| 6 ᠰᠠᠷ᠎ᠠ ᠶᠢᠨ 20 ᠤ ᠡᠳᠦᠷ᠂ ᠴᠤᠤᠯ ᠤᠰᠤᠯᠠᠯᠲᠠ ᠶᠢᠨ ᠣᠷᠣᠨ ᠤ ᠪᠠᠷᠢᠯᠭ᠎ᠠ ᠶᠢᠨ ᠠᠵᠢᠯ | ᠳᠠᠭᠤᠰᠤᠭᠰᠠᠨ ᠢ ᠰᠢᠯᠭᠠᠨ ᠠᠪᠬᠤ ᠬᠤᠷᠠᠯ ᠵᠠᠯᠠᠶᠢᠳ ᠬᠤᠰᠢᠭᠤᠨ ᠳᠤ ᠬᠤᠷᠠᠯᠳᠤᠪᠠ᠂ ᠬᠤᠷᠠᠯ ᠢ ᠥᠪᠡᠷᠲᠡᠭᠡᠨ | ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠶᠡᠷᠦᠩᠬᠡᠶ ᠢᠨᠵᠧᠨᠧᠷ ᠵᠣᠣ ᠬᠠᠶ ᠴᠦᠨ ᠡᠷᠭᠢᠯᠡᠵᠡᠶ᠃ | ᠡᠨᠡ ᠨᠢ ᠴᠤᠤᠯ ᠤᠰᠤᠯᠠᠯᠲᠠ ᠶᠢᠨ ᠣᠷᠣᠨ ᠤ ᠪᠠᠷᠢᠯᠭ᠎ᠠ ᠨᠢ ᠣᠷᠣᠨ ᠨᠤᠲᠤᠭ ᠤᠨ ᠠᠵᠤ ᠠᠬᠤᠶ ᠶᠢᠨ ᠬᠥᠭᠵᠢᠯᠲᠡ | ᠪᠠ ᠠᠷᠠᠳ ᠤᠨ ᠠᠮᠢᠳᠤᠷᠠᠯ ᠳᠤ ᠦᠢᠯᠡᠴᠢᠯᠡᠬᠦ ᠰᠢᠨ᠎ᠡ ᠬᠠᠭᠤᠳᠠᠰᠤ ᠶᠢ ᠨᠡᠭᠡᠭᠡᠭᠰᠡᠨ ᠢ ᠬᠠᠷᠠᠭᠤᠯᠵᠤ ᠪᠠᠶᠢᠨ᠎ᠠ᠃ | ᠰᠢᠯᠭᠠᠨ ᠠᠪᠬᠤ ᠠᠵᠢᠯ ᠢ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ᠂ | ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠤᠰᠤ ᠭᠠᠩ ᠤᠨ ᠭᠠᠮᠰᠢᠭ ᠢ ᠰᠡᠷᠭᠡᠶᠢᠯᠡᠬᠦ ᠮᠡᠷᠭᠡᠵᠢᠯ ᠤᠨ | ᠲᠥᠪ᠂ ᠤᠰᠤᠨ ᠠᠰᠢᠭᠯᠠᠯᠲᠠ ᠶᠢᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠶᠠᠰᠤ ᠴᠢᠨᠠᠷ ᠪᠠ ᠠᠮᠤᠷ | ᠲᠦᠪᠰᠢᠨ ᠤ ᠬᠢᠨᠠᠯᠲᠠ ᠲᠠᠯᠪᠢᠬᠤ ᠦᠢᠯᠡᠴᠢᠯᠡᠭᠡᠨ ᠤ ᠲᠥᠪ᠂ ᠤᠰᠤᠨ ᠠᠰᠢᠭᠯᠠᠯᠲᠠ ᠶᠢᠨ ᠦᠢᠯᠡᠰ ᠤᠨ | ᠬᠦᠭᠵᠢᠬᠦᠯᠦᠯᠳᠡ ᠶᠢᠨ ᠲᠥᠪ᠂ ᠠᠶᠢᠮᠠᠭ ᠤᠨ ᠤᠰᠤᠨ ᠠᠰᠢᠭᠯᠠᠯᠲᠠ ᠶᠢᠨ ᠲᠣᠪᠴᠢᠶ᠎ᠠ᠂ ᠲᠠᠷᠢᠶᠠᠯᠠᠩ ᠮᠠᠯ ᠠᠵᠤ | ᠠᠬᠤᠶ ᠶᠢᠨ ᠲᠣᠪᠴᠢᠶ᠎ᠠ᠂ ᠵᠠᠯᠠᠶᠢᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ᠂ ᠤᠰᠤᠨ ᠠᠰᠢᠭᠯᠠᠯᠲᠠ᠂ | ᠪᠠᠷᠢᠯᠭ᠎ᠠ᠂ ᠡᠳ᠋ ᠤᠨ ᠶᠠᠪᠤᠳᠠᠯ᠂ ᠬᠢᠨᠠᠨ ᠪᠤᠳᠤᠬᠤ ᠵᠡᠷᠭᠡ ᠣᠯᠠᠨ ᠬᠦᠷᠢᠶ᠎ᠡ ᠴᠠᠷᠠᠭ᠎ᠠ ᠳᠠᠬᠢ ᠲᠤᠰᠬᠠᠶ ᠮᠡᠷᠭᠡᠵᠢᠯᠲᠡᠨ ᠢ | ᠬᠠᠮᠤᠷᠴᠤ ᠤᠷᠢᠳᠴᠢᠯᠠᠨ ᠰᠢᠯᠭᠠᠨ ᠠᠪᠬᠤ ᠲᠤᠰᠬᠠᠶ ᠮᠡᠷᠭᠡᠵᠢᠯᠲᠡᠨ ᠤ ᠳᠤᠭᠤᠶᠢᠯᠠᠩ ᠢ ᠪᠦᠷᠢᠯᠳᠤᠬᠦᠯᠬᠦ ᠶᠢᠨ ᠬᠠᠮᠲᠤ | ᠪᠥᠬᠦ ᠶᠠᠪᠤᠴᠠ ᠪᠠᠷ ᠰᠢᠯᠭᠠᠨ ᠠᠪᠬᠤ ᠠᠵᠢᠯ ᠢ ᠭᠤᠤᠯᠯᠠᠨ ᠤᠳᠤᠷᠢᠳᠴᠠᠢ᠃ | 6 ᠰᠠᠷ᠎ᠠ ᠶᠢᠨ 17 ᠤ ᠡᠳᠦᠷ ᠠᠴᠠ ᠡᠬᠢᠯᠡᠨ᠂ ᠰᠢᠯᠭᠠᠨ ᠠᠪᠬᠤ ᠠᠵᠢᠯ ᠢ ᠡᠮᠬᠢ ᠴᠡᠭᠴᠡ ᠲᠠᠢ | ᠥᠷᠨᠢᠭᠦᠯᠪᠡ᠃ ᠲᠤᠬᠠᠶ ᠶᠢᠨ ᠡᠳᠦᠷ᠂ ᠤᠷᠢᠳᠴᠢᠯᠠᠨ ᠰᠢᠯᠭᠠᠨ ᠠᠪᠬᠤ ᠲᠤᠰᠬᠠᠶ ᠮᠡᠷᠭᠡᠵᠢᠯᠲᠡᠨ ᠤ ᠳᠤᠭᠤᠶᠢᠯᠠᠩ ᠤᠨ | ᠬᠢᠨ ᠲᠤᠬᠠᠶ ᠶᠢᠨ ᠲᠠᠯᠠᠪᠤᠷ ᠢᠶᠠᠷ ᠬᠦᠷᠴᠦ ᠬᠡᠬᠡᠷ᠎ᠡ ᠭᠠᠳᠠᠨᠠᠬᠢ ᠠᠵᠢᠯ ᠤᠨ ᠬᠠᠶᠢᠨ ᠪᠠᠶᠢᠴᠠᠭᠠᠯᠲᠠ ᠬᠢᠵᠤ᠂ | ᠤᠰᠤᠯᠠᠯᠲᠠ ᠶᠢᠨ ᠣᠷᠣᠨ ᠤ ᠳᠣᠲᠣᠷᠠᠬᠢ ᠡᠯ᠎ᠡ ᠲᠥᠷᠥᠯ ᠤᠨ ᠲᠥᠬᠦᠭᠡᠷᠦᠮᠵᠢ᠂ ᠤᠰᠤᠨ ᠠᠰᠢᠭᠯᠠᠯᠲᠠ ᠶᠢᠨ | ᠲᠥᠬᠦᠭᠡᠷᠦᠮᠵᠢ ᠶᠢᠨ ᠪᠣᠳᠠᠲᠠᠶ ᠠᠵᠢᠯᠯᠠᠭᠠᠨ ᠤ ᠪᠠᠶᠢᠳᠠᠯ ᠵᠡᠷᠭᠡ ᠳᠤ ᠨᠠᠷᠢᠨ ᠨᠢᠮᠪᠠᠶ ᠲᠤᠬᠠᠶ ᠶᠢᠨ ᠭᠠᠵᠠᠷ ᠤᠨ ᠬᠠᠶᠢᠨ | ᠪᠠᠶᠢᠴᠠᠭᠠᠯᠲᠠ ᠬᠢᠵᠦ᠂ ᠪᠠᠷᠢᠯᠭ᠎ᠠ ᠶᠢᠨ ᠲᠤᠬᠠᠶ ᠶᠢᠨ ᠲᠠᠯᠠᠪᠠᠶ ᠶᠢᠨ ᠪᠠᠶᠢᠳᠠᠯ ᠢ ᠪᠥᠬᠦ ᠲᠠᠯ᠎ᠠ ᠪᠠᠷ ᠡᠵᠡᠮᠰᠢᠵᠦ᠂ ᠨᠠᠷᠢᠨ | ᠵᠦᠢᠯᠡᠰ ᠨᠢᠭᠡᠪᠦᠷᠢ ᠳᠤ ᠴᠥᠮ ᠰᠢᠯᠭᠠᠨ ᠪᠠᠶᠢᠴᠠᠭᠠᠯᠲᠠ ᠶᠢ ᠳᠠᠭᠠᠭᠠᠵᠤ ᠳᠡᠶᠢᠯᠬᠦ ᠶᠢ ᠦᠨᠡᠨ ᠬᠦ ᠪᠠᠲᠤᠯᠠᠪᠠ᠃ | 6 ᠰᠠᠷ᠎ᠠ ᠶᠢᠨ 18 ᠤ ᠡᠳᠦᠷ᠂ ᠤᠷᠢᠳᠴᠢᠯᠠᠨ ᠰᠢᠯᠭᠠᠨ ᠠᠪᠬᠤ ᠲᠤᠰᠬᠠᠢ ᠮᠡᠷᠭᠡᠵᠢᠯᠲᠡᠨ ᠤ ᠳᠤᠭᠤᠶᠢᠯᠠᠩ | ᠤᠨ ᠬᠢᠨ ᠠᠯᠪᠠᠨ ᠭᠡᠷ ᠲᠠᠬᠢ ᠠᠵᠢᠯ ᠤᠨ ᠮᠠᠲ᠋ᠧᠷᠢᠶᠠᠯ ᠳᠤ ᠬᠢᠨᠠᠨ ᠪᠠᠶᠢᠴᠠᠭᠠᠯᠲᠠ ᠬᠢᠵᠦ᠂ ᠪᠠᠷᠢᠯᠭ᠎ᠠ ᠶᠢᠨ ᠵᠢᠷᠤᠭ | ᠲᠥᠯᠥᠪᠯᠡᠭᠡ᠂ ᠪᠠᠷᠢᠯᠭ᠎ᠠ ᠶᠢᠨ ᠠᠵᠢᠯ ᠤᠨ ᠲᠡᠮᠳᠡᠭᠯᠡᠯ᠂ ᠶᠠᠰᠤ ᠴᠢᠨᠠᠷ ᠤᠨ ᠰᠢᠯᠭᠠᠨ ᠪᠠᠶᠢᠴᠠᠭᠠᠯᠳᠠ ᠶᠢᠨ | ᠮᠡᠳᠡᠭᠦᠯᠦᠯᠲᠡ᠂ ᠡᠳ᠋ ᠤᠨ ᠶᠠᠪᠤᠳᠠᠯ ᠤᠨ ᠮᠡᠳᠡᠭᠦᠯᠦᠯᠲᠡ ᠶᠢᠨ ᠬᠦᠰᠦᠨᠦᠭᠲᠦ ᠵᠡᠷᠭᠡ ᠶᠢ ᠬᠠᠮᠤᠷᠴᠠᠢ᠃ ᠡᠳᠡᠭᠡᠷ ᠨᠠᠷᠢᠨ | ᠪᠣᠳᠠᠲᠠᠢ ᠲᠠᠩᠰᠠ ᠡᠪᠬᠡᠮᠡᠯ ᠤᠨ ᠮᠠᠲ᠋ᠧᠷᠢᠶᠠᠯ ᠨᠢ ᠪᠠᠷᠢᠯᠭ᠎ᠠ ᠶᠢᠨ ᠪᠤᠶᠢᠵᠢᠯᠲᠠ ᠶᠢᠨ ᠵᠠᠮ ᠮᠥᠷ ᠮᠡᠳᠤ ᠪᠠᠶᠢᠵᠤ᠂ | ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠥᠬᠦ ᠪᠠᠶᠢᠳᠠᠯ ᠢ ᠲᠣᠳᠣᠷᠬᠠᠢ ᠢᠯᠡᠷᠡᠭᠦᠯᠵᠦ᠂ ᠪᠠᠷᠢᠯᠭ᠎ᠠ ᠶᠢᠨ | ᠠᠵᠢᠯ ᠳᠠᠭᠤᠰᠴᠤ ᠰᠢᠯᠭᠠᠨ ᠠᠪᠬᠤ ᠳᠤ ᠪᠠᠲᠤ ᠪᠠᠬᠢ ᠲᠤᠭ᠎ᠠ ᠪᠠᠷᠢᠮᠲᠠ ᠶᠢᠨ ᠲᠤᠯᠭᠠᠭᠤᠷᠢᠯᠠᠯ ᠬᠠᠩᠭᠠᠭᠰᠠᠨ ᠪᠠᠶᠢᠨ᠎ᠠ᠃ | | 6 ᠰᠠᠷ᠎ᠠ ᠶᠢᠨ 19 ᠤ ᠡᠳᠦᠷ ᠪᠠᠷᠢᠯᠭ᠎ᠠ ᠶᠢᠨ ᠠᠵᠢᠯ ᠲᠠᠭᠤᠰᠬᠤ ᠮᠡᠷᠭᠡᠵᠢᠯ ᠢ ᠤᠷᠢᠳᠴᠢᠯᠠᠨ ᠰᠢᠯᠭᠠᠨ | ᠠᠪᠬᠤ ᠬᠤᠷᠠᠯ ᠬᠤᠷᠠᠯᠳᠤᠭᠤᠯᠵᠤ᠂ ᠲᠥᠷᠥᠯ ᠵᠦᠢᠯ ᠤᠨ ᠬᠠᠤᠯᠢ ᠶᠢᠨ ᠡᠷᠬᠡᠲᠡᠨ ᠤ ᠪᠥᠲᠥᠭᠡᠨ ᠪᠠᠶᠢᠭᠤᠯᠤᠯᠲᠠ ᠶᠢᠨ | ᠬᠠᠮᠢᠶᠠᠷᠤᠯᠲᠠ ᠶᠢᠨ ᠠᠵᠢᠯ ᠤᠨ ᠮᠡᠳᠡᠭᠦᠯᠦᠯᠲᠡ᠂ ᠵᠢᠷᠤᠭ ᠲᠥᠯᠥᠪᠯᠡᠭᠡ ᠶᠢᠨ ᠨᠢᠭᠡᠴᠢ ᠶᠢᠨ ᠠᠵᠢᠯ ᠤᠨ ᠮᠡᠳᠡᠭᠦᠯᠦᠯᠲᠡ | ᠂ ᠪᠠᠷᠢᠯᠭ᠎ᠠ ᠪᠠᠷᠢᠬᠤ ᠨᠢᠭᠡᠴᠢ ᠶᠢᠨ ᠠᠵᠢᠯ ᠤᠨ ᠮᠡᠳᠡᠭᠦᠯᠦᠯᠲᠡ᠂ ᠬᠢᠨᠠᠨ ᠬᠠᠮᠢᠶᠠᠷᠬᠤ ᠪᠠᠶᠢᠭᠤᠯᠭ᠎ᠠ ᠨᠢᠭᠡᠴᠢ ᠶᠢᠨ | ᠠᠵᠢᠯ ᠤᠨ ᠮᠡᠳᠡᠭᠦᠯᠦᠯᠲᠡ᠂ ᠶᠠᠰᠤ ᠴᠢᠨᠠᠷ ᠲᠤ ᠬᠢᠨᠠᠯᠲᠠ ᠲᠠᠯᠪᠢᠬᠤ ᠪᠠᠶᠢᠭᠤᠯᠤᠮᠵᠢ ᠶᠢᠨ ᠪᠠᠷᠢᠯᠭ᠎ᠠ ᠶᠢᠨ ᠶᠠᠰᠤ | ᠴᠢᠨᠠᠷ ᠲᠤ ᠬᠢᠨᠠᠯᠲᠠ ᠲᠠᠯᠪᠢᠭᠰᠠᠨ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠨᠠᠷᠢᠨ ᠬᠢᠨᠠᠮᠠᠭᠠᠢ ᠶᠠᠷᠢᠯᠴᠠᠨ ᠪᠠᠷᠢᠯᠭ᠎ᠠ | ᠶᠢᠨ ᠠᠵᠢᠯ ᠳᠠᠭᠤᠰᠬᠤ ᠮᠡᠷᠭᠡᠵᠢᠯ ᠢ ᠰᠢᠯᠭᠠᠨ ᠠᠪᠤᠭᠰᠠᠨ ᠮᠡᠳᠡᠭᠦᠯᠦᠯᠲᠡ ᠶᠢ ᠪᠤᠢ ᠪᠤᠯᠭᠠᠪᠠ᠃ | 6 ᠰᠠᠷ᠎ᠠ ᠶᠢᠨ 20 ᠤ ᠡᠳᠦᠷ ᠤᠨ ᠪᠠᠷᠢᠯᠭ᠎ᠠ ᠶᠢᠨ ᠠᠵᠢᠯ ᠳᠠᠭᠤᠰᠤᠭᠰᠠᠨ ᠢ ᠰᠢᠯᠭᠠᠨ ᠠᠪᠬᠤ ᠬᠤᠷᠠᠯ | ᠲᠡᠭᠡᠷ᠎ᠡ᠂ ᠡᠯ᠎ᠡ ᠲᠠᠯ᠎ᠠ ᠶᠢᠨ ᠬᠠᠷᠢᠭᠤ ᠮᠡᠳᠡᠭᠦᠯᠦᠯᠲᠡ ᠶᠢ ᠭᠦᠢᠴᠡᠳ ᠰᠣᠨᠣᠰᠤᠭᠰᠠᠨ ᠤ ᠳᠠᠷᠠᠭ᠎ᠠ᠂ ᠰᠢᠯᠭᠠᠨ ᠠᠪᠬᠤ | ᠳᠤᠭᠤᠶᠢᠯᠠᠩ ᠤᠨ ᠬᠢᠨ ᠴᠤᠤᠯ ᠤᠰᠤᠯᠠᠯᠲᠠ ᠶᠢᠨ ᠣᠷᠣᠨ ᠤ ᠪᠠᠷᠢᠯᠭ᠎ᠠ ᠶᠢ ᠨᠢᠭᠡᠨᠲᠡ ᠵᠥᠪᠰᠢᠶᠡᠷᠡᠭᠰᠡᠨ ᠵᠢᠷᠤᠭ | ᠲᠥᠯᠥᠪᠯᠡᠭᠡ ᠶᠢᠨ ᠠᠭᠤᠯᠭ᠎ᠠ ᠶᠣᠰᠣᠭᠠᠷ ᠪᠦᠳᠦᠭᠡᠨ ᠪᠠᠶᠢᠭᠤᠯᠵᠤ ᠳᠠᠭᠤᠰᠬᠠᠭᠠᠳ᠂ ᠪᠠᠷᠢᠯᠭ᠎ᠠ ᠶᠢᠨ ᠬᠡᠮᠵᠢᠶ᠎ᠡ ᠨᠢ ᠬᠢᠷᠢ | ᠲᠡᠩᠴᠡᠭᠰᠡᠨ ᠭᠡᠵᠦ ᠦᠵᠡᠪᠡ᠃ ᠨᠡᠭᠦᠳᠡᠯ ᠠᠷᠠᠳ ᠢ ᠲᠥᠪᠬᠢᠨᠡᠭᠦᠯᠬᠦ᠂ ᠬᠥᠷᠥᠰᠥ ᠰᠢᠷᠣᠢ ᠶᠢ ᠬᠠᠮᠠᠭᠠᠯᠠᠬᠤ᠂ | ᠣᠷᠴᠢᠨ ᠲᠣᠭᠤᠷᠢᠨ ᠢ ᠬᠠᠮᠠᠭᠠᠯᠠᠬᠤ᠂ ᠪᠠᠷᠢᠯᠭ᠎ᠠ ᠶᠢᠨ ᠲᠠᠩᠰᠠ ᠡᠪᠬᠡᠮᠡᠯ᠂ ᠭᠠᠯ ᠰᠡᠷᠭᠡᠶᠢᠯᠡᠵᠤ ᠤᠨᠲᠠᠷᠠᠭᠠᠬᠤ | ᠲᠥᠬᠦᠭᠡᠷᠦᠮᠵᠢ ᠶᠢ ᠨᠢᠭᠡᠨᠳᠡ ᠲᠤᠰᠬᠠᠢ ᠰᠢᠯᠭᠠᠨ ᠠᠪᠬᠤ ᠶᠢ ᠥᠩᠭᠡᠷᠡᠭᠦᠯᠪᠡ᠃ ᠡᠳ᠋ ᠤᠨ ᠶᠠᠪᠤᠳᠠᠯ ᠤᠨ | ᠬᠠᠮᠢᠶᠠᠷᠤᠯᠲᠠ ᠦᠨᠳᠦᠰᠦᠨ ᠳᠡᠭᠡᠨ ᠵᠢᠷᠤᠮᠵᠢᠵᠤ᠂ ᠪᠠᠷᠢᠯᠭ᠎ᠠ ᠳᠠᠭᠤᠰᠤᠭᠰᠠᠨ ᠲᠥᠰᠦᠪ ᠤᠨ ᠭᠦᠢᠴᠡᠳᠬᠡᠯ ᠨᠢ | ᠨᠢᠭᠡᠨᠲᠡ ᠬᠢᠨᠠᠨ ᠪᠤᠳᠤᠯᠲᠠ ᠶᠢ ᠦᠩᠭᠡᠷᠡᠬᠦᠯᠪᠡ᠃ ᠠᠵᠢᠯᠯᠠᠭᠠᠨ ᠤ ᠬᠠᠮᠢᠶᠠᠷᠤᠯᠲᠠ ᠶᠢᠨ ᠨᠢᠭᠡᠴᠢ ᠶᠢ ᠨᠢᠭᠡᠨᠲᠡ | ᠨᠠᠶᠢᠳᠠᠪᠤᠷᠢᠵᠢᠭᠤᠯᠵᠤ᠂ ᠪᠠᠷᠢᠯᠭ᠎ᠠ ᠶᠢᠨ ᠡᠬᠢᠨ ᠤ ᠬᠤᠭᠤᠴᠠᠭᠠᠨ ᠳᠤ ᠬᠡᠪ ᠤᠨ ᠶᠤᠰᠤᠭᠠᠷ ᠠᠵᠢᠯᠯᠠᠵᠤ᠂ | ᠤᠰᠤᠯᠠᠯᠲᠠ ᠶᠢᠨ ᠦᠷ᠎ᠡ ᠠᠰᠢᠭ ᠨᠢ ᠢᠯᠡᠳᠲᠡ ᠪᠣᠯᠪᠠ᠃ ᠪᠠᠷᠢᠯᠭ᠎ᠠ ᠳᠠᠭᠤᠰᠤᠭᠰᠠᠨ ᠢ ᠰᠢᠯᠭᠠᠨ ᠠᠪᠬᠤ ᠵᠦᠪᠯᠡᠯ | ᠠᠴᠠ ᠴᠤᠤᠯ ᠤᠰᠤᠨ ᠠᠰᠢᠭᠯᠠᠯᠲᠠ ᠶᠢᠨ ᠬᠦᠢᠰᠦ ᠪᠠᠷᠢᠯᠭ᠎ᠠ ᠶᠢᠨ ᠳᠣᠤᠷᠠᠳᠤ ᠤᠷᠤᠰᠬᠠᠯ ᠤᠨ ᠥᠪᠥᠷ ᠮᠣᠩᠭᠤᠯ | ᠳᠠᠬᠢ ᠤᠰᠤᠯᠠᠯᠲᠠ ᠶᠢᠨ ᠣᠷᠣᠨ ᠤ ᠪᠠᠷᠢᠯᠭ᠎ᠠ ᠳᠠᠭᠤᠰᠴᠤ ᠰᠢᠯᠭᠠᠨ ᠠᠪᠬᠤ ᠶᠢ ᠵᠥᠪᠰᠢᠶᠡᠷᠡᠪᠡ᠃ | ᠴᠤᠤᠯ ᠤᠰᠤᠯᠠᠯᠲᠠ ᠶᠢᠨ ᠣᠷᠣᠨ ᠤ ᠪᠠᠷᠢᠯᠭ᠎ᠠ ᠪᠣᠯ ᠤᠯᠤᠰ ᠠᠴᠠ ᠲᠣᠭᠲᠠᠭᠠᠭᠰᠠᠨ ︽13 · 5︾ ᠤᠨ | ᠲᠥᠯᠥᠪᠵᠢᠭᠦᠯᠭᠡ ᠶᠢᠨ ᠬᠤᠭᠤᠴᠠᠭᠠᠨ ᠳᠠᠬᠢ 172 ᠵᠦᠢᠯ ᠤᠨ ᠴᠢᠬᠤᠯᠠ ᠶᠡᠭᠡ ᠤᠰᠤᠨ ᠠᠰᠢᠭᠯᠠᠯᠲᠠ ᠶᠢᠨ | ᠲᠥᠷᠥᠯ ᠵᠦᠢᠯ ᠤᠨ ᠨᠢᠭᠡ ᠪᠣᠯᠤᠨ᠎ᠠ᠂ ᠤᠰᠤᠨ ᠠᠰᠢᠭᠯᠠᠯᠲᠠ ᠶᠢᠨ ᠶᠠᠮᠤᠨ ᠠᠴᠠ ᠲᠣᠭᠲᠠᠭᠠᠭᠰᠠᠨ ︽11· 5︾ | ᠤᠨ ᠲᠥᠯᠥᠪᠵᠢᠭᠦᠯᠭᠡ ᠶᠢᠨ ᠬᠤᠭᠤᠴᠠᠭᠠᠨ ᠳᠤ ᠪᠦᠬᠦ ᠤᠯᠤᠰ ᠤᠨ ᠰᠢᠨ᠎ᠡ ᠪᠠᠷ ᠨᠡᠮᠡᠭᠳᠡᠭᠰᠡᠨ 9 ᠲᠣᠮᠣ ᠬᠡᠯᠪᠡᠷᠢ ᠶᠢᠨ | ᠤᠰᠤᠯᠠᠯᠲᠠ ᠶᠢᠨ ᠣᠷᠣᠨ ᠤ ᠨᠢᠭᠡ ᠪᠣᠯᠬᠤ ᠪᠥᠭᠡᠳ ︽ᠪᠦᠬᠦ ᠤᠯᠤᠰ ᠤᠨ 1000 ᠳ᠋ᠦᠩᠰᠢᠭᠤᠷ ᠵᠢᠩ ᠠᠮᠤ | ᠪᠤᠳᠠᠭ᠎ᠠ ᠦᠢᠯᠡᠳᠪᠦᠷᠢᠯᠡᠬᠦ ᠴᠢᠳᠠᠪᠤᠷᠢ ᠶᠢ ᠰᠢᠨ᠎ᠡ ᠪᠠᠷ ᠨᠡᠮᠡᠭᠳᠡᠭᠦᠯᠬᠦ ᠲᠥᠯᠥᠪᠵᠢᠭᠦᠯᠭᠡ ︵2009 - 2020 ᠣᠨ | ︶︾ ᠳᠤ ᠵᠢᠭᠰᠠᠭᠠᠨ ᠣᠷᠣᠭᠤᠯᠬᠤ ᠪᠠᠷ ᠪᠠᠶᠢᠭ᠎ᠠ ᠥᠪᠥᠷ ᠮᠣᠩᠭᠤᠯ ᠤᠨ ᠠᠮᠤ ᠪᠤᠳᠠᠭᠠᠨ ᠤ ᠬᠤᠷᠢᠶᠠᠯᠲᠠ ᠨᠡᠮᠡᠭᠳᠡᠭᠦᠯᠬᠦ | ᠭᠤᠤᠯ ᠣᠷᠣᠨ ᠤ ᠨᠢᠭᠡ ᠪᠣᠯᠤᠨ᠎ᠠ᠃ | ᠴᠤᠤᠯ ᠤᠰᠤᠯᠠᠯᠲᠠ ᠶᠢᠨ ᠣᠷᠣᠨ ᠤ ᠪᠠᠷᠢᠯᠭ᠎ᠠ ᠶᠢᠨ ᠶᠡᠷᠦᠩᠬᠡᠢ ᠪᠡᠯᠡ ᠣᠷᠣᠭᠤᠯᠤᠯᠲᠠ ᠨᠢ 11.68 | ᠳ᠋ᠦᠩᠰᠢᠭᠤᠷ ᠲᠥᠭᠦᠷᠢᠭ ᠲᠤ ᠬᠦᠷᠴᠦ᠂ ᠶᠡᠷᠦᠩᠬᠡᠢ ᠪᠠᠷᠢᠯᠭ᠎ᠠ ᠶᠢᠨ ᠬᠤᠭᠤᠴᠠᠭᠠᠨ ᠤ 3 ᠵᠢᠯ ᠤᠨ ᠭᠤᠤᠯ ᠪᠠᠷᠢᠯᠭ᠎ᠠ᠂ | 2 ᠵᠢᠯ ᠤᠨ ᠲᠠᠷᠢᠶᠠᠨ ᠭᠠᠵᠠᠷ ᠤᠨ ᠪᠠᠷᠢᠯᠭ᠎ᠠ ᠶᠢ ᠴᠤᠬᠤᠯᠠᠪᠤᠷᠢᠯᠠᠵᠠᠢ᠃ ᠲᠥᠷᠥᠯ ᠵᠦᠢᠯ ᠤᠨ ᠲᠣᠭᠤᠷᠢᠭ ᠨᠢ 40 | ᠭᠠᠴᠠᠭ᠎ᠠ ᠲᠣᠰᠬᠤᠨ᠂ ᠪᠠᠷᠤᠭ 12 ᠲᠦᠮᠡᠨ ᠬᠥᠮᠦᠨ ᠠᠮᠠ ᠶᠢ ᠬᠠᠮᠤᠷᠴᠤ᠂ ᠰᠦᠬᠡᠭ ᠤᠨ ᠠᠶᠢᠯ᠂ ᠡᠤ ᠳ᠋ᠤᠤ | ᠾᠧᠽᠢ᠂ ᠬᠤᠯᠪᠤᠭ᠎ᠠ ᠵᠡᠷᠭᠡ 3 ᠤᠰᠤᠯᠠᠯᠲᠠ ᠶᠢᠨ ᠣᠷᠣᠨ ᠢᠶᠠᠷ ᠪᠦᠷᠢᠯᠳᠦᠵᠦ᠂ ᠲᠥᠯᠥᠪᠯᠡᠭᠰᠡᠨ ᠤᠰᠤᠯᠠᠯᠲᠠ ᠶᠢᠨ | ᠲᠠᠯᠠᠪᠠᠶ ᠨᠢ 41.02 ᠲᠦᠮᠡᠨ ᠮᠥ ᠪᠣᠯᠤᠨ᠎ᠠ᠃ |