ᠮᠠᠨ ᠤ ᠤᠷᠤᠨ ᠤ 6 ᠰᠠᠯᠠᠭ᠎ᠠ ᠮᠦᠴᠢᠷ ᠬᠠᠮᠳᠤᠷᠠᠨ ᠪᠢᠴᠢᠭ ᠮᠠᠲ᠋ᠧᠷᠢᠶᠠᠯ ᠪᠠᠭᠤᠯᠭᠠᠵᠤ ᠰᠢᠨ᠎ᠠ ᠡᠨᠧᠷᠭᠢ ᠶᠢ ᠨᠡᠭᠡᠭᠡᠨ ᠬᠦᠭᠵᠢᠬᠦᠯᠬᠦ ᠵᠠᠭᠪᠤᠷ ᠢ ᠤᠯᠠᠮ ᠲᠡᠬᠦᠯᠳᠡᠷᠵᠢᠬᠦᠯᠵᠤ ᠪᠤᠢ
ᠨᠡᠶᠢᠲᠡᠯᠡᠭᠰᠡᠨ ᠴᠠᠭ᠄
2025/6/20
    ᠲᠦᠷᠦᠬᠦᠭᠡᠨ᠂ ᠥᠪᠡᠷᠲᠡᠭᠡᠨ ᠵᠠᠰᠠᠬᠤ ᠣᠷᠣᠨ ᠤ ᠡᠨᠧᠷᠭᠢ ᠶᠢᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ᠂ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ᠂ ᠴᠠᠭ ᠠᠭᠤᠷ ᠤᠨ ᠲᠣᠪᠴᠢᠶ᠎ᠠ ᠬᠠᠮᠲᠤᠷᠠᠨ ᠪᠢᠴᠢᠭ ᠮᠠᠲ᠋ᠧᠷᠢᠶᠠᠯ ᠪᠠᠭᠤᠯᠭᠠᠵᠤ ᠰᠢᠨ᠎ᠡ ᠡᠨᠧᠷᠭᠢ ᠶᠢ ᠨᠡᠭᠡᠭᠡᠨ ᠬᠥᠭᠵᠢᠭᠦᠯᠬᠦ ᠵᠠᠭᠪᠤᠷ ᠢ ᠤᠯᠠᠮ ᠲᠡᠭᠦᠯᠳᠡᠷᠵᠢᠭᠦᠯᠬᠦ ᠲᠤᠬᠠᠢ 12 ᠵᠦᠢᠯ ᠤᠨ ᠠᠷᠭ᠎ᠠ ᠬᠡᠮᠵᠢᠶ᠎ᠡ ᠶᠢ ᠪᠠᠶᠢᠷᠢᠯᠠᠭᠤᠯᠪᠠ᠃    ᠤᠶᠢᠯᠠᠭᠠᠭᠰᠠᠨ ᠢᠶᠠᠷ᠂ ᠪᠠᠶᠢᠷᠢᠯᠠᠭᠤᠯᠤᠯᠲᠠ ᠶᠣᠰᠣᠭᠠᠷ᠂ ᠮᠠᠨ ᠤ ᠣᠷᠣᠨ ᠪᠦᠬᠦᠯᠢ ᠴᠣᠭᠴᠠ ᠶᠢᠨ ᠪᠠᠶᠢᠷᠢᠰᠢᠭᠤᠯᠤᠯᠲᠠ ᠶᠢ ᠰᠢᠰᠲ᠋ᠧᠮ ᠲᠠᠢ ᠲᠥᠯᠥᠪᠵᠢᠭᠦᠯᠬᠦ᠂ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠪᠤᠰᠤ ᠭᠠᠵᠠᠷ ᠰᠢᠷᠤᠢ ᠶᠢᠨ ᠲᠦᠷᠢᠶᠡᠰᠦᠯᠡᠯ ᠤᠨ ᠬᠠᠮᠢᠶᠠᠷᠤᠯᠲᠠ ᠶᠢ ᠴᠢᠩᠭᠠᠳᠬᠠᠬᠤ᠂ ᠬᠠᠮᠲᠤ ᠶᠢᠨ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠰᠢᠷᠤᠢ ᠶᠢᠨ ᠬᠤᠪᠢ ᠣᠷᠣᠭᠤᠯᠵᠤ ᠬᠤᠯᠪᠣᠭᠠᠯᠠᠨ ᠡᠵᠡᠩᠨᠡᠬᠦ ᠵᠠᠭᠪᠤᠷ ᠢ ᠳᠡᠯᠭᠡᠷᠡᠭᠦᠯᠬᠦ᠂ ᠤᠯᠤᠰ ᠤᠨ ᠥᠮᠴᠢᠯᠡᠯ ᠤᠨ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠰᠢᠷᠤᠢ ᠶᠢᠨ ᠴᠢᠬᠤᠯᠠ ᠡᠯᠧᠮᠧᠨ᠋ᠲ ᠤᠨ ᠪᠠᠲᠤᠯᠠᠭ᠎ᠠ ᠶᠢ ᠴᠢᠩᠭᠠᠳᠬᠠᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠭᠤᠰᠤᠯᠴᠠᠭᠤᠯᠤᠨ ᠬᠥᠭᠵᠢᠭᠦᠯᠬᠦ ᠶᠢ ᠠᠬᠢᠭᠤᠯᠬᠤ᠂ ︽ᠰᠢᠨ᠎ᠡ ᠡᠨᠧᠷᠭᠢ +︾ ᠶᠢᠨ ᠨᠡᠭᠡᠭᠡᠨ ᠬᠥᠭᠵᠢᠭᠦᠯᠬᠦ ᠵᠠᠭᠪᠤᠷ ᠢ ᠳᠡᠯᠭᠡᠷᠡᠭᠦᠯᠬᠦ᠂ ᠣᠷᠣᠨ ᠤ ᠳᠣᠲᠣᠷᠠᠬᠢ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠰᠢᠨ᠎ᠡ ᠡᠨᠧᠷᠭᠢ ᠶᠢ ᠨᠡᠭᠡᠭᠡᠨ ᠬᠥᠭᠵᠢᠭᠦᠯᠵᠦ ᠪᠥᠲᠥᠭᠡᠨ ᠪᠠᠶᠢᠭᠤᠯᠬᠤ ᠳᠤ ᠣᠷᠣᠯᠴᠠᠬᠤ ᠶᠢ ᠵᠣᠷᠢᠭᠵᠢᠭᠤᠯᠬᠤ ᠵᠡᠷᠭᠡ 7 ᠲᠠᠯ᠎ᠠ ᠪᠠᠷ ᠰᠢᠨ᠎ᠡ ᠡᠨᠧᠷᠭᠢ ᠶᠢᠨ ᠠᠵᠤ ᠦᠢᠯᠡᠰ ᠤᠨ ᠣᠷᠣᠨ ᠨᠤᠲᠤᠭ ᠤᠨ ᠠᠵᠤ ᠠᠬᠤᠶ ᠶᠢᠨ ᠬᠥᠭᠵᠢᠯᠲᠡ ᠳᠤ ᠬᠦᠴᠦᠨ ᠨᠡᠮᠡᠷᠢᠯᠡᠬᠦ ᠶᠢ ᠬᠦᠴᠦᠯᠡᠨ ᠠᠬᠢᠭᠤᠯᠵᠤ᠂ ᠭᠠᠵᠠᠷ ᠰᠢᠷᠣᠶ ᠶᠢᠨ ᠡᠬᠢ ᠪᠠᠶᠠᠯᠢᠭ ᠢ ᠡᠷᠴᠢᠮᠵᠢᠭᠦᠯᠦᠨ ᠥᠨᠳᠥᠷ ᠪᠦᠲᠦᠮᠵᠢᠲᠡᠶ ᠠᠰᠢᠭᠯᠠᠬᠤ ᠶᠢ ᠠᠬᠢᠭᠤᠯᠬᠤ ᠪᠠ ᠮᠠᠯᠴᠢᠨ ᠲᠠᠷᠢᠶᠠᠴᠢᠨ ᠤ ᠣᠷᠣᠯᠭ᠎ᠠ ᠶᠢ ᠣᠷᠳᠣ ᠬᠤᠭᠤᠴᠠᠭ᠎ᠠ ᠲᠣᠭᠲᠠᠭᠤᠨ ᠨᠡᠮᠡᠭᠳᠡᠭᠦᠯᠬᠦ ᠶᠢ ᠪᠠᠲᠤᠯᠠᠨ᠎ᠠ᠃    ᠥᠪᠡᠷᠲᠡᠭᠡᠨ ᠵᠠᠰᠠᠬᠤ ᠣᠷᠣᠨ ᠤ ᠡᠨᠧᠷᠭᠢ ᠶᠢᠨ ᠲᠣᠪᠴᠢᠶ᠎ᠠ ᠬᠤᠯᠪᠣᠭᠳᠠᠯ ᠪᠥᠬᠦᠶ ᠲᠢᠩᠬᠢᠮ ᠲᠣᠪᠴᠢᠶ᠎ᠠ ᠲᠠᠢ ᠬᠠᠮᠲᠤᠷᠠᠨ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢ ᠲᠦᠷᠭᠡᠳᠭᠡᠨ ᠲᠡᠭᠦᠯᠳᠡᠷᠵᠢᠭᠦᠯᠵᠦ᠂ ᠰᠠᠯᠬᠢᠨ ᠤ ᠬᠦᠴᠦᠨ ᠬᠡᠷᠡᠯᠴᠢ ᠴᠡᠨᠡᠭ᠂ ᠭᠠᠵᠠᠷ ᠰᠢᠷᠣᠶ ᠶᠢᠨ ᠡᠬᠢ ᠪᠠᠶᠠᠯᠢᠭ ᠢ ᠵᠢᠭᠰᠠᠭᠠᠨ ᠪᠠᠶᠢᠴᠠᠭᠠᠬᠤ ᠠᠵᠢᠯ ᠢ ᠥᠨᠳᠥᠷ ᠪᠦᠲᠦᠮᠵᠢᠲᠡᠶ ᠪᠡᠶᠡᠯᠡᠭᠦᠯᠦᠨ᠎ᠡ︔ ᠡᠯ᠎ᠡ ᠠᠶᠢᠮᠠᠭ ᠬᠤᠲᠠ ᠶᠢᠨ ᠨᠠᠶᠢᠳᠠᠪᠤᠷᠢᠵᠢᠭᠤᠯᠤᠭᠰᠠᠨ ᠪᠠᠶᠢᠳᠠᠯ ᠢ ᠮᠥᠷᠳᠡᠨ ᠵᠢᠯᠣᠭᠤᠳᠬᠤ ᠪᠠᠨ ᠴᠢᠩᠭᠠᠳᠬᠠᠵᠤ᠂ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠬᠤ᠂ ᠰᠦᠯᠵᠢᠶᠡᠨ ᠳᠡᠭᠡᠷ᠎ᠡ ᠲᠣᠬᠢᠷᠠᠭᠤᠯᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠠᠵᠢᠯ ᠥᠷᠨᠢᠭᠦᠯᠦᠭᠰᠡᠨ ᠪᠠᠶᠢᠳᠠᠯ ᠢ ᠴᠠᠭ ᠲᠤᠬᠠᠶ ᠳᠤᠨᠢ ᠡᠵᠡᠮᠰᠢᠨ᠎ᠡ︔ ᠠᠵᠢᠯ ᠢ ᠠᠬᠢᠭᠤᠯᠬᠤ ᠬᠤᠷᠠᠯ ᠢ ᠲᠣᠭᠲᠠᠮᠠᠯ ᠬᠤᠭᠤᠴᠠᠭ᠎ᠠ ᠲᠠᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠲᠤᠷᠰᠢᠯᠭ᠎ᠠ ᠪᠠᠨ ᠰᠣᠯᠢᠯᠴᠠᠨ᠂ ᠠᠰᠠᠭᠤᠳᠠᠯ ᠢ ᠰᠢᠢᠳᠪᠦᠷᠢᠯᠡᠨ᠎ᠡ︔ ᠲᠥᠷᠥ ᠶᠢᠨ ᠪᠣᠳᠣᠯᠭ᠎ᠠ ᠶᠢᠨ ᠬᠥᠳᠡᠯᠦᠩᠭᠦᠶ ᠦᠨᠡᠯᠡᠨ ᠵᠢᠱᠢᠬᠦ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠪᠣᠳᠠᠲᠠᠶ ᠲᠠᠢ ᠪᠠᠨ ᠤᠶᠠᠯᠳᠤᠭᠤᠯᠤᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠴᠠᠭ ᠲᠤᠬᠠᠶ ᠳᠤᠨᠢ ᠲᠣᠬᠢᠷᠠᠭᠤᠯᠤᠨ ᠰᠢᠯᠢᠳᠡᠭᠵᠢᠭᠦᠯᠵᠦ᠂ ᠲᠥᠷᠥ ᠶᠢᠨ ᠪᠣᠳᠣᠯᠭ᠎ᠠ ᠶᠢ ᠣᠨᠣᠪᠴᠢᠲᠠᠶ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠨ᠎ᠠ᠃ ︵ᠲᠤᠰ ᠡᠬᠡ ᠪᠢᠴᠢᠭ ᠢ ︽ᠦᠪᠤᠷ ᠮᠤᠩᠭᠤᠯ ᠤᠨ ᠡᠳᠤᠷ ᠤᠨ ᠰᠤᠨᠢᠨ︾ ᠠᠴᠠ ᠰᠢᠯᠵᠢᠬᠦᠯᠪᠡ︶
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号