| 6 ᠰᠠᠷ᠎ᠠ ᠶᠢᠨ 23 ᠤ ᠡᠳᠦᠷ᠂ ᠵᠠᠯᠠᠶᠢᠳ ᠬᠤᠰᠢᠭᠤᠨ ᠤ ᠨᠠᠮ ᠤᠨ ᠬᠤᠷᠢᠶᠠᠨ ᠤ ᠱᠦᠵᠢ ᠴᠢ ᠯᠢᠨ ᠳᠤᠮᠳᠠᠳᠤ | ᠤᠯᠤᠰ ᠤᠨ ᠡᠪ ᠬᠠᠮᠲᠤ ᠨᠠᠮ ᠤᠨ ᠵᠠᠯᠠᠶᠢᠳ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠬᠤᠷᠢᠶ᠎ᠠ ᠶᠢᠨ | ᠪᠠᠶᠢᠩᠭᠤ ᠶᠢᠨ ᠬᠤᠷᠢᠶᠠᠨ ᠤ 2025 ᠤᠨ ᠤ ᠠᠷᠪᠠᠨ ᠨᠠᠢᠮᠠᠳᠤᠭᠠᠷ ᠤᠳᠠᠭᠠᠨ ᠤ ᠬᠤᠷᠠᠯ ᠵᠢᠴᠢ ᠬᠤᠰᠢᠭᠤᠨ ᠤ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠥᠷᠪᠡᠳᠦᠭᠡᠷ ᠲᠣᠭᠤᠷᠢᠨ ᠪᠠᠶᠢᠴᠠᠭᠠᠬᠤ ᠳᠤᠭᠤᠶᠢᠯᠠᠩ ᠤᠨ | ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠢᠶᠠᠷ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ | ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠭᠢᠯᠡᠨ ᠬᠤᠷᠠᠯᠳᠤᠭᠤᠯᠵᠠᠢ᠃ ᠬᠤᠷᠠᠯ ᠠᠴᠠ ᠶᠡᠷᠦᠩᠬᠡᠶ | ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠵᠢᠴᠢ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠬᠠᠮᠢᠶ᠎ᠠ ᠪᠥᠬᠦᠶ ᠬᠤᠷᠠᠯ ᠤᠨ ᠵᠣᠷᠢᠭ ᠰᠠᠨᠠᠭ᠎ᠠ ᠶᠢ | ᠤᠯᠠᠮᠵᠢᠯᠠᠨ ᠰᠤᠷᠤᠯᠴᠠᠵᠤ᠂ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠠᠮᠢᠶ᠎ᠠ ᠪᠥᠬᠦᠶ ᠶᠠᠪᠤᠳᠠᠯ ᠢ | ᠰᠤᠳᠤᠯᠤᠨ ᠬᠢᠨᠠᠨ ᠵᠥᠪᠯᠡᠵᠦ᠂ ᠲᠠᠷᠠᠭᠠᠴᠢ ᠶᠢᠨ ᠠᠯᠬᠤᠮ ᠤᠨ ᠠᠵᠢᠯ ᠢᠶᠠᠨ ᠳᠣᠭᠢᠷᠠᠭᠤᠯᠤᠨ ᠪᠠᠶᠢᠷᠢᠯᠠᠭᠤᠯᠪᠠ᠃ | ᠬᠤᠷᠠᠯ ᠠᠴᠠ᠂ ᠴᠧᠨ ᠶᠦᠨ ᠨᠥᠬᠦᠷ ᠤᠨ ᠡᠷᠬᠢᠮ ᠳᠡᠭᠡᠳᠦ ᠵᠤᠷᠢᠭ ᠰᠠᠨᠠᠭᠠᠨ ᠤ ᠬᠡᠪ ᠨᠠᠮᠪᠠ ᠶᠢ ᠰᠠᠶᠢᠳᠤᠷ | ᠰᠤᠷᠤᠯᠴᠠᠵᠤ᠂ ᠤᠳᠤᠷᠢᠳᠬᠤ ᠲᠤᠷᠰᠢᠯᠭ᠎ᠠ ᠪᠣᠯᠤᠨ ᠠᠵᠢᠯᠯᠠᠬᠤ ᠠᠷᠭ᠎ᠠ ᠶᠢ ᠪᠠᠶᠠᠯᠢᠭᠵᠢᠭᠤᠯᠵᠤ᠂ ᠠᠬᠠᠮᠠᠳ ᠨᠢᠭᠡ | ᠦᠶ᠎ᠡ ᠶᠢᠨ ᠬᠢᠨ ᠤ ᠬᠤᠪᠢᠰᠬᠠᠯᠴᠢᠳ ᠤᠨ ᠪᠢᠳᠡᠨ ᠳᠤ ᠦᠯᠡᠳᠡᠭᠡᠵᠦ ᠥᠭᠭᠦᠭᠰᠡᠨ ᠡᠷᠬᠢᠮ ᠨᠠᠨᠳᠢᠨ ᠥᠪ | ᠬᠦᠷᠦᠩᠭᠡ ᠶᠢ ᠵᠠᠯᠭᠠᠮᠵᠢᠯᠠᠵᠤ᠂ ᠡᠯ᠎ᠡ ᠵᠦᠢᠯ ᠤᠨ ᠠᠵᠢᠯ ᠤᠨ ᠨᠡᠩ ᠶᠡᠭᠡ ᠦᠷ᠎ᠡ ᠪᠦᠲᠦᠮᠵᠢ ᠤᠯᠬᠤ ᠶᠢ ᠠᠬᠢᠭᠤᠯᠬᠤ | ᠬᠡᠷᠡᠭᠲᠡᠢ᠃ ᠤᠢ ᠰᠢᠭᠤᠢ ᠨᠤᠳᠤᠭ ᠪᠡᠯᠴᠢᠭᠡᠷ ᠢ ᠡᠪᠳᠡᠵᠦ ᠰᠤᠶᠢᠳᠭᠡᠭᠰᠡᠨ ᠬᠠᠤᠯᠢ ᠲᠣᠭᠲᠠᠭᠠᠯ ᠠᠴᠠ ᠵᠥᠷᠢᠴᠡᠭᠰᠡᠨ | ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠪᠠᠶᠢᠳᠠᠯ ᠢ ᠢᠮᠠᠭᠲᠠ ᠪᠠᠷᠢᠮᠳᠠᠯᠠᠵᠤ᠂ ︽ᠨᠢᠭᠡ ᠭᠠᠵᠠᠷ ᠲᠤ ᠤᠯᠠᠨ | ᠨᠥᠬᠦᠪᠥᠷᠢ ᠤᠯᠭᠤᠬᠤ︾᠂ ︽ᠨᠢᠭᠡ ᠭᠠᠵᠠᠷ ᠲᠤ ᠤᠯᠠᠨ ᠦᠨᠡᠮᠯᠡᠯ ᠭᠦᠢᠴᠡᠳᠭᠡᠨ ᠦᠭᠬᠦ︾ ᠳᠤ ᠣᠷᠣᠰᠢᠵᠤ | ᠪᠠᠶᠢᠭ᠎ᠠ ᠲᠡᠤᠭᠡᠨ ᠠᠴᠠ ᠦᠯᠡᠳᠡᠭᠳᠡᠵᠤ ᠢᠷᠡᠭᠰᠡᠨ ᠠᠰᠠᠭᠤᠳᠠᠯ ᠢ ᠰᠢᠢᠳᠪᠦᠷᠢᠯᠡᠵᠦ᠂ ᠲᠥᠪᠯᠡᠷᠡᠭᠦᠯᠦᠨ ᠴᠡᠭᠴᠡᠯᠡᠨ | ᠵᠠᠰᠠᠬᠤ ᠠᠵᠢᠯᠯᠠᠭ᠎ᠠ ᠶᠢ ᠦᠷᠭᠦᠯᠵᠢᠯᠡᠨ ᠭᠦᠨᠵᠡᠭᠡᠢ ᠥᠷᠨᠢᠭᠦᠯᠵᠦ᠂ ᠰᠢᠨ᠎ᠠ ᠪᠠᠷ ᠨᠡᠮᠡᠭᠳᠡᠭᠰᠡᠨ ᠬᠠᠤᠯᠢ ᠠᠴᠠ | ᠵᠥᠷᠢᠴᠡᠭᠰᠡᠨ ᠠᠵᠢᠯᠯᠠᠭ᠎ᠠ ᠶᠢ ᠡᠷᠡᠰ ᠬᠤᠷᠢᠭᠯᠠᠬᠤ ᠬᠡᠷᠡᠭᠲᠡᠢ᠃ ᠭᠠᠴᠠᠭ᠎ᠠ ᠲᠣᠰᠬᠤᠨ ᠢ ᠶᠡᠷᠦᠩᠬᠡᠶᠢᠯᠡᠨ ᠴᠡᠭᠴᠡᠯᠡᠨ | ᠵᠠᠰᠠᠵᠤ ᠲᠡᠭᠡᠭᠰᠢᠯᠡᠬᠦᠯᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠠᠵᠢᠯ ᠤᠨ ᠬᠠᠮᠳᠤᠷᠠᠯ ᠤᠨ ᠬᠦᠴᠦᠨ ᠢ | ᠪᠦᠷᠢᠯᠳᠦᠭᠦᠯᠦᠨ᠂ ᠵᠥᠷᠢᠴᠡᠯ ᠵᠢᠭᠤᠷᠠᠯᠳᠤᠭᠠᠨ ᠢ ᠪᠦᠲᠦᠮᠵᠢᠲᠡᠶ ᠰᠢᠢᠳᠪᠦᠷᠢᠯᠡᠵᠦ᠂ ᠪᠥᠬᠦ ᠬᠤᠰᠢᠭᠤᠨ ᠤ | ᠦᠨᠳᠦᠰᠦᠨ ᠱᠠᠲᠤᠨ ᠤ ᠵᠠᠰᠠᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠬᠡᠷᠡᠭᠲᠡᠶ᠃ ᠠᠮᠢᠨ ᠬᠡᠷᠡᠭ ᠢ ᠰᠡᠷᠭᠡᠶᠢᠯᠡᠨ | ᠡᠵᠡᠮᠳᠡᠬᠦ ᠠᠵᠢᠯ ᠤᠨ ᠣᠶᠢᠯᠠᠭᠠᠭᠳᠠᠬᠤᠨ ᠢ ᠪᠠᠲᠤ ᠪᠤᠢ ᠪᠣᠯᠭᠠᠵᠤ᠂ ᠶᠡᠷᠦᠩᠬᠡᠶᠢᠯᠡᠨ ᠵᠠᠰᠠᠬᠤ ᠲᠥᠪ ᠤᠨ ᠪᠣᠳᠠᠲᠤ | ᠪᠠᠶᠢᠯᠳᠤᠭᠠᠨᠴᠢᠯᠠᠭᠰᠠᠨ ᠠᠵᠢᠯᠯᠠᠭᠠᠨ ᠢ ᠠᠬᠢᠭᠤᠯᠬᠤ ᠬᠡᠷᠡᠭᠲᠡᠢ ᠭᠡᠵᠤ ᠴᠢᠬᠤᠯᠠᠴᠢᠯᠠᠵᠠᠢ᠃ | ᠬᠤᠷᠠᠯ ᠠᠴᠠ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ | ᠰᠤᠷᠤᠯᠴᠠᠯᠭ᠎ᠠ ᠬᠥᠮᠦᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ | ᠪᠠᠷᠢᠮᠲᠠᠯᠠᠵᠤ᠂ ᠰᠤᠷᠤᠯᠴᠠᠨ ᠪᠠᠶᠢᠴᠠᠭᠠᠵᠤ ᠰᠠᠶᠢᠵᠢᠷᠠᠭᠤᠯᠬᠤ ᠶᠢ ᠨᠢᠭᠡ ᠴᠤᠭᠴᠠᠵᠢᠭᠤᠯᠤᠨ ᠠᠬᠢᠭᠤᠯᠬᠤ ᠲᠠᠯ᠎ᠠ ᠪᠠᠷ | ᠲᠠᠬᠢᠨ ᠭᠦᠨᠵᠡᠭᠡᠶᠢᠷᠡᠭᠦᠯᠵᠦ᠂ ᠰᠤᠷᠲᠠᠯ ᠤᠨ ᠪᠠᠶᠢᠭᠤᠯᠤᠯᠲᠠ ᠶᠢ ᠪᠠᠶᠢᠩᠭᠤᠵᠢᠭᠤᠯᠵᠤ ᠤᠷᠳᠤ ᠬᠤᠭᠤᠴᠠᠭ᠎ᠠ ᠪᠠᠷ | ᠪᠦᠲᠦᠮᠵᠢᠲᠡᠢ ᠪᠣᠯᠭᠠᠬᠤ ᠶᠢ ᠠᠬᠢᠭᠤᠯᠬᠤ ᠬᠡᠷᠡᠭᠲᠡᠢ᠃ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠡᠯ᠎ᠡ | ᠵᠦᠢᠯ ᠤᠨ ᠡᠭᠦᠷᠭᠡ ᠶᠢ ᠡᠷᠡᠰ ᠪᠡᠶᠡᠯᠡᠭᠦᠯᠵᠦ᠂ ᠪᠥᠬᠦ ᠬᠤᠰᠢᠭᠤᠨ ᠤ ︽ᠨᠢᠭᠡ ᠬᠥᠯᠭᠡ ᠰᠢᠲᠠᠷ᠎ᠠ︾ ᠶᠢᠨ ᠦᠵᠡᠯ | ᠰᠠᠨᠠᠭ᠎ᠠ ᠶᠢ ᠪᠣᠶ ᠪᠣᠯᠭᠠᠵᠤ᠂ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠵᠤ᠂ | ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠤᠨ ᠪᠣᠳᠠᠲᠤ ᠦᠷ᠎ᠡ ᠪᠦᠲᠦᠮᠵᠢ ᠤᠯᠬᠤ ᠶᠢ | ᠪᠠᠲᠤᠯᠠᠬᠤ ᠬᠡᠷᠡᠭᠲᠡᠶ᠃ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂ ᠰᠤᠮᠤ ᠰᠢᠶᠠᠩ | ᠪᠠᠯᠭᠠᠰᠤ ᠶᠢᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠵᠦᠢᠯᠡᠰ ᠤᠨ ᠨᠠᠷᠢᠨ ᠬᠠᠭᠤᠳᠠᠰᠤ ᠶᠢ ᠳᠠᠬᠢᠨ ᠡᠮᠬᠢᠯᠡᠵᠦ᠂ | ᠳᠠᠬᠢᠨ ᠬᠢᠨᠠᠨ ᠬᠠᠷᠭᠤᠭᠤᠯᠵᠤ᠂ ᠨᠠᠷᠢᠨ ᠲᠠᠩᠰᠠ ᠶᠢ ᠨᠠᠶᠢᠷᠠᠭᠤᠯᠤᠨ ᠵᠣᠬᠢᠶᠠᠬᠤ ᠠᠵᠢᠯ ᠢ ᠴᠠᠭ ᠲᠤᠬᠠᠶ ᠳᠤᠨᠢ ᠴᠢᠨᠠᠷ | ᠰᠠᠶᠢᠲᠠᠶ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ ᠭᠡᠵᠤ ᠴᠢᠩᠭᠠᠳᠬᠠᠵᠠᠢ᠃ | ᠡᠯ᠎ᠡ ᠰᠤᠮᠤ ᠰᠢᠶᠠᠩ ᠪᠠᠯᠭᠠᠰᠤ᠂ ᠡᠬᠦᠯᠳᠡᠷ ᠤᠨ ᠮᠠᠯ ᠢ ᠦᠷᠡᠵᠢᠭᠦᠯᠬᠦ ᠲᠥᠪ᠂ ᠨᠠᠮ ᠣᠯᠠᠨ ᠲᠦᠮᠡᠨ ᠤ ᠠᠵᠢᠯ | ᠤᠨ ᠦᠢᠯᠡᠴᠢᠯᠡᠭᠡᠨ ᠤ ᠲᠥᠪ ᠸᠢᠳᠢᠤ᠋ ᠬᠡᠯᠪᠡᠷᠢ ᠪᠠᠷ ᠬᠤᠷᠠᠯ ᠤᠨ ᠠᠭᠤᠯᠭ᠎ᠠ ᠶᠢ ᠬᠦᠯᠢᠶᠡᠨ ᠠᠪᠴᠤ ᠰᠤᠨᠤᠰᠴᠠᠢ᠃ |