| ᠤᠶᠢᠷ᠎ᠠ ᠶᠢᠨ ᠡᠳᠤᠷ ᠬᠤᠷᠠᠯᠳᠤᠭᠰᠠᠨ ᠪᠦᠬᠦ ᠤᠯᠤᠰ ᠤᠨ ᠤᠶᠤᠨ ᠤ ᠪᠤᠯᠪᠠᠰᠤᠨ ᠤ ᠪᠦᠳᠤᠭᠡᠨ | ᠪᠠᠶᠢᠭᠤᠯᠤᠯᠳᠠ ᠶᠢᠨ ᠬᠦᠬᠢᠬᠦᠯᠤᠨ ᠱᠠᠩᠨᠠᠬᠤ ᠶᠡᠭᠡ ᠬᠤᠷᠠᠯ ᠳᠤ᠂ ᠵᠠᠯᠠᠶᠢᠳ ᠬᠤᠰᠢᠭᠤᠨ ᠤ ᠵᠠᠰᠠᠭ ᠤᠨ ᠶᠠᠪᠤᠳᠠᠯ ᠤᠨ | ᠦᠢᠯᠡᠴᠢᠯᠡᠭᠡ ᠪᠠ ᠲᠤᠭ᠎ᠠ ᠪᠠᠷᠢᠮᠳᠠ ᠶᠢᠨ ᠬᠠᠮᠢᠶᠠᠷᠤᠯᠳᠠ ᠶᠢᠨ ᠲᠤᠪᠴᠢᠶ᠎ᠠ ︽ᠲᠤᠯᠤᠳᠤᠭᠠᠷ ᠬᠤᠭᠤᠴᠠᠭᠠᠨ ᠤ ᠪᠦᠬᠦ | ᠤᠯᠤᠰ ᠤᠨ ᠪᠤᠯᠪᠠᠰᠤᠨ ᠨᠢᠭᠡᠴᠢ︾ ᠶᠢᠨ ᠢᠷᠠᠭᠤ ᠠᠯᠳᠠᠷ ᠢ ᠬᠦᠷᠳᠡᠪᠡ᠃ ᠡᠨᠡᠬᠦ ᠢᠷᠠᠭᠤ ᠠᠯᠳᠠᠷ ᠨᠢ ᠲᠤᠰ | ᠲᠤᠪᠴᠢᠶ᠎ᠠ ᠶᠢᠨ ᠦᠨᠳᠤᠷ ᠦᠷ᠎ᠠ ᠠᠰᠢᠭᠳᠠᠢ ᠲᠦᠬᠦᠮ ᠲᠦᠳᠠ ᠵᠠᠰᠠᠭ ᠤᠨ ᠶᠠᠪᠤᠳᠠᠯ ᠤᠨ ᠰᠢᠰᠲ᠋ᠧᠮ ᠢ ᠬᠦᠴᠤᠯᠡᠨ | ᠡᠬᠦᠳᠥᠭᠰᠡᠨ᠂ ᠤᠶᠤᠨ ᠤ ᠪᠤᠯᠪᠠᠰᠤᠨ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠬᠦᠨᠵᠡᠭᠡᠢ | ᠠᠭᠤᠰᠤᠯᠴᠠᠭᠤᠯᠤᠭᠰᠠᠨ᠂ ᠦᠢᠯᠡᠴᠢᠯᠡᠭᠡᠨ ᠤ ᠶᠠᠰᠤ ᠴᠢᠨᠠᠷ ᠢ ᠪᠦᠬᠦ ᠲᠠᠯ᠎ᠠ ᠪᠠᠷ ᠲᠡᠭᠡᠭᠰᠢᠯᠡᠬᠦᠯᠥᠭᠰᠡᠨ ᠤ ᠦᠨᠳᠤᠷ | ᠦᠨᠡᠯᠡᠯᠳᠠ ᠪᠠᠶᠢᠵᠤ᠂ ᠨᠡᠩ ᠴᠤ ᠢᠷᠡᠭᠡᠳᠤᠢ ᠶᠢᠨ ᠬᠦᠭᠵᠢᠯᠳᠠ ᠳᠤ ᠬᠦᠴᠤᠷᠬᠡᠭ ᠶᠡᠭᠡ ᠬᠦᠳᠡᠯᠭᠡᠭᠴᠢ ᠬᠦᠴᠤᠨ | ᠬᠠᠩᠭᠠᠯ᠎ᠠ᠃ | ᠵᠠᠯᠠᠶᠢᠳ ᠬᠤᠰᠢᠭᠤᠨ ᠤ ᠵᠠᠰᠠᠭ ᠤᠨ ᠶᠡᠪᠤᠳᠠᠯ ᠤᠨ ᠦᠢᠯᠡᠴᠢᠯᠡᠭᠡᠨ ᠤ ᠲᠠᠩᠬᠢᠮ ᠳᠤ᠂ ᠠᠵᠢᠯᠳᠠᠨ ᠠᠴᠠ | ᠢᠨᠢᠶᠡᠮᠰᠤᠩᠬᠦᠢ ᠪᠠᠷ ᠦᠢᠯᠡᠴᠢᠯᠡᠨ᠂ ᠶᠠᠪᠤᠳᠠᠯ ᠬᠦᠢᠴᠡᠳᠭᠡᠬᠦ ᠪᠠᠷ ᠢᠷᠡᠭᠰᠡᠨ ᠤᠯᠠᠨ ᠲᠦᠮᠡᠨ ᠳᠤ ᠰᠢᠯᠢᠳᠡᠭ ᠪᠡᠶᠡᠳᠠᠨ | ᠤᠶᠢᠯᠠᠭᠠᠯᠳᠠ ᠬᠠᠩᠭᠠᠵᠤ ᠦᠭᠬᠦᠨ᠎ᠠ᠃ ᠡᠬᠦᠨ ᠳᠤ᠂ ᠶᠠᠪᠤᠳᠠᠯ ᠬᠦᠢᠴᠡᠳᠭᠡᠬᠦ ᠪᠠᠷ ᠢᠷᠡᠭᠰᠡᠳ ᠢ ᠠᠵᠢᠯᠳᠠᠨ ᠠᠴᠠ | ᠬᠠᠯᠠᠭᠤᠮᠰᠤᠭ ᠢᠶᠠᠷ ᠬᠦᠯᠢᠶᠡᠨ ᠠᠪᠬᠤ ᠶᠢᠨ ᠬᠠᠮᠳᠤ ᠬᠠᠮᠢᠶ᠎ᠠ ᠪᠦᠬᠦᠢ ᠮᠠᠲ᠋ᠧᠷᠢᠶᠠᠯ ᠢ ᠨᠢ ᠨᠠᠷᠢᠨ ᠬᠢᠨᠠᠮᠠᠭᠠᠢ | ᠬᠠᠷᠭᠤᠭᠤᠯᠤᠨ᠂ ᠬᠠᠮᠢᠶ᠎ᠠ ᠪᠦᠬᠦᠢ ᠬᠦᠰᠤᠨᠥᠭᠳᠤ ᠲᠠᠭᠯᠠᠬᠤ ᠶᠢ ᠨᠠᠷᠢᠨ ᠨᠢᠭᠳᠠ ᠵᠢᠭᠠᠨ ᠵᠢᠯᠤᠭᠤᠳᠴᠤ ᠦᠭᠬᠦᠨ᠎ᠠ᠃ | ᠠᠵᠤ ᠠᠬᠤᠶᠢᠯᠠᠯ ᠪᠠ ᠤᠯᠠᠨ ᠲᠦᠮᠡᠨ ᠤ ︽ᠬᠠᠮᠤᠭ ᠡᠴᠤᠰ ᠤᠨ ᠨᠢᠭᠡ ᠮᠧᠲᠷ︾ ᠢ ᠨᠡᠪᠳᠡᠷᠡᠬᠦᠯᠬᠦ ᠪᠠᠷ᠂ ᠡᠨᠡᠬᠦ | ᠲᠤᠪᠴᠢᠶ᠎ᠠ ︽ᠸᠢᠳᠢᠣ᠋ ᠪᠠᠷ ᠬᠦᠢᠴᠡᠳᠭᠡᠬᠦ︾ ᠦᠢᠯᠡᠴᠢᠯᠡᠭᠡ ᠶᠢ ᠠᠬᠢᠭᠤᠯᠵᠤ᠂ ᠲᠠᠭᠤ ᠸᠢᠳᠢᠣ᠋ ᠪᠠᠷ ᠬᠤᠯᠪᠤᠭᠠᠯᠠᠬᠤ᠂ | ᠲᠡᠯᠭᠡᠴᠠ ᠶᠢ ᠬᠠᠮᠳᠤᠪᠠᠷ ᠡᠳ᠋ᠯᠡᠬᠦ᠂ ᠮᠠᠲ᠋ᠧᠷᠢᠶᠠᠯ ᠲᠠᠮᠵᠢᠭᠤᠯᠬᠤ᠂ ᠰᠦᠯᠵᠢᠶᠡᠨ ᠲᠡᠭᠡᠷ᠎ᠠ ᠬᠠᠪᠰᠤᠷᠤᠮᠵᠢ ᠦᠵᠡᠬᠦᠯᠬᠦ | ᠵᠡᠷᠭᠡ ᠮᠡᠷᠭᠡᠵᠢᠯ ᠢ ᠠᠰᠢᠭᠯᠠᠨ᠂ ᠲᠤᠬᠠᠢ ᠶᠢᠨ ᠲᠠᠯᠠᠪᠠᠢ ᠳᠤ ᠬᠦᠷᠴᠤ ᠲᠡᠶᠢᠯᠬᠦ ᠦᠭᠡᠢ ᠤᠯᠠᠨ ᠲᠦᠮᠡᠨ ᠢ ᠬᠠᠪᠰᠤᠷᠤᠨ | ᠶᠠᠪᠤᠳᠠᠯ ᠢ ᠨᠢ ᠬᠦᠢᠴᠡᠳᠭᠡᠨ᠂ ᠤᠯᠠᠨ ᠲᠦᠮᠡᠨ ᠤ ᠲᠤᠬᠠᠢ ᠶᠢᠨ ᠲᠠᠯᠠᠪᠠᠢ ᠳᠤ ᠢᠷᠡᠬᠦ ᠦᠭᠡᠢ ᠪᠠᠷ ᠶᠠᠪᠤᠳᠠᠯ | ᠬᠦᠢᠴᠡᠳᠭᠡᠬᠦ ᠱᠠᠭᠠᠷᠳᠠᠯᠭ᠎ᠠ ᠶᠢ ᠪᠦᠳᠤᠮᠵᠢᠳᠠᠢ ᠬᠠᠩᠭᠠᠪᠠ᠃ | ︽ᠸᠢᠳᠢᠣ᠋ ᠪᠠᠷ ᠬᠦᠢᠴᠡᠳᠭᠡᠬᠦ ᠶᠢ ᠬᠡᠷᠡᠭᠵᠢᠬᠦᠯᠥᠭᠰᠡᠨ ᠠᠴᠠ ᠨᠠᠭᠠᠰᠢ ᠨᠡᠶᠢᠳᠠ ᠰᠦᠯᠵᠢᠶᠡᠨ ᠲᠡᠭᠡᠷ᠎ᠠ 340 | ᠬᠤᠪᠢ ᠬᠢᠨᠠᠨ ᠵᠦᠪᠰᠢᠶᠡᠷᠡᠬᠦ ᠦᠢᠯᠡᠴᠢᠯᠡᠭᠡ ᠶᠢᠨ ᠶᠠᠪᠤᠳᠠᠯ ᠢ ᠬᠠᠪᠰᠤᠷᠤᠨ ᠬᠦᠢᠴᠡᠳᠭᠡᠵᠤ᠂ ᠲᠦᠷᠥ ᠶᠢᠨ | ᠪᠤᠳᠤᠯᠭ᠎ᠠ ᠶᠢᠨ ᠠᠰᠠᠭᠤᠨ ᠰᠤᠷᠠᠬᠤ᠂ ᠮᠠᠲ᠋ᠧᠷᠢᠶᠠᠯ ᠢ ᠤᠷᠢᠳᠴᠢᠯᠠᠨ ᠬᠢᠨᠠᠬᠤ᠂ ᠶᠠᠪᠤᠴᠠ ᠳᠤ ᠵᠢᠯᠤᠭᠤᠳᠤᠯᠭ᠎ᠠ ᠬᠢᠬᠦ | ᠵᠡᠷᠭᠡ ᠤᠯᠠᠨ ᠲᠦᠮᠡᠨ ᠤ 1000 ᠭᠠᠷᠤᠢ ᠤᠳᠠᠭ᠎ᠠ ᠠᠰᠠᠭᠤᠨ ᠰᠤᠷᠠᠬᠤ ᠶᠢ ᠬᠦᠯᠢᠶᠡᠨ ᠠᠪᠴᠤ᠂ ᠤᠯᠠᠨ | ᠲᠦᠮᠡᠨ ᠤ ᠤᠨᠳᠤᠤ ᠭᠠᠵᠠᠷ ᠲᠤ ᠬᠡᠷᠡᠭ ᠬᠦᠢᠴᠡᠳᠭᠡᠬᠦ᠂ ᠶᠠᠪᠤᠵᠤ ᠰᠠᠭᠤᠬᠤ ᠳᠤ ᠲᠦᠬᠦᠮ ᠦᠭᠡᠢ ᠵᠡᠷᠭᠡ | ᠬᠦᠴᠢᠷᠳᠠᠯ ᠢ ᠦᠨᠡᠨᠬᠦ ᠰᠶᠢᠳᠪᠤᠷᠢᠯᠡᠪᠡ︾ ᠭᠡᠵᠤ ᠵᠠᠯᠠᠶᠢᠳ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ | ᠪᠠ ᠲᠤᠭ᠎ᠠ ᠪᠠᠷᠢᠮᠳᠠ ᠶᠢᠨ ᠬᠠᠮᠢᠶᠠᠷᠤᠯᠳᠠ ᠶᠢᠨ ᠲᠤᠪᠴᠢᠶ᠎ᠠ ᠶᠢᠨ ᠠᠵᠢᠯᠳᠠᠨ ᠯᠢ ᠵᠢᠶᠠ ᠴᠢ ᠶᠠᠷᠢᠨ᠎ᠠ᠃ | ᠲᠤᠰ ᠲᠤᠪᠴᠢᠶ᠎ᠠ ᠪᠦᠬᠦ ᠬᠤᠰᠢᠭᠤᠨ ᠤ 38 ᠰᠠᠯᠠᠭ᠎ᠠ ᠮᠦᠴᠢᠷ ᠤᠨ ᠬᠦᠴᠤᠨ ᠢ ᠨᠡᠶᠢᠳᠭᠡᠨ᠂ 1592 | ᠲᠦᠷᠤᠯ ᠤᠨ ᠬᠢᠨᠠᠨ ᠵᠦᠪᠰᠢᠶᠡᠷᠡᠬᠦ ᠬᠡᠷᠡᠭ ᠢ ︽ᠨᠢᠭᠡ ᠦᠷᠳᠡᠭᠡ ᠮᠠᠶ᠋ᠢᠭ︾ ᠢᠶᠠᠷ ᠬᠦᠢᠴᠡᠳᠭᠡᠬᠦ ᠳᠤ ᠤᠷᠤᠭᠤᠯᠪᠠ᠃ | ᠲᠤᠰ ᠶᠠᠪᠤᠳᠠᠯ ᠬᠦᠢᠴᠡᠳᠭᠡᠬᠦ ᠲᠠᠩᠬᠢᠮ ᠨᠢ ᠡᠳᠤᠷ ᠲᠤ 10000 ᠬᠤᠪᠢ ᠶᠠᠪᠤᠳᠠᠯ ᠬᠦᠢᠴᠡᠳᠭᠡᠵᠤ᠂ ︽ᠨᠢᠭᠡ | ᠡᠬᠦᠳᠡᠨ ᠳᠤ ᠤᠷᠤᠵᠤ᠂ ᠨᠢᠭᠡ ᠴᠤᠩᠬᠤᠪᠴᠢ ᠳᠤ ᠬᠦᠷᠴᠤ᠂ ᠤᠯᠠᠨ ᠶᠠᠪᠤᠳᠠᠯ ᠢ ᠬᠦᠢᠴᠡᠳᠭᠡᠬᠦ︾ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠰᠢᠨ᠎ᠠ ᠲᠤᠭᠳᠠᠴᠠ ᠶᠢ ᠠᠮᠵᠢᠯᠳᠠᠳᠠᠢ ᠪᠤᠢ ᠪᠤᠯᠭᠠᠪᠠ᠃ | ︵ᠴᠡᠯᠮᠡᠭ ᠬᠤᠩ ᠪᠢᠶᠤᠤ︶ |