ᠲᠡᠮᠡᠭᠡᠴᠢ ᠪᠠᠯᠭᠠᠰᠤ ᠪᠤᠬᠢᠷᠳᠤᠯ ᠦᠭᠡᠢ ᠬᠦᠭᠵᠢᠯᠳᠠ ᠪᠠᠷ ᠠᠷᠠᠳ ᠲᠤ ᠠᠰᠢᠭ ᠬᠦᠷᠳᠡᠭᠡᠵᠤ ᠪᠠᠶᠢᠨ᠎ᠠ
ᠨᠡᠶᠢᠲᠡᠯᠡᠭᠰᠡᠨ ᠴᠠᠭ᠄
2025/6/20
     ᠤᠳᠤᠬᠠᠨ ᠳᠤ ᠲᠠᠷᠢᠶᠠᠨ ᠭᠠᠵᠠᠷ ᠤᠨ ᠬᠠᠮᠢᠶᠠᠷᠤᠯᠳᠠ ᠶᠢᠨ ᠬᠤᠭᠤᠴᠠᠭᠠᠨ ᠳᠤ ᠤᠷᠤᠵᠤ᠂ ᠲᠠᠷᠢᠶᠠᠨ ᠡᠮ ᠬᠡᠷᠡᠭᠯᠡᠬᠦ ᠬᠡᠮᠵᠢᠶ᠎ᠠ ᠠᠭᠠᠵᠢᠮ ᠢᠶᠠᠷ ᠨᠡᠮᠡᠭᠳᠡᠯ᠎ᠠ᠃ ᠵᠠᠯᠠᠶᠢᠳ ᠬᠤᠰᠢᠭᠤᠨ ᠤ ᠲᠡᠮᠡᠭᠡᠴᠢ ᠪᠠᠯᠭᠠᠰᠤ ᠪᠤᠬᠢᠷᠳᠤᠯ ᠦᠭᠡᠢ ᠬᠦᠭᠵᠢᠯᠳᠠ ᠶᠢᠨ ᠤᠨᠤᠯᠵᠢᠬᠤᠨ ᠢ ᠬᠦᠨᠵᠡᠭᠡᠢ ᠲᠤᠭᠤᠰᠢᠯᠠᠭᠤᠯᠵᠤ᠂ ᠲᠠᠷᠢᠶᠠᠯᠠᠩ ᠤᠨ ᠪᠤᠵᠠᠷᠳᠤᠯ ᠢ ᠵᠠᠰᠠᠨ ᠴᠡᠭᠴᠡᠯᠡᠬᠦ ᠪᠠᠷ ᠲᠠᠷᠢᠶᠠᠨ ᠡᠮ ᠤᠨ ᠪᠤᠭᠤᠳᠠᠯ ᠪᠠᠭᠯᠠᠭ᠎ᠠ ᠶᠢᠨ ᠬᠠᠶᠠᠭᠳᠠᠮᠠᠯ ᠪᠤᠳᠠᠰ ᠢ ᠬᠤᠷᠢᠶᠠᠨ ᠠᠪᠬᠤ ᠠᠵᠢᠯ ᠢ ᠦᠷᠨᠢᠬᠦᠯᠵᠤ᠂ ︽ᠲᠦᠪᠯᠡᠷᠡᠬᠦᠯᠤᠨ ᠬᠤᠷᠢᠶᠠᠬᠤ + ᠬᠤᠪᠢ ᠬᠤᠷᠠᠮᠳᠤᠭᠤᠯᠤᠨ ᠡᠳ᠋ ᠪᠤᠰᠤ ᠰᠤᠯᠢᠬᠤ︾ ᠲᠤᠭᠳᠠᠴᠠ ᠪᠠᠷ ᠲᠠᠮᠵᠢᠨ᠂ ᠲᠤᠰᠬᠤᠨ ᠤ ᠠᠷᠠᠳ ᠤᠨ ᠲᠠᠷᠢᠶᠠᠨ ᠡᠮ ᠤᠨ ᠪᠤᠭᠤᠳᠠᠯ ᠪᠠᠭᠯᠠᠭ᠎ᠠ ᠶᠢᠨ ᠬᠠᠶᠠᠭᠳᠠᠮᠠᠯ ᠪᠤᠳᠠᠰ ᠢᠶᠠᠨ ᠬᠤᠷᠢᠶᠠᠨ ᠠᠪᠴᠤ᠂ ᠲᠠᠷᠢᠶᠠᠯᠠᠩ ᠤᠨ ᠠᠮᠢ ᠠᠬᠤᠢ ᠤᠷᠴᠢᠨ ᠲᠤᠭᠤᠷᠢᠨ ᠢ ᠰᠢᠯᠢᠳᠡᠭᠵᠢᠬᠦᠯᠬᠦ ᠶᠢ ᠠᠬᠢᠭᠤᠯᠪᠠ᠃     ᠲᠡᠮᠡᠭᠡᠴᠢ ᠪᠠᠯᠭᠠᠰᠤᠨ ᠤ ᠱᠤᠸᠠᠩ ᠡᡁᠧ ᠭᠠᠴᠠᠭᠠᠨ ᠤ ᠲᠠᠷᠢᠶᠠᠨ ᠡᠮ ᠤᠨ ᠪᠤᠭᠤᠳᠠᠯ ᠪᠠᠭᠯᠠᠭ᠎ᠠ ᠶᠢᠨ ᠬᠠᠶᠠᠭᠳᠠᠮᠠᠯ ᠡᠳ᠋ ᠢ ᠬᠤᠷᠢᠶᠠᠬᠤ ᠴᠡᠭ ᠲᠤ ᠲᠠᠷᠢᠶᠠᠨ ᠡᠮ ᠤᠨ ᠪᠤᠭᠤᠳᠠᠯ ᠪᠠᠭᠯᠠᠭ᠎ᠠ ᠶᠢᠨ ᠬᠠᠶᠠᠭᠳᠠᠮᠠᠯ ᠡᠳ᠋ ᠢ ᠲᠡᠭᠡᠭᠡᠪᠤᠷᠢᠯᠡᠭᠰᠡᠨ ᠲᠡᠷᠭᠡ ᠡᠮᠬᠢ ᠵᠢᠷᠤᠮ ᠲᠠᠢ ᠪᠠᠶᠢᠷᠢᠯᠠᠵᠤ᠂ ᠬᠦᠨᠳᠤ ᠶᠢ ᠬᠡᠮᠵᠢᠬᠦ ᠪᠠᠷ ᠬᠦᠯᠢᠶᠡᠵᠡᠭᠡᠨ᠎ᠠ᠃ ᠠᠵᠢᠯᠳᠠᠨ ᠠᠴᠠ ᠨᠠᠷᠢᠨ ᠨᠢᠭᠳᠠ ᠲᠡᠮᠳᠡᠭᠯᠡᠵᠤ᠂ 1 ᠵᠢᠩ 1 ᠬᠤᠪᠢ ᠬᠤᠷᠠᠮᠳᠤᠭᠤᠯᠵᠤ᠂ ᠬᠤᠷᠠᠮᠳᠤᠭᠤᠯᠤᠭᠰᠠᠨ 1 ᠬᠤᠪᠢ ᠪᠠᠷ 1 ᠲᠦᠬᠦᠷᠢᠭ ᠵᠤᠭᠤᠰ ᠰᠤᠯᠢᠵᠤ ᠪᠤᠯᠬᠤ ᠬᠠᠷᠢᠴᠠᠯ ᠢᠶᠠᠷ ᠲᠤᠰᠬᠤᠨ ᠤ ᠠᠷᠠᠳ ᠲᠤ ᠬᠤᠪᠢ ᠬᠤᠷᠠᠮᠳᠤᠭᠤᠯᠬᠤ ᠺᠠᠷᠲ ᠬᠤᠪᠢᠶᠠᠨ ᠦᠭᠴᠤ᠂ ᠲᠤᠰᠬᠤᠨ ᠤ ᠠᠷᠠᠳ ᠬᠤᠷᠠᠮᠳᠤᠭᠤᠯᠤᠭᠰᠠᠨ ᠬᠤᠪᠢ ᠪᠠᠷ ᠢᠶᠠᠨ ᠠᠮᠢᠳᠤᠷᠠᠯ ᠤᠨ ᠡᠳ᠋ ᠬᠡᠷᠡᠭᠰᠡᠯ ᠰᠤᠯᠢᠵᠤ ᠪᠤᠯᠤᠨ᠎ᠠ᠃     ︽ᠲᠠᠷᠢᠶᠠᠨ ᠭᠠᠵᠠᠷ ᠲᠤ ᠬᠡᠷᠡᠭᠯᠡᠭᠰᠡᠨ ᠲᠠᠷᠢᠶᠠᠨ ᠡᠮ ᠤᠨ ᠯᠤᠩᠬᠤ ᠪᠠᠨ ᠪᠢᠳᠠ ᠪᠦᠷ ᠬᠤᠷᠢᠶᠠᠵᠤ ᠠᠪᠴᠢᠷᠠᠯ᠎ᠠ᠂ ᠡᠳᠡᠭᠡᠷ ᠬᠠᠶᠠᠭᠳᠠᠮᠠᠯ ᠪᠤᠳᠠᠰ ᠨᠢ ᠤᠷᠴᠢᠨ ᠲᠤᠭᠤᠷᠢᠨ ᠳᠤ ᠬᠤᠤᠷ ᠬᠦᠨᠤᠭᠡᠯ ᠲᠠᠢ ᠪᠠᠶᠢᠵᠤ᠂ ᠬᠤᠷᠢᠶᠠᠵᠤ ᠠᠪᠴᠢᠷᠠᠭᠰᠠᠨ ᠤ ᠲᠠᠷᠠᠭ᠎ᠠ ᠬᠤᠪᠢ ᠬᠤᠷᠠᠮᠳᠤᠭᠤᠯᠬᠤ ᠪᠠᠷ ᠲᠠᠮᠵᠢᠨ ᠦᠪᠠᠷ ᠤᠨ ᠬᠡᠷᠡᠭᠯᠡᠬᠦ ᠡᠳᠤᠷ ᠲᠤᠳᠤᠮ ᠤᠨ ᠡᠳ᠋ ᠬᠡᠷᠡᠭᠰᠡᠯ ᠢᠶᠠᠨ ᠰᠤᠯᠢᠵᠤ ᠪᠤᠯᠤᠨ᠎ᠠ︾ ᠭᠡᠵᠤ ᠱᠤᠸᠠᠩ ᠡᡁᠧ ᠭᠠᠴᠠᠭᠠᠨ ᠤ ᠠᠷᠠᠳ ᠶᠢᠨ ᠵᠧᠩ ᠶᠠᠷᠢᠨ᠎ᠠ᠃     ᠬᠠᠶᠠᠭᠳᠠᠮᠠᠯ ᠡᠳ᠋ ᠢ ᠬᠤᠷᠢᠶᠠᠨ ᠠᠪᠴᠤ ᠰᠶᠢᠳᠪᠤᠷᠢᠯᠡᠬᠦ ᠠᠵᠢᠯ ᠢ ᠤᠷᠤᠭᠰᠢᠳᠠᠢ ᠠᠬᠢᠭᠤᠯᠬᠤ ᠪᠠᠷ᠂ ᠲᠡᠮᠡᠭᠡᠴᠢ ᠪᠠᠯᠭᠠᠰᠤ ᠪᠦᠬᠦ ᠪᠠᠯᠭᠠᠰᠤᠨ ᠳᠤ 7 ᠲᠠᠷᠢᠶᠠᠨ ᠡᠮ ᠤᠨ ᠪᠤᠭᠤᠳᠠᠯ ᠪᠠᠭᠯᠠᠭ᠎ᠠ ᠶᠢᠨ ᠬᠠᠶᠠᠭᠳᠠᠮᠠᠯ ᠪᠤᠳᠠᠰ ᠢ ᠬᠤᠷᠢᠶᠠᠬᠤ ᠴᠡᠭ ᠪᠠᠶᠢᠭᠤᠯᠵᠤ᠂ ᠤᠬᠠᠭᠤᠯᠭ᠎ᠠ ᠶᠢᠨ ᠬᠦᠴᠤᠯᠡᠴᠠ ᠪᠠᠨ ᠨᠡᠮᠡᠭᠳᠡᠬᠦᠯᠦᠨ᠂ ᠲᠠᠷᠢᠶᠠᠴᠢᠳ ᠤᠨ ᠢᠳᠡᠪᠬᠢᠵᠢᠯ ᠢ ᠬᠦᠢᠴᠡᠳ ᠤᠷᠮᠠᠰᠢᠭᠤᠯᠵᠤ᠂ ᠬᠢᠨᠠᠨ ᠬᠠᠮᠢᠶᠠᠷᠬᠤ ᠬᠦᠴᠤᠯᠡᠴᠠ ᠪᠠᠨ ᠨᠡᠮᠡᠭᠳᠡᠬᠦᠯᠤᠨ᠂ ᠬᠤᠷᠢᠶᠠᠨ ᠠᠪᠴᠤ ᠰᠶᠢᠳᠪᠤᠷᠢᠯᠡᠬᠦ ᠠᠵᠢᠯ ᠤᠨ ᠦᠨᠡᠨᠬᠦ ᠦᠷ᠎ᠠ ᠠᠰᠢᠭ ᠤᠯᠬᠤ ᠶᠢ ᠪᠠᠳᠤᠯᠠᠵᠤ ᠪᠤᠢ᠃ ᠤᠳᠤᠬᠠᠨ ᠳᠤ᠂ ᠲᠡᠮᠡᠭᠡᠴᠢ ᠪᠠᠯᠭᠠᠰᠤᠨ ᠤ ᠲᠠᠷᠢᠶᠠᠨ ᠡᠮ ᠤᠨ ᠪᠤᠭᠤᠳᠠᠯ ᠪᠠᠭᠯᠠᠭ᠎ᠠ ᠶᠢᠨ ᠬᠠᠶᠠᠭᠳᠠᠮᠠᠯ ᠪᠤᠳᠠᠰ ᠢ ᠬᠤᠷᠢᠶᠠᠨ ᠠᠪᠴᠤ ᠬᠤᠪᠢ ᠬᠤᠷᠠᠮᠳᠤᠭᠤᠯᠬᠤ ᠠᠵᠢᠯᠯᠠᠭ᠎ᠠ ᠨᠢ ᠨᠢᠭᠡᠨᠳᠠ 2.6 ᠲᠤᠨ ᠬᠠᠶᠠᠭᠳᠠᠮᠠᠯ ᠪᠤᠳᠠᠰ ᠬᠤᠷᠢᠶᠠᠵᠤ᠂ ᠬᠠᠶᠠᠭᠳᠠᠮᠠᠯ ᠪᠤᠳᠠᠰ ᠢ ᠲᠤᠷ᠎ᠠ ᠪᠠᠷ ᠬᠠᠶᠠᠬᠤ ᠪᠠᠶᠢᠳᠠᠯ ᠢ ᠪᠦᠳᠤᠮᠵᠢᠳᠠᠢ ᠬᠤᠷᠢᠭᠯᠠᠵᠤ ᠴᠢᠳᠠᠪᠠ᠃                                   ︵ᠽᠢ ᠯᠦᠩ    ᠯᠦᠸᠧ ᠮᠧᠩ︶
 
ᠢᠷᠡᠯᠲᠡ᠄ ᠵᠠᠯᠠᠶᠢᠳ ᠤᠨ ᠸᠢᠴᠠᠲ ᠮᠡᠳᠡᠭᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号