| ᠤᠶᠢᠷ᠎ᠡ ᠳᠤ᠂ ᠦᠪᠡᠷᠳᠡᠬᠡᠨ ᠵᠠᠰᠠᠬᠤ ᠤᠷᠤᠨ ᠤ ᠡᠳ᠋ ᠤᠨ ᠵᠠᠰᠠᠭ ᠤᠨ ᠲᠢᠩᠬᠢᠮ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠵᠠᠰᠠᠭ ᠵᠠᠬᠢᠷᠭᠠᠨ ᠠᠵᠢᠯ ᠦᠢᠯᠡᠰ ᠤᠨ ᠨᠢᠬᠡᠴᠢ ᠶᠢᠨ ᠤᠯᠤᠰ ᠤᠨ | ᠦᠮᠴᠢᠯᠡᠯ ᠤᠨ ᠡᠳ᠋ ᠬᠥᠷᠥᠩᠭᠡ ᠶᠢ ᠰᠶᠢᠳᠪᠤᠷᠢᠯᠡᠵᠤ ᠬᠢᠨᠠᠨ ᠵᠦᠪᠰᠢᠶᠡᠷᠡᠬᠦ ᠡᠷᠬᠡ ᠵᠢᠴᠢ ᠣᠷᠣᠯᠭ᠎ᠠ ᠶᠢᠨ | ᠬᠠᠮᠢᠶᠠᠷᠤᠯᠳᠡ ᠶᠢᠨ ᠠᠷᠭ᠎ᠠ︾ ︵ᠳᠣᠷᠣᠭᠰᠢ ︽ᠠᠷᠭ᠎ᠠ︾ ᠭᠡᠵᠦ ᠲᠣᠪᠴᠢᠯᠠᠨ᠎ᠠ︶ ᠳᠤ ᠰᠢᠨ᠎ᠡ ᠪᠠᠷ ᠵᠠᠰᠠᠪᠤᠷᠢ | ᠣᠷᠣᠭᠤᠯᠪᠠ᠃ ︽ᠠᠷᠭ᠎ᠠ︾ ᠨᠢ ᠤᠯᠤᠰ ᠤᠨ ᠦᠮᠴᠢᠯᠡᠯ ᠤᠨ ᠡᠳ᠋ ᠬᠥᠷᠥᠩᠭᠡ ᠶᠢ ᠰᠶᠢᠳᠪᠤᠷᠢᠯᠡᠵᠤ ᠬᠢᠨᠠᠨ | ᠵᠦᠪᠰᠢᠶᠡᠷᠡᠬᠦ ᠡᠷᠬᠡ ᠶᠢᠨ ᠬᠢᠵᠠᠭᠠᠷ ᠢ ᠠᠭᠤᠵᠢᠭᠤ ᠲᠠᠯᠪᠢᠵᠤ᠂ ᠵᠠᠰᠠᠭ ᠵᠠᠬᠢᠷᠭᠠᠨ ᠤ ᠬᠦᠴᠦᠨ ᠴᠢᠳᠠᠪᠤᠷᠢ ᠶᠢ | ᠳᠡᠭᠡᠭᠰᠢᠯᠡᠭᠦᠯᠬᠦ᠂ ᠶᠠᠪᠤᠴᠠ ᠶᠢ ᠳᠥᠭᠦᠮᠴᠢᠯᠡᠬᠦ᠂ ᠤᠯᠤᠰ ᠤᠨ ᠦᠮᠴᠢᠯᠡᠯ ᠤᠨ ᠡᠳ᠋ ᠬᠥᠷᠥᠩᠭᠡ ᠶᠢ ᠰᠶᠢᠳᠪᠤᠷᠢᠯᠡᠵᠤ | ᠬᠢᠨᠠᠨ ᠵᠦᠪᠰᠢᠶᠡᠷᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠬᠦ ᠲᠠᠯ᠎ᠠ ᠪᠠᠷ ᠵᠠᠩᠭᠢᠯᠠᠭ᠎ᠠ ᠶᠢᠨ ᠰᠢᠪᠳᠤᠯᠤᠯᠳᠡ ᠲᠠᠢ | ᠪᠤᠯᠭᠠᠪᠠ᠃ | ︽ᠠᠷᠭ᠎ᠠ︾ ᠨᠢ ᠡᠳ᠋ ᠬᠥᠷᠥᠩᠭᠡ ᠶᠢ ᠰᠶᠢᠳᠪᠤᠷᠢᠯᠡᠬᠦ ᠵᠠᠩᠭᠢᠯᠠᠭ᠎ᠠ ᠶᠢᠨ ᠭᠤᠭᠴᠤᠭ᠎ᠠ ᠳᠤ ᠠᠩᠬᠠᠷᠤᠯ ᠢᠶᠠᠨ | ᠲᠥᠪᠯᠡᠷᠡᠭᠦᠯᠵᠦ᠂ ᠲᠠᠰ ᠳᠠᠪᠬᠤᠷᠭ᠎ᠠ ᠲᠥᠷᠥᠯ ᠬᠤᠪᠢᠶᠠᠨ ᠬᠠᠮᠢᠶᠠᠷᠬᠤ ᠰᠢᠰᠲ᠋ᠧᠮ ᠢ ᠪᠠᠶᠢᠭᠤᠯᠬᠤ ᠪᠤᠯᠤᠨ᠎ᠡ᠃ | ᠲᠣᠭᠲᠠᠮᠠᠯ ᠬᠥᠷᠥᠩᠭᠡ ᠶᠢ ᠬᠠᠮᠢᠶᠠᠷᠬᠤ᠂ ᠲᠣᠨᠤᠭ ᠲᠥᠬᠦᠭᠡᠷᠦᠮᠵᠢ ᠶᠢᠨ ᠲᠥᠷᠥᠯ ᠤᠨ ᠡᠳ᠋ ᠬᠥᠷᠥᠩᠭᠡ ᠶᠢ | ᠰᠶᠢᠳᠪᠤᠷᠢᠯᠡᠵᠤ ᠬᠢᠨᠠᠨ ᠵᠦᠪᠰᠢᠶᠡᠷᠡᠬᠦ ᠡᠷᠬᠡ ᠶᠢᠨ ᠬᠢᠵᠠᠭᠠᠷ ᠢ 300 ᠲᠦᠮᠡᠨ ᠲᠥᠭᠦᠷᠢᠭ ᠪᠠᠶᠢᠭᠰᠠᠨ ᠠᠴᠠ 1000 | ᠲᠦᠮᠡᠨ ᠲᠥᠭᠦᠷᠢᠭ ᠪᠣᠯᠭᠠᠨ ᠳᠡᠭᠡᠭᠰᠢᠯᠡᠭᠦᠯᠤᠨ᠎ᠡ︔ ᠵᠥᠭᠡᠯᠡᠨ ᠲᠣᠨᠤᠭ ᠤᠨ ᠲᠥᠷᠥᠯ ᠤᠨ ᠳᠠᠯᠳᠠ ᠬᠥᠷᠥᠩᠭᠡ ᠶᠢ | ᠬᠢᠨᠠᠨ ᠵᠥᠪᠰᠢᠶᠡᠷᠡᠬᠦ ᠪᠠᠷᠢᠮᠵᠢᠶ᠎ᠠ ᠶᠢ 20 ᠲᠦᠮᠡᠨ ᠲᠥᠭᠦᠷᠢᠭ ᠪᠠᠶᠢᠭᠰᠠᠨ ᠠᠴᠠ 200 ᠲᠦᠮᠡᠨ ᠲᠥᠭᠦᠷᠢᠭ ᠪᠣᠯᠭᠠᠨ | ᠳᠡᠭᠡᠭᠰᠢᠯᠡᠭᠦᠯᠵᠦ᠂ ︽ᠠᠷᠪᠠᠨ ᠳᠠᠬᠢᠨ ᠢᠶᠠᠷ ᠨᠡᠮᠡᠭᠳᠡᠭᠦᠯᠬᠦ︾ ᠶᠢ ᠪᠡᠶᠡᠯᠡᠭᠦᠯᠤᠨ᠎ᠡ︔ ᠰᠢᠨᠵᠢᠯᠡᠬᠦ ᠤᠬᠠᠭᠠᠨ ᠤ | ᠰᠤᠳᠤᠯᠭᠠᠨ ᠤ ᠬᠦᠷᠢᠶᠡᠯᠡᠩ ᠭᠠᠵᠠᠷ᠂ ᠶᠡᠭᠡ ᠳᠡᠭᠡᠳᠦ ᠰᠤᠷᠭᠠᠭᠤᠯᠢ ᠶᠢᠨ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠦᠷ᠎ᠡ ᠪᠦᠲᠦᠭᠡᠯ ᠢ ᠤᠨᠳᠤᠤᠰᠢᠭᠤᠯᠤᠨ ᠰᠢᠢᠳᠪᠦᠷᠢᠯᠡᠬᠦ ᠡᠷᠬᠡ ᠶᠢ ᠭᠤᠤᠯᠯᠠᠨ ᠬᠠᠮᠢᠶᠠᠷᠬᠤ ᠰᠠᠯᠠᠭ᠎ᠠ | ᠮᠥᠴᠢᠷ ᠲᠤ ᠪᠥᠬᠦ ᠲᠠᠯ᠎ᠠ ᠪᠠᠷ ᠪᠠᠭᠤᠯᠭᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ | ᠤᠨᠳᠤᠤᠰᠢᠭᠤᠯᠬᠤ ︽ᠡᠴᠦᠰ ᠤᠨ ᠨᠢᠭᠡ ᠺᠢᠯᠣᠮᠧᠲᠷ︾ ᠤᠨ ᠬᠦᠴᠢᠷ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠵᠦ᠂ | ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠨ ᠤ ᠳᠠᠷᠤᠭᠠᠰᠤ ᠶᠢ ᠬᠥᠩᠭᠡᠷᠡᠭᠦᠯᠤᠨᠡ᠃ | ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠦᠨᠡᠨ ᠬᠦ | ᠪᠠᠲᠤᠯᠠᠬᠤ ᠶᠢᠨ ᠲᠥᠯᠥᠭᠡ ︽ᠠᠷᠭ᠎ᠠ︾ ᠨᠢ ᠰᠢᠰᠲ᠋ᠧᠮ ᠤᠨ ᠴᠢᠨᠠᠷᠲᠠᠶ ᠪᠠᠷ ᠤᠤᠯ ᠤᠨ ᠬᠠᠮᠢᠶᠠᠷᠤᠯᠲᠠ ᠶᠢᠨ | ᠠᠷᠭ᠎ᠠ ᠶᠢ ᠳᠠᠬᠢᠨ ᠪᠠᠶᠢᠭᠤᠯᠬᠤ ᠪᠠᠷ ᠵᠣᠷᠢᠯᠭ᠎ᠠ ᠪᠠᠨ ᠪᠤᠯᠭᠠᠪᠠ᠃ ᠲᠥᠷᠥᠯ ᠬᠤᠪᠢᠶᠠᠬᠤ᠂ ᠱᠠᠲᠤ ᠬᠤᠪᠢᠶᠠᠨ ᠡᠷᠬᠡ | ᠣᠯᠭᠤᠬᠤ ᠲᠣᠭᠲᠠᠴᠠ ᠶᠢ ᠪᠠᠶᠢᠭᠤᠯᠬᠤ ᠪᠠᠷ ᠳᠠᠮᠵᠢᠭᠤᠯᠤᠨ᠂ ᠭᠠᠵᠠᠷ ᠰᠢᠷᠣᠶ ᠬᠡᠷᠡᠭᠯᠡᠬᠦ ᠡᠷᠬᠡ᠂ ᠬᠡᠷ ᠪᠠᠶᠢᠰᠢᠩ | ᠵᠡᠷᠭᠡ ᠭᠤᠤᠯᠳᠠᠯᠭ᠎ᠠ ᠲᠠᠢ ᠡᠳ᠋ ᠬᠥᠷᠥᠩᠭᠡ ᠶᠢ ᠮᠥᠨ ᠬᠦ ᠴᠢᠩᠭ᠎ᠠ ᠬᠠᠮᠢᠶᠠᠷᠤᠨ ᠡᠵᠡᠮᠳᠡᠵᠦ᠂ ᠰᠢᠨ᠎ᠡ ᠶᠢ ᠡᠭᠦᠳᠬᠦ | ᠡᠯᠧᠮᠧᠨ᠋ᠲ ᠲᠥᠪᠯᠡᠷᠡᠭᠰᠡᠨ ᠰᠢᠨᠵᠢᠯᠡᠬᠦ ᠤᠬᠠᠭᠠᠨ ᠤ ᠰᠤᠳᠤᠯᠭᠠᠨ ᠤ ᠡᠳ᠋ ᠬᠥᠷᠥᠩᠭᠡ ᠳᠤ ︽ᠰᠠᠭᠠᠳ ᠥᠬᠡᠶ | ᠨᠡᠪᠲᠡᠷᠡᠬᠦ ᠵᠠᠮ︾ ᠢ ᠨᠡᠪᠲᠡᠷᠡᠭᠦᠯᠤᠨᠡ︔ ᠡᠳ᠋ ᠬᠥᠷᠥᠩᠭᠡ ᠶᠢ ᠰᠢᠢᠳᠪᠦᠷᠢᠯᠡᠭᠰᠡᠨ ᠠᠰᠢᠭ ᠣᠷᠣᠯᠭ᠎ᠠ ᠶᠢᠨ | ᠬᠠᠮᠢᠶᠠᠷᠤᠯᠲᠠ᠂ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠵᠡᠷᠭᠡ ᠢᠵᠢ ᠪᠥᠷᠢᠳᠦᠭᠰᠡᠨ ᠲᠦᠷᠢᠮ ᠢ ᠵᠡᠷᠭᠡ ᠪᠠᠷ | ᠲᠡᠭᠦᠯᠳᠡᠷᠵᠢᠭᠦᠯᠵᠦ᠂ ᠨᠢᠭᠡᠴᠢ ᠳᠤ ᠨᠠᠩ ᠣᠯᠠᠨ ᠡᠵᠡᠨ ᠮᠡᠳᠡᠬᠦ ᠡᠷᠬᠡ ᠣᠯᠭᠤᠭᠰᠠᠨ ᠮᠥᠷᠲᠡᠭᠡᠨ ᠪᠠᠰᠠ ᠤᠯᠤᠰ ᠤᠨ | ᠦᠮᠴᠢᠯᠡᠯ ᠤᠨ ᠡᠳ᠋ ᠬᠥᠷᠥᠩᠭᠡ ᠶᠢᠨ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠬᠤ | ᠪᠤᠯᠤᠨ᠎ᠠ᠃ ︵ᠲᠤᠰ ᠡᠬᠡ ᠪᠢᠴᠢᠭ ᠢ ︽ᠦᠪᠤᠷ ᠮᠤᠩᠭᠤᠯ ᠤᠨ ᠡᠳᠤᠷ ᠤᠨ ᠰᠤᠨᠢᠨ︾ ᠠᠴᠠ ᠰᠢᠯᠵᠢᠬᠦᠯᠪᠡ︶ |