ᠳᠤᠮᠳᠠᠳᠤ ᠤᠯᠤᠰ ᠤᠨ ᠡᠪ ᠬᠠᠮᠲᠤ ᠨᠠᠮ ᠤᠨ ᠵᠠᠯᠠᠶᠢᠳ ᠬᠤᠰᠢᠭᠤᠨ ᠤ ᠬᠤᠷᠢᠶ᠎ᠠ ᠪᠠᠶᠢᠩᠭᠤ ᠶᠢᠨ ᠬᠤᠷᠢᠶᠡᠨ  ᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/6/24
  6 ᠰᠠᠷ᠎ᠠ ᠶᠢᠨ 20 ᠤ ᠡᠳᠦᠷ᠂ ᠵᠠᠯᠠᠶᠢᠳ ᠬᠤᠰᠢᠭᠤᠨ ᠤ ᠨᠠᠮ ᠤᠨ ᠬᠤᠷᠢᠶᠠᠨ ᠤ ᠱᠦᠵᠢ ᠴᠢ ᠯᠢᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠵᠠᠯᠠᠶᠢᠳ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠬᠤᠷᠢᠶᠡᠨ ᠤ ᠪᠠᠶᠢᠩᠭᠤ ᠶᠢᠨ ᠬᠤᠷᠢᠶ᠎ᠠ ᠶᠢᠨ 2025 ᠣᠨ ᠤ ᠠᠷᠪᠠᠨ ᠳᠣᠯᠣᠳᠤᠭᠠᠷ ᠤᠳᠠᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠵᠠᠢ᠃ ᠬᠤᠷᠠᠯ ᠠᠴᠠ᠂ ᠶᠡᠷᠦᠩᠬᠡᠶ ᠱᠦᠵᠢ ᠰᠢ ᠶᠢᠨ ᠫᠢᠩ ᠤᠨ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠴᠥᠬᠦᠷᠡᠰᠢ ᠥᠬᠡᠶ ᠨᠠᠶᠢᠳᠠᠪᠤᠷᠢᠵᠢᠭᠤᠯᠵᠤ᠂ ᠰᠢᠯᠢᠳᠡᠭ ᠨᠠᠮ ᠤᠨ ᠰᠤᠷᠲᠠᠯ ᠢᠶᠠᠷ ᠨᠡᠶᠢᠭᠡᠮ ᠤᠨ ᠰᠤᠷᠲᠠᠯ ᠠᠷᠠᠳ ᠤᠨ ᠰᠤᠷᠲᠠᠯ ᠢ ᠬᠥᠲᠥᠯᠦᠨ ᠳᠠᠭᠠᠭᠤᠯᠬᠤ ᠲᠤᠬᠠᠶ ᠴᠢᠬᠤᠯᠠ ᠥᠭᠦᠯᠡᠯᠲᠡ ᠵᠢᠴᠢ ᠰᠦᠨ ᠱᠣᠤ ᠴᠧᠩ ᠨᠥᠬᠦᠷ ᠤᠨ ᠬᠢᠩᠭᠠᠨ ᠠᠶᠢᠮᠠᠭ ᠲᠤ ᠪᠠᠶᠢᠴᠠᠭᠠᠨ ᠰᠤᠳᠤᠯᠤᠯᠲᠠ ᠬᠢᠵᠦ ᠶᠠᠷᠢᠯᠴᠠᠬᠤ ᠦᠶ᠎ᠡ ᠶᠢᠨ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠠᠮᠢᠶ᠎ᠠ ᠪᠥᠬᠦᠶ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠠᠮᠢᠶ᠎ᠠ ᠪᠥᠬᠦᠶ ᠶᠠᠪᠤᠳᠠᠯ ᠢ ᠰᠤᠳᠤᠯᠤᠨ ᠬᠢᠨᠠᠨ ᠵᠥᠪᠯᠡᠵᠦ᠂ ᠲᠠᠷᠠᠭᠠᠴᠢ ᠶᠢᠨ ᠠᠯᠬᠤᠮ ᠤᠨ ᠠᠵᠢᠯ ᠢᠶᠠᠨ ᠳᠣᠭᠢᠷᠠᠭᠤᠯᠤᠨ ᠪᠠᠶᠢᠷᠢᠯᠠᠭᠤᠯᠪᠠ᠃  ᠬᠤᠷᠠᠯ ᠠᠴᠠ᠂ ᠦᠵᠡᠯ ᠰᠠᠨᠠᠭ᠎ᠠ ᠲᠠᠨᠢᠯᠲᠠ ᠪᠠᠨ ᠭᠦᠨᠵᠡᠭᠡᠶᠢᠷᠡᠭᠦᠯᠵᠦ᠂ ᠨᠡᠩ ᠥᠨᠳᠥᠷ ᠵᠣᠭᠰᠣᠴᠠ ᠠᠴᠠ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭᠠᠨ ᠤ ᠬᠠᠰᠢᠯᠭ᠎ᠠ ᠶᠢ ᠪᠠᠬᠢᠵᠢᠬᠦᠯᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠤᠯᠤᠰ ᠲᠦᠷᠦ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ ᠪᠣᠯᠤᠨ ᠦᠢᠯᠡ ᠠᠵᠢᠯᠯᠠᠭ᠎ᠠ ᠶᠢᠨ ᠤᠬᠠᠮᠰᠠᠷ ᠢᠶᠠᠨ ᠲᠠᠰᠤᠷᠠᠯᠲᠠ ᠦᠭᠡᠢ ᠴᠢᠩᠭᠠᠳᠬᠠᠬᠤ ᠬᠡᠷᠡᠭᠲᠡᠢ᠃ ᠤᠯᠠᠨ ᠲᠦᠮᠡᠨ ᠤ ︽ᠪᠠᠴᠢᠮᠳᠡᠵᠤ ᠲᠦᠪᠡᠭᠳᠡᠵᠤ ᠵᠤᠪᠠᠨᠢᠵᠤ ᠬᠦᠰᠡᠵᠤ︾ ᠪᠠᠶᠢᠭ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠢ ᠰᠠᠶᠢᠲᠤᠷ ᠬᠢᠵᠦ᠂ ᠠᠷᠠᠳ ᠲᠦᠮᠡᠨ ᠳᠤ ᠰᠠᠶᠢᠲᠤᠷ ᠦᠢᠯᠡᠴᠢᠯᠡᠬᠦ ᠬᠡᠷᠡᠭᠲᠡᠢ᠃ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠵᠤ᠂  ᠨᠢᠭᠤᠭᠳᠠᠨ ᠤᠨᠳᠤᠤᠰᠢᠭᠰᠠᠨ ︽ᠳᠥᠷᠪᠡᠨ ᠰᠤᠷᠲᠠᠯ︾ ᠤᠨ ᠠᠰᠠᠭᠤᠳᠠᠯ ᠢ ᠭᠦᠨᠵᠡᠭᠡᠶ ᠠᠭᠤᠳᠠᠯᠤᠨ ᠨᠠᠷᠢᠨ ᠪᠠᠶᠢᠴᠠᠭᠠᠵᠤ᠂ ︽ᠥᠴᠦᠬᠡᠨ ᠴᠦ ᠠᠭᠤᠴᠢᠯᠠᠬᠤ ᠥᠬᠡᠶ︾ ᠣᠪᠣᠷ ᠢ ᠢᠮᠠᠭᠲᠠ ᠪᠠᠷᠢᠮᠲᠠᠯᠠᠵᠤ᠂ ᠰᠤᠷᠲᠠᠯ ᠤᠨ ᠪᠠᠶᠢᠭᠤᠯᠤᠯᠲᠠ ᠶᠢᠨ ᠲᠠᠰᠤᠷᠠᠯᠲᠠ ᠥᠬᠡᠶ ᠰᠢᠨ᠎ᠡ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠶ᠃ ᠰᠦᠯᠵᠢᠶᠡᠨ ᠤ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠰᠠᠨᠠᠭᠠᠴᠢᠯᠠᠭᠠᠲᠤ ᠡᠷᠬᠡ ᠶᠢ ᠪᠠᠲᠤ ᠡᠵᠡᠮᠳᠡᠵᠦ᠂ ᠴᠢᠩᠭ᠎ᠠ ᠬᠠᠷᠢᠭᠤᠴᠠᠯᠭ᠎ᠠ ᠲᠠᠢ ᠣᠪᠣᠷ ᠢᠶᠠᠷ ᠦᠵᠡᠯ ᠤᠬᠠᠮᠰᠠᠷ ᠤᠨ ᠬᠡᠯᠪᠡᠷᠢ ᠶᠢᠨ ᠠᠮᠤᠷ ᠲᠦᠪᠰᠢᠨ ᠤ ᠬᠤᠷᠢᠭ᠎ᠠ ᠱᠤᠭᠤᠮ ᠢ ᠴᠢᠩᠭ᠎ᠠ ᠰᠠᠬᠢᠬᠤ ᠬᠡᠷᠡᠭᠲᠡᠢ᠃ ᠠᠵᠢᠯ ᠤᠨ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠤᠬᠠᠮᠰᠠᠷ ᠢᠶᠠᠨ ᠴᠢᠩᠭᠠᠳᠬᠠᠵᠤ᠂ ᠰᠦᠯᠵᠢᠶᠡᠨ ᠤ ᠶᠠᠷᠢᠶ᠎ᠠ ᠬᠡᠯᠡᠯᠴᠡᠭᠡᠨ ᠤ ᠪᠠᠶᠢᠳᠠᠯ ᠤᠨ ᠠᠶᠤᠯ ᠲᠦᠭᠰᠢᠭᠦᠷᠢ ᠬᠡᠮ ᠰᠣᠭᠤᠭ ᠢ ᠰᠡᠷᠭᠡᠶᠢᠯᠡᠨ ᠠᠷᠢᠯᠭᠠᠵᠤ᠂ ᠡᠯ᠎ᠡ ᠱᠠᠲᠤᠨ ᠤ ᠡᠯ᠎ᠡ ᠲᠥᠷᠥᠯ ᠤᠨ ᠦᠵᠡᠯ ᠤᠬᠠᠮᠰᠠᠷ ᠤᠨ ᠬᠡᠯᠪᠡᠷᠢ ᠶᠢᠨ ᠵᠢᠭᠰᠠᠭᠠᠯ ᠤᠨ ᠭᠠᠵᠠᠷ ᠢ ᠪᠥᠬᠦ ᠲᠠᠯ᠎ᠠ ᠪᠠᠷ ᠪᠠᠬᠢᠵᠢᠭᠦᠯᠬᠦ ᠬᠡᠷᠡᠭᠲᠡᠢ᠃ ᠪᠥᠬᠦ ᠬᠤᠰᠢᠭᠤᠨ ᠤ ᠳᠡᠭᠡᠳᠦ ᠳᠣᠤᠷᠠᠳᠤ ᠱᠠᠲᠤᠨ ᠤ ᠬᠢᠨ ᠵᠠᠬᠢᠳᠠᠯ ᠰᠤᠷᠪᠤᠯᠵᠢᠯᠠᠯ ᠤᠨ ᠵᠦᠢᠯᠡᠰ ᠢ ᠰᠢᠢᠳᠪᠦᠷᠢᠯᠡᠬᠦ ᠵᠢᠴᠢ ᠴᠡᠭᠴᠡᠯᠡᠨ ᠰᠠᠶᠢᠵᠢᠷᠠᠭᠤᠯᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠠᠵᠢᠯ ᠤᠨ ᠬᠠᠮᠳᠤᠷᠠᠯ ᠤᠨ ᠬᠦᠴᠦᠨ ᠢ ᠪᠦᠷᠢᠯᠳᠦᠭᠦᠯᠵᠦ᠂ ᠵᠠᠬᠢᠳᠠᠯ ᠰᠤᠷᠪᠤᠯᠵᠢᠯᠠᠯ ᠤᠨ ᠵᠦᠢᠯᠡᠰ ᠢ ᠰᠢᠢᠳᠪᠦᠷᠢᠯᠡᠬᠦ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠨᠠᠮ ᠤᠨ ᠲᠥᠪ ᠬᠤᠷᠢᠶᠠᠨ ᠤ ᠴᠢᠬᠤᠯᠠ ᠨᠠᠶᠢᠳᠠᠯᠭ᠎ᠠ ᠶᠢ ᠲᠡᠷᠡ ᠬᠡᠪ ᠢᠶᠠᠷ ᠨᠢ ᠪᠣᠳᠠᠲᠠᠶ ᠳᠤ ᠨᠠᠶᠢᠳᠠᠪᠤᠷᠢᠵᠢᠭᠤᠯᠵᠤ᠂ ᠪᠣᠳᠠᠲᠤ ᠦᠷ᠎ᠡ ᠪᠦᠲᠦᠮᠵᠢ ᠤᠯᠬᠤ ᠬᠡᠷᠡᠭᠲᠡᠶ᠃ ᠵᠥᠷᠢᠴᠡᠯ ᠵᠢᠭᠤᠷᠠᠯᠳᠤᠭᠠᠨ ᠢ ᠵᠢᠭᠰᠠᠭᠠᠨ ᠪᠠᠶᠢᠴᠠᠭᠠᠵᠤ ᠠᠷᠢᠯᠭᠠᠬᠤ ᠪᠠ ᠠᠮᠢᠨ ᠬᠡᠷᠡᠭ ᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠵᠤ᠂ ︽ᠠᠮᠢᠨ ᠬᠡᠷᠡᠭ ᠢ ᠰᠡᠷᠭᠡᠶᠢᠯᠡᠵᠦ ᠪᠣᠯᠬᠤ᠂ ᠠᠮᠢᠨ ᠬᠡᠷᠡᠭ ᠢ ᠡᠵᠡᠮᠳᠡᠵᠦ ᠪᠣᠯᠬᠤ︾ ᠣᠶᠢᠯᠠᠭᠠᠭᠳᠠᠬᠤᠨ ᠢ ᠪᠠᠲᠤ ᠪᠠᠬᠢ ᠪᠣᠶ ᠪᠣᠯᠭᠠᠵᠤ᠂ ᠵᠥᠷᠢᠴᠡᠯ ᠵᠢᠭᠤᠷᠠᠯᠳᠤᠭᠠᠨ ᠢ ᠦᠨᠳᠦᠰᠦᠨ ᠱᠠᠲᠤᠨ ᠳᠤ ᠠᠷᠢᠯᠭᠠᠵᠤ᠂ ᠴᠤᠬᠤᠶᠢᠵᠤ ᠪᠠᠶᠢᠭ᠎ᠠ ᠪᠠᠶᠢᠳᠠᠯ ᠳᠤᠨᠢ ᠰᠢᠢᠳᠪᠤᠷᠢᠯᠡᠬᠦ ᠬᠡᠷᠡᠭᠲᠡᠶ ᠭᠡᠵᠤ ᠴᠢᠬᠤᠯᠠᠴᠢᠯᠠᠵᠠᠢ᠃
 
ᠢᠷᠡᠯᠲᠡ᠄ ᠵᠠᠯᠠᠶᠢᠳ ᠤᠨ ᠸᠢᠴᠠᠲ ᠮᠡᠳᠡᠭᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号