᠮᠡ ᠰᠢᠬᠠᠮ ᠰᠣᠷᠣᠭᠴᠢ ᠳᠤ ᠰᠤᠷᠭᠠᠨ ᠬᠥᠮᠦᠵᠢᠯ ᠭᠥᠷᠳᠡᠪᠡ᠃ ᠣᠶᠢᠷ᠎ᠠ ᠶᠢᠨ ᠵᠢᠯ ᠳᠤ᠂ ᠪᠥᠬᠦ ᠠᠶᠢᠮᠠᠭ ᠤᠨ ᠡᠯ᠎ᠡ ᠱᠠᠲᠤᠨ ᠤ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ ᠵᠥᠪᠯᠡᠯ ᠤᠨ ᠮᠡᠳᠡᠭᠦᠯᠦᠯᠲᠡ ᠶᠢᠨ ᠪᠦᠯᠬᠦᠮ ᠵᠢᠯ ᠪᠦᠷᠢ ᠳᠤᠮᠳᠠᠴᠢ ᠪᠠᠷ ᠡᠯ᠎ᠡ ᠲᠥᠷᠥᠯ ᠤᠨ ᠭᠤᠤᠯ ᠰᠡᠳᠦᠪᠲᠦ ᠤᠬᠠᠭᠤᠯᠤᠨ ᠲᠠᠶᠢᠯᠪᠤᠷᠢᠯᠠᠯᠲᠠ ᠶᠢ 900 ᠭᠠᠷᠤᠶ ᠲᠠᠯᠠᠪᠤᠷ ᠤᠳᠠᠭ᠎ᠠ ᠥᠷᠨᠢᠭᠦᠯᠵᠦ᠂ 10 ᠲᠦᠮᠡ ᠰᠢᠬᠠᠮ ᠬᠥᠮᠦᠨ ᠤᠳᠠᠭ᠎ᠠ ᠬᠥᠮᠦᠵᠢᠯ ᠭᠥᠷᠳᠡᠭᠡᠪᠡ᠃ ᠴᠢᠨᠠᠷ ᠰᠠᠶᠢᠲᠠᠶ ᠤᠬᠠᠭᠤᠯᠤᠨ ᠲᠠᠶᠢᠯᠪᠤᠷᠢᠯᠠᠬᠤ ᠪᠠᠷ ᠳᠠᠮᠵᠢᠭᠤᠯᠤᠨ᠂ ᠵᠠᠯᠠᠭᠤᠴᠤᠳ ᠪᠠᠭᠠᠴᠤᠳ ᠢ ᠬᠥᠲᠥᠯᠥᠨ ᠵᠢᠯᠣᠭᠤᠳᠴᠤ ᠪᠠᠶᠢᠭᠠᠳ ᠨᠠᠮ ᠤᠨ ᠭᠡᠷᠡᠯ ᠰᠠᠴᠤᠷᠠᠩᠭᠤᠶ ᠥᠩᠭᠡᠷᠡᠯᠲᠡ ᠪᠠ ᠠᠭᠤᠤ ᠶᠡᠭᠡ ᠠᠮᠵᠢᠯᠲᠠ ᠪᠦᠲᠦᠮᠵᠢ ᠶᠢ ᠭᠦᠨᠵᠡᠭᠡᠶ ᠲᠠᠨᠢᠭᠤᠯᠵᠤ᠂ ᠲᠡᠳᠡᠨ ᠤ ᠤᠯᠤᠰ ᠢᠶᠠᠨ ᠬᠠᠶᠢᠷᠠᠯᠠᠬᠤ ᠬᠠᠯᠠᠭᠤᠨ ᠰᠡᠳᠭᠢᠯᠭᠡ ᠪᠠ ᠲᠡᠮᠡᠴᠡᠯ ᠤᠨ ᠵᠣᠷᠢᠭ ᠰᠠᠨᠠᠭ᠎ᠠ ᠶᠢ ᠬᠥᠭᠵᠢᠭᠡᠵᠦ᠂ ᠨᠠᠮ᠂ ᠡᠬᠡ ᠤᠯᠤᠰ ᠪᠠ ᠨᠡᠶᠢᠭᠡᠮ ᠵᠢᠷᠤᠮ ᠢ ᠬᠠᠶᠢᠷᠠᠯᠠᠬᠤ ᠬᠠᠶᠢᠷ᠎ᠠ ᠰᠡᠳᠭᠢᠯᠭᠡ ᠶᠢ ᠨᠢ ᠨᠡᠮᠡᠭᠳᠡᠭᠦᠯᠪᠡ᠃        ᠵᠠᠯᠠᠭᠤᠴᠤᠳ ᠪᠠᠭᠠᠴᠤᠳ ᠢ ᠬᠠᠯᠠᠮᠵᠢᠯᠠᠨ ᠬᠠᠶᠢᠷᠠᠯᠠᠵᠦ ᠪᠥᠬᠦ ᠲᠠᠯ᠎ᠠ ᠪᠠᠷ ᠬᠦᠭᠵᠢᠬᠦ ᠳᠤ ᠬᠦᠴᠦᠨ ᠨᠡᠮᠡᠷᠢᠯᠡᠨ᠎ᠡ        ︽ᠡᠮᠦᠨᠡᠳᠦ ᠬᠤᠰᠢᠭᠤᠨ ᠤ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ ᠵᠥᠪᠯᠡᠯ ᠪᠣᠯᠤᠨ ᠨᠡᠶᠢᠭᠡᠮ ᠤᠨ ᠬᠠᠶᠢᠷ᠎ᠠ ᠰᠡᠳᠬᠢᠯᠳᠦ ᠬᠥᠮᠦᠰ ᠤᠨ ᠮᠦᠡᠭᠬᠦ ᠬᠠᠨᠳᠢᠪᠯᠡᠠ ᠰᠤᠷᠤᠯᠭ᠎ᠠ ᠶᠢ ᠳᠡᠳᠬᠦᠭᠰᠡᠨ ᠳᠤ ᠲᠠᠯᠠᠷᠬᠠᠵᠤ ᠪᠠᠶᠢᠨ᠎ᠠ᠂ ᠪᠢᠳᠡ ᠨᠠᠩ ᠴᠢᠷᠮᠠᠶᠢᠨ ᠰᠤᠷᠤᠯᠴᠠᠵᠤ᠂ ᠰᠢᠯᠢᠳᠡᠭ ᠬᠢᠷᠢ ᠪᠦᠲᠦᠮᠵᠢ ᠪᠠᠷ ᠢᠶᠠᠨ ᠨᠡᠶᠢᠭᠡᠮ ᠤᠨ ᠠᠴᠢ ᠶᠢ ᠬᠠᠷᠢᠭᠤᠯᠤᠨ᠎ᠠ︾ ᠭᠡᠵᠤ 2024 ᠣᠨ ᠤ 12 ᠰᠠᠷ᠎ᠠ ᠶᠢᠨ 26᠎ ᠤ ᠡᠳᠦᠷ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠲᠠᠪᠤᠳᠤᠭᠠᠷ ᠳᠤᠮᠳᠠᠳᠤ ᠰᠤᠷᠭᠠᠭᠤᠯᠢ ᠶᠢᠨ ᠮᠦᠰᠢᠶᠡᠯ ᠪᠣᠯᠤᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠪᠠᠢ ᠰᠢᠤ ᠸᠧᠨ ᠳᠤᠮᠳᠠᠳᠤ ᠶᠢᠨ ᠨᠣᠮ ᠤᠩᠰᠢᠬᠤ ᠬᠤᠷᠠᠯ ᠪᠣᠯᠤᠨ ᠡᠮᠦᠨᠡᠲᠦ ᠬᠤᠰᠢᠭᠤᠨ ᠤ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ ᠵᠥᠪᠯᠡᠯ ᠤᠨ ᠳᠡᠳᠬᠦᠮᠵᠢ ᠶᠢᠨ ᠮᠦᠡᠭᠬᠦ ᠶᠢ ᠳᠤᠰᠴᠦ ᠰᠡᠳᠭᠢᠯ ᠳᠣᠭᠳᠣᠯᠤᠨ ᠶᠠᠷᠢᠯ᠎ᠠ᠃        ᠳᠤᠮᠳᠠᠳᠤ ᠶᠢᠨ ᠨᠣᠮ ᠤᠩᠰᠢᠬᠤ ᠬᠤᠷᠠᠯ ᠤᠨ ᠯᠢ ᠴᠧᠨ ᠠᠪᠠᠭ᠋ᠠᠶ ᠠᠴᠠ ᠬᠤᠷᠴᠢᠨ ᠪᠠᠷᠠᠭᠤᠨ ᠭᠠᠷᠤᠨ ᠡᠮᠦᠨᠡᠳᠦ ᠬᠤᠰᠢᠭᠤᠨ ᠤ ᠶᠠᠳᠠᠭᠤ ᠬᠦᠴᠢᠷᠳᠠᠯᠳᠠᠢ ᠰᠤᠷᠤᠬᠴᠢ ᠶᠢ ᠭᠤᠷᠪᠠᠨ ᠵᠢᠯ ᠳᠠᠷᠠᠭᠠᠯᠠᠨ ᠬᠠᠪᠰᠤᠷᠤᠨ ᠳᠡᠳᠬᠦᠵᠦ ᠪᠤᠢ᠃ ᠳᠡᠷᠡ ᠨᠠᠰᠦ ᠪᠠᠷᠠᠬᠰᠠᠨ ᠤ ᠰᠡᠬᠦᠯᠡᠷ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ ᠵᠥᠪᠯᠡᠯ ᠤᠨ ᠬᠢᠨ ᠳᠡᠬᠦᠨ ᠤ ᠭᠡᠷᠢᠶᠡᠰ ᠶᠤᠰᠤᠭᠠᠷ ᠪᠠᠰᠠ ᠬᠤᠶᠠᠷ ᠵᠢᠯ ᠳᠠᠷᠠᠭᠠᠯᠠᠨ ᠳᠤᠰ ᠬᠤᠶᠠᠷ ᠰᠤᠷᠤᠬᠴᠢ ᠶᠢ ᠦᠷᠬᠦᠯᠵᠢᠯᠡᠨ ᠬᠠᠪᠰᠤᠷᠤᠨ ᠳᠡᠳᠬᠦᠵᠠᠢ᠃        ᠣᠶᠢᠷ᠎ᠠ ᠶᠢᠨ ᠵᠢᠯ ᠳᠤ᠂ ᠬᠢᠨᠭ᠍ᠭᠠᠨ ᠠᠶᠢᠮᠠᠭ ᠤᠨ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ ᠵᠥᠪᠯᠡᠯ ᠢᠮᠠᠭᠲᠠ ᠵᠠᠯᠠᠭᠤᠴᠤᠳ ᠪᠠᠭᠠᠴᠤᠳ ᠲᠤ ᠦᠢᠯᠡᠴᠢᠯᠡᠬᠦ ᠪᠠᠷ ᠵᠣᠷᠢᠯᠲᠠ ᠪᠣᠯᠭᠠᠵᠤ᠂ ︽ᠲᠠᠪᠤᠨ ᠠᠬᠠᠮᠠᠳ︾ ᠎ ᠤᠨ ᠳᠠᠪᠠᠭᠤᠯᠢᠭ ᠢ ᠪᠠᠳᠠᠷᠠᠭᠤᠯᠤᠨ᠂ ᠬᠠᠯᠠᠮᠵᠢᠯᠠᠨ ᠬᠠᠶᠢᠷᠠᠯᠠᠵᠤ ᠬᠠᠪᠰᠤᠷᠤᠨ ᠲᠡᠳᠬᠦᠬᠦ ᠠᠵᠢᠯᠯᠠᠭ᠎ᠠ ᠥᠷᠨᠢᠭᠦᠯᠪᠡ᠃ ︽ᠲᠠᠪᠤᠨ ᠠᠬᠠᠮᠠᠳ︾ ᠢᠳᠡᠪᠬᠢᠲᠡᠶ ᠪᠠᠷ ᠴᠤᠤᠷᠢᠶᠠᠲᠤᠨ ᠳᠠᠭᠠᠵᠤ᠂ ᠵᠣᠭᠤᠰ ᠮᠥᠩᠭᠦ ᠡᠳ᠋ ᠪᠣᠳᠠᠰ ᠬᠠᠨᠳᠢᠪᠯᠠᠬᠰᠠᠨ ᠮᠦᠷᠳᠡᠭᠡᠨ ᠨᠡᠶᠢᠭᠡᠮ ᠤᠨ ᠬᠦᠴᠦᠨ ᠢ ᠲᠠᠶᠢᠴᠢᠯᠠᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ᠂ ᠬᠠᠯᠠᠮᠵᠢᠯᠠᠨ ᠬᠠᠶᠢᠷᠠᠯᠠᠵᠤ ᠠᠪᠤᠷᠠᠨ ᠲᠤᠰᠠᠯᠠᠬᠤ ᠠᠵᠢᠯᠯᠠᠭ᠎ᠠ ᠶᠢ ᠥᠷᠨᠢᠭᠦᠯᠵᠦ᠂ ᠬᠦᠴᠢᠷᠳᠡᠯ ᠳᠤ ᠲᠤᠯᠭᠠᠷᠠᠭᠰᠠᠨ ᠵᠠᠯᠠᠭᠤᠴᠤᠳ ᠪᠠᠭᠠᠴᠤᠳ ᠲᠤ ᠬᠠᠶᠢᠷ᠎ᠠ ᠬᠠᠯᠠᠮᠵᠢ ᠪᠠ ᠬᠦᠰᠡᠯ ᠡᠷᠡᠮᠡᠯᠵᠡᠯ ᠤᠯᠭᠤᠪᠠ᠃ 2024 ᠣᠨ ᠳᠤ᠂ ᠪᠥᠬᠦ ᠠᠶᠢᠮᠠᠭ ᠤᠨ ᠡᠯ᠎ᠡ ᠱᠠᠲᠤᠨ ᠤ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ ᠵᠥᠪᠯᠡᠯ ︽ᠪᠠᠭᠠᠴᠤᠳ ᠭᠡᠤᠭᠡᠳ ᠢ ᠬᠠᠶᠢᠷᠠᠯᠠᠨ ᠬᠠᠯᠠᠮᠵᠢᠯᠠᠵᠦ᠂ ᠬᠠᠤᠯᠢ ᠴᠠᠭᠠᠵᠠ ᠶᠢ ᠲᠦᠭᠡᠮᠡᠯᠵᠢᠭᠦᠯᠬᠦ︾ ᠵᠠᠯᠠᠭᠤᠴᠤᠳ ᠪᠠᠭᠠᠴᠤᠳ ᠲᠤ ᠬᠠᠤᠯᠢ ᠲᠦᠭᠡᠮᠡᠯᠵᠢᠭᠦᠯᠬᠦ ᠠᠵᠢᠯᠯᠠᠭ᠎ᠠ ᠵᠢᠴᠢ ᠬᠡᠷ ᠪᠦᠯᠢ ᠶᠢᠨ ᠬᠥᠮᠦᠵᠢᠯ ᠤᠨ ᠲᠠᠶᠢᠯᠤᠮᠵᠢ ᠶᠢ 505 ᠤᠳᠠᠭ᠎ᠠ ᠥᠷᠨᠢᠭᠦᠯᠵᠦ᠂ 11 ᠲᠦᠮᠡᠨ ᠬᠥᠮᠦᠨ ᠤᠳᠠᠭ᠎ᠠ ᠰᠣᠷᠣᠭᠴᠢ ᠵᠢᠴᠢ ᠬᠡᠷ ᠤᠨ ᠠᠬᠠᠮᠠᠳ ᠲᠤ ᠠᠰᠢᠭ ᠬᠦᠷᠲᠡᠭᠡᠪᠡ᠃ ᠬᠥᠳᠡᠭᠡ ᠲᠣᠰᠬᠤᠨ ᠤ ᠬᠡᠷ ᠲᠡᠭᠡᠨ ᠬᠤᠴᠣᠷᠤᠭᠰᠠᠨ ᠬᠡᠤᠬᠡᠳ ᠪᠠ ᠬᠦᠴᠢᠷᠳᠡᠯ ᠳᠤ ᠲᠤᠯᠭᠠᠷᠠᠭᠰᠠᠨ ᠵᠠᠯᠠᠭᠤᠴᠤᠳ ᠪᠠᠭᠠᠴᠤᠳ ᠢ ᠬᠠᠯᠠᠮᠵᠢᠯᠠᠨ ᠬᠠᠮᠠᠭᠠᠯᠠᠬᠤ ᠲᠠᠯ᠎ᠠ ᠪᠠᠷ᠂ ᠪᠥᠬᠦ ᠠᠶᠢᠮᠠᠭ ᠤᠨ ᠡᠯ᠎ᠡ ᠱᠠᠲᠤᠨ ᠤ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ ᠵᠥᠪᠯᠡᠯ 2627 ᠨᠡᠷᠡᠰ ᠰᠤᠷᠤᠭᠴᠢ ᠶᠢ ᠬᠠᠪᠰᠤᠷᠤᠨ ᠲᠡᠳᠬᠦᠪᠡ᠂ ᠡᠭᠦᠨ ᠳᠤ ︽ᠨᠢᠭᠡ ᠨᠢᠭᠡ︾᠎ ᠶᠢᠨ ᠬᠤᠤᠰᠯᠠᠯ ᠪᠠᠶᠢᠭᠤᠯᠤᠨ 1122 ᠬᠥᠮᠦᠨ ᠢ ᠬᠠᠯᠠᠮᠵᠢᠯᠠᠨ ᠳᠡᠳᠬᠦᠪᠡ᠃        ᠠᠵᠢᠯ ᠤᠨ ᠳᠠᠯ᠎ᠠ ᠪᠠᠷ ᠰᠢᠨ᠎ᠠ ᠶᠢ ᠡᠬᠦᠳᠪᠡ        2024 ᠣᠨ ᠤ 12 ᠰᠠᠷ᠎ᠠ ᠶᠢᠨ 6᠎ ᠤ ᠡᠳᠦᠷ᠂ ᠳᠤᠮᠳᠠᠳᠤ ᠤᠯᠤᠰ ᠤᠨ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ ᠵᠥᠪᠯᠡᠯ ᠠᠴᠠ ᠪᠥᠬᠦ ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠳᠤ ᠬᠦᠴᠦᠨ ᠨᠡᠮᠡᠷᠢᠯᠡᠭᠰᠡᠨ 27 ᠰᠢᠯᠢᠳᠡᠭ ᠬᠡᠷᠡᠭ ᠤᠨ ᠵᠢᠱᠢᠶ᠎ᠡ ᠶᠢ ᠨᠡᠶᠢᠳᠡᠯᠡᠪᠡ᠃ ᠡᠬᠦᠨ ᠳᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ ᠵᠥᠪᠯᠡᠯ ᠤᠨ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠬᠤᠨᠢ ᠦᠷᠡᠵᠢᠬᠦᠯᠤᠨ ᠳᠡᠵᠢᠭᠡᠵᠦ ᠵᠠᠯᠠᠭᠤ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠦᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ︾ ᠲᠥᠷᠥᠯ ᠵᠦᠢᠯ ᠰᠣᠩᠭᠤᠭᠳᠠᠨ ᠣᠷᠣᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠣᠷ ᠤᠨ ᠭᠠᠭᠴᠠ ᠰᠣᠩᠭᠤᠭᠳᠠᠭᠰᠠᠨ ᠨᠢᠭᠡᠴᠢ ᠪᠣᠯᠪᠠ᠃        ︽ᠪᠢᠴᠢᠬᠠᠨ ᠬᠤᠪᠢᠰᠬᠠᠯ ᠤᠨ ᠲᠠᠶᠢᠯᠪᠤᠷᠢᠯᠠᠭᠴᠢ︾᠎ ᠶᠢᠨ ᠲᠦᠷᠦᠯ ᠲᠡᠮᠳᠡᠭ ᠨᠢ ᠮᠠᠰᠢ ᠤᠯᠠᠨ ᠵᠢᠭᠤᠯᠴᠢᠯᠠᠬᠴᠢᠳ ᠪᠠ ᠵᠠᠯᠠᠭᠤᠴᠤᠳ ᠪᠠᠭᠠᠴᠤᠳ ᠲᠤ ᠦᠢᠯᠡᠴᠢᠯᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠳᠤ ᠬᠦᠴᠦᠨ ᠴᠢᠳᠠᠯ ᠢᠶᠠᠨ ᠡᠷᠭᠦᠨ᠎ᠡ︔ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠬᠤᠨᠢ ᠦᠷᠡᠵᠢᠬᠦᠯᠤᠨ ᠳᠡᠵᠢᠭᠡᠵᠦ ᠵᠠᠯᠠᠭᠤ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠦᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ︾ ᠲᠦᠷᠦᠯ ᠵᠦᠢᠯ ᠨᠢ ᠵᠠᠯᠠᠭᠤ ᠮᠠᠯᠴᠢᠨ ᠲᠠᠷᠢᠶᠠᠴᠢᠨ ᠢ ᠬᠠᠪᠰᠤᠷᠤᠨ ᠣᠷᠣᠯᠭ᠎ᠠ ᠶᠢ ᠨᠢ ᠨᠡᠮᠡᠭᠳᠡᠭᠦᠯᠦᠨ ᠪᠠᠶᠠᠵᠢᠭᠤᠯᠬᠤ ᠶᠢ ᠪᠡᠶᠡᠯᠡᠭᠦᠯᠦᠭᠰᠡᠨ ᠢᠶᠠᠷ ᠪᠠᠷᠠᠬᠤ ᠦᠭᠡᠢ᠂ ᠨᠡᠩ ᠴᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠪᠡ᠃ ᠡᠳᠡᠭᠡᠷ ᠤᠨᠴᠠᠯᠢᠭᠳᠤ ᠲᠦᠷᠦᠯ ᠵᠦᠢᠯ ᠤᠨᠢᠨ ᠳᠡᠭᠡᠷ᠎ᠡ ᠨᠢ ᠥᠨᠳᠥᠷ ᠪᠦᠲᠦᠮᠵᠢᠲᠡᠢ ᠪᠠᠶᠢᠵᠤ᠂ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ ᠵᠥᠪᠯᠡᠯ ᠤᠨ ᠠᠵᠢᠯ ᠢ ᠡᠯᠪᠡᠭ ᠪᠠᠶᠠᠯᠢᠭ ᠦᠷ᠎ᠡ ᠪᠦᠲᠦᠭᠡᠯ ᠲᠠᠢ ᠪᠤᠯᠭᠠᠵᠠᠢ᠃        ᠬᠢᠩᠭᠠᠨ ᠠᠶᠢᠮᠠᠭ ᠤᠨ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ ᠵᠥᠪᠯᠡᠯ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠦᠷᠭᠦᠯᠵᠢᠯᠡᠨ ᠦᠢᠯᠡᠳᠦᠯᠭᠡᠵᠢᠭᠦᠯᠵᠦ᠂ ᠬᠤᠪᠢᠰᠬᠠᠯ ᠤᠨ ᠭᠠᠯ ᠭᠤᠯᠤᠮᠳᠠ ᠶᠢ ᠤᠯᠠᠮᠵᠢᠯᠠᠵᠤ᠂ ᠨᠡᠩ ᠤᠯᠠᠨ ᠬᠦᠰᠡᠯᠡᠩ ᠲᠠᠢ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠬᠦ᠂ ᠵᠣᠪᠠᠭᠤᠷᠢ ᠵᠦᠳᠡᠭᠦᠷᠢ ᠶᠢ ᠠᠮᠰᠠᠵᠤ ᠳᠡᠶᠢᠯᠬᠦ᠂ ᠴᠢᠷᠮᠠᠶᠢᠨ ᠲᠡᠮᠡᠴᠡᠬᠦ ᠰᠢᠨ᠎ᠡ ᠴᠠᠭ ᠦᠶ᠎ᠡ ᠶᠢᠨ ᠰᠠᠶᠢᠨ ᠵᠠᠯᠠᠭᠤᠴᠤᠳ ᠢ ᠬᠥᠮᠦᠵᠢᠭᠦᠯᠵᠦ᠂ ᠬᠢᠯᠢ ᠬᠢᠵᠠᠭᠠᠷ ᠤᠨ ᠲᠣᠭᠲᠠᠭᠤᠨ ᠪᠠ ᠦᠨᠳᠦᠰᠦᠲᠡᠨ ᠤ ᠰᠡᠷᠭᠦᠨ ᠮᠠᠨᠳᠤᠯᠲᠠ ᠳᠤ ᠬᠦᠴᠦᠨ ᠴᠢᠳᠠᠯ ᠢᠶᠠᠨ ᠡᠷᠭᠦᠬᠦ ᠪᠤᠯᠤᠨ᠎ᠠ᠃       · ᠪᠤᠤ ᠢ ᠵᠢᠩ ᠬᠣ᠋ ᡁᠢ ᠮᠢᠨ ·
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号