2024 ᠤᠨ ᠳᠠᠬᠢ ᠥᠨᠳᠥᠷ ᠬᠡᠪ ᠪᠣᠯᠪᠠᠰᠤᠷᠠᠯ ᠲᠠᠢ ᠮᠠᠯᠴᠢᠨ ᠲᠠᠷᠢᠶᠠᠴᠢᠨ ᠤ ᠴᠢᠳᠠᠪᠤᠷᠢ ᠶᠢ ᠳᠡᠭᠡᠭᠰᠢᠯᠡᠭᠦᠯᠬᠦ ᠪᠣᠯᠪᠠᠰᠤᠷᠠᠯ ᠤᠨ ᠠᠩᠭᠢ ᠡᠬᠢᠯᠡᠭᠰᠡᠨ ᠵᠠᠯᠠᠶᠢᠳ ᠬᠤᠰᠢᠭᠤ
ᠨᠡᠶᠢᠲᠡᠯᠡᠭᠰᠡᠨ ᠴᠠᠭ᠄
2025/6/26
     ᠲᠥᠪ ᠤᠨ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ ᠬᠢᠭᠡᠳ ᠲᠥᠪ ᠤᠨ ᠬᠥᠳᠡᠭᠡ ᠲᠣᠰᠬᠤᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠵᠦ᠂ ᠮᠠᠯᠴᠢᠨ ᠲᠠᠷᠢᠶᠠᠴᠢᠨ ᠤ ᠠᠵᠢᠯ ᠮᠡᠷᠭᠡᠵᠢᠯ ᠤᠨ ᠤᠷ᠎ᠠ ᠴᠢᠳᠠᠪᠤᠷᠢ ᠬᠢᠭᠡᠳ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠰᠣᠶᠣᠯ ᠤᠨ ᠬᠡᠪ ᠴᠢᠨᠠᠷ ᠢ ᠳᠡᠭᠡᠭᠰᠢᠯᠡᠭᠦᠯᠦᠨ᠂ ᠰᠣᠶᠣᠯ ᠲᠠᠢ᠂ ᠮᠡᠷᠭᠡᠵᠢᠯ ᠲᠠᠢ᠂ ᠡᠵᠡᠩᠨᠡᠵᠦ ᠴᠢᠳᠠᠬᠤ ᠥᠨᠳᠥᠷ ᠬᠡᠪ ᠪᠣᠯᠪᠠᠰᠤᠷᠠᠯ ᠲᠠᠢ ᠮᠠᠯᠴᠢᠨ ᠲᠠᠷᠢᠶᠠᠴᠢᠨ ᠤ ᠡᠩᠨᠡᠭᠡ ᠶᠢ ᠪᠠᠶᠢᠭᠤᠯᠬᠤ ᠶᠢᠨ ᠲᠥᠯᠥᠭᠡ᠂ ᠣᠶᠢᠷ᠎ᠠ ᠳᠤ᠂ ᠵᠠᠯᠠᠶᠢᠳ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ ᠠᠴᠠ ᠭᠤᠤᠯᠯᠠᠨ ᠡᠷᠭᠢᠯᠡᠵᠦ᠂ ᠬᠢᠩᠭᠠᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠠᠴᠠ ᠳᠠᠭᠠᠭᠠᠴᠢᠯᠠᠨ ᠡᠷᠭᠢᠯᠡᠭᠰᠡᠨ 2024 ᠤᠨ ᠳᠠᠬᠢ ᠥᠨᠳᠥᠷ ᠬᠡᠪ ᠪᠣᠯᠪᠠᠰᠤᠷᠠᠯ ᠲᠠᠢ ᠮᠠᠯᠴᠢᠨ ᠲᠠᠷᠢᠶᠠᠴᠢᠨ ᠤ ᠴᠢᠳᠠᠪᠤᠷᠢ ᠶᠢ ᠳᠡᠭᠡᠭᠰᠢᠯᠡᠭᠦᠯᠬᠦ ᠪᠣᠯᠪᠠᠰᠤᠷᠠᠯ ᠤᠨ ᠠᠩᠭᠢ ᠱᠠᠨᠳᠦ᠋ᠩ ᠤᠨ ᠪᠦᠦ ᠯᠠᠶ ᠯᠢ ᠯᠠᠶ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠦᠯᠦᠭᠯᠡᠯ ︵ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠢᠳᠠᠪᠤᠷᠢᠲᠠᠨ ᠤ ᠺᠣᠮᠫᠠᠨᠢ ︶᠎ ᠳᠤ ᠵᠢᠩᠬᠢᠨᠢ ᠪᠠᠷ ᠬᠢᠴᠢᠶᠡᠯ ᠡᠬᠢᠯᠡᠪᠡ᠃
111.jpg
     ᠵᠠᠯᠠᠶᠢᠳ ᠬᠤᠰᠢᠭᠤᠨ ᠤ ᠡᠯ᠎ᠡ ᠰᠤᠮᠤ ᠰᠢᠶᠠᠩ ᠪᠠᠯᠭᠠᠰᠤ ︵ᠲᠥᠪ︶᠎ ᠠᠴᠠ ᠬᠦᠷᠦᠯᠴᠡᠨ ᠢᠷᠡᠭᠰᠡᠨ 50 ᠨᠡᠷᠡᠰ 2024 ᠤᠨ ᠳᠠᠬᠢ ᠥᠨᠳᠥᠷ ᠬᠡᠪ ᠪᠣᠯᠪᠠᠰᠤᠷᠠᠯ ᠲᠠᠢ ᠮᠠᠯᠴᠢᠨ ᠲᠠᠷᠢᠶᠠᠴᠢᠨ ᠤ ᠪᠣᠯᠪᠠᠰᠤᠷᠠᠯ ᠤᠨ ᠠᠩᠭᠢ ᠶᠢᠨ ᠰᠢᠯᠢᠳᠡᠭ ᠰᠤᠷᠤᠯᠭᠠᠲᠠᠨ ᠲᠣᠰ ᠤᠳᠠᠭᠠᠨ ᠤ ᠳᠡᠭᠡᠭᠰᠢᠯᠡᠭᠦᠯᠬᠦ ᠪᠣᠯᠪᠠᠰᠤᠷᠠᠯ ᠳᠤ ᠣᠷᠣᠯᠴᠠᠪᠠ᠃ ᠲᠣᠰ ᠤᠳᠠᠭᠠᠨ ᠤ ᠪᠣᠯᠪᠠᠰᠤᠷᠠᠯ ᠨᠢ ᠲᠠᠷᠢᠶᠠᠯᠠᠩ ᠮᠠᠯ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢᠨ ᠴᠢᠳᠠᠪᠤᠷᠢᠲᠠᠨ ᠤ ᠬᠡᠷᠡᠭᠴᠡᠭᠡ ᠱᠠᠭᠠᠷᠳᠠᠯᠭ᠎ᠠ ᠶᠢᠨ ᠲᠣᠭᠤᠷᠢᠨ ᠳᠤ᠂ ᠰᠤᠷᠤᠯᠴᠠᠭᠰᠠᠳ ᠤᠨ ᠮᠡᠷᠭᠡᠵᠢᠯ ᠤᠷ᠎ᠠ ᠴᠢᠳᠠᠪᠤᠷᠢ ᠶᠢᠨ ᠬᠢᠷᠢ ᠲᠦᠪᠰᠢᠨ᠂ ᠠᠵᠤ ᠦᠢᠯᠡᠰ ᠤᠨ ᠬᠥᠭᠵᠢᠯᠲᠡ ᠶᠢᠨ ᠴᠢᠳᠠᠪᠤᠷᠢ ᠪᠠ ᠶᠡᠷᠦᠩᠬᠡᠶᠢᠯᠡᠭᠰᠡᠨ ᠬᠡᠪ ᠴᠢᠨᠠᠷ ᠬᠡᠪ ᠪᠣᠯᠪᠠᠰᠤᠷᠠᠯ ᠢ ᠳᠡᠭᠡᠭᠰᠢᠯᠡᠭᠦᠯᠬᠦ ᠪᠠᠷ ᠴᠢᠷᠮᠠᠶᠢᠵᠤ᠂ ᠠᠮᠤ ᠪᠤᠳᠠᠭᠠᠨ ᠤ ᠠᠮᠤᠷ ᠲᠦᠪᠰᠢᠨ ᠢ ᠰᠠᠬᠢᠨ ᠬᠠᠮᠠᠭᠠᠯᠠᠭᠴᠢ᠂ ᠠᠵᠤ ᠦᠢᠯᠡᠰ ᠤᠨ ᠬᠥᠭᠵᠢᠯᠲᠡ ᠶᠢᠨ ᠳᠠᠭᠠᠭᠤᠯᠤᠭᠴᠢ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠤᠯ ᠬᠦᠴᠦᠨ ᠢ ᠪᠣᠶ ᠪᠣᠯᠭᠠᠵᠤ᠂ ᠮᠠᠯᠴᠢᠨ ᠲᠠᠷᠢᠶᠠᠴᠢᠨ ᠳᠤ ᠰᠤᠷᠤᠯᠴᠠᠵᠤ ᠰᠤᠯᠢᠯᠴᠠᠬᠤ ᠲᠡᠪᠴᠡᠩ  ᠪᠠᠶᠢᠭᠤᠯᠤᠨ ᠦᠭᠴᠤ᠂ ᠲᠡᠳᠡᠨ ᠳᠤ ᠲᠡᠷᠢᠭᠦᠨ ᠤ ᠮᠡᠳᠡᠯᠭᠡ ᠤᠷ᠎ᠠ ᠴᠢᠳᠠᠪᠤᠷᠢ ᠶᠢ ᠴᠠᠭ ᠲᠤᠬᠠᠶ ᠳᠤᠨᠢ ᠡᠵᠡᠮᠰᠢᠭᠦᠯᠵᠦ᠂ ᠲᠠᠷᠢᠶᠠᠯᠠᠩ ᠦᠢᠯᠡᠳᠪᠦᠷᠢᠯᠡᠯ ᠤᠨ ᠦᠷ᠎ᠡ ᠪᠦᠲᠦᠮᠵᠢ ᠪᠠ ᠦᠷ᠎ᠡ ᠠᠰᠢᠭ ᠢ ᠳᠡᠭᠡᠭᠰᠢᠯᠡᠭᠦᠯᠦᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠥᠬᠦ ᠲᠠᠯ᠎ᠠ ᠪᠠᠷ ᠠᠬᠢᠭᠤᠯᠬᠤ ᠳᠤ ᠪᠠᠲᠤ ᠴᠢᠩᠭ᠎ᠠ ᠴᠢᠳᠠᠪᠤᠷᠢᠲᠠᠨ ᠬᠠᠩᠭᠠᠵᠤ᠂ ᠪᠥᠬᠦ ᠬᠤᠰᠢᠭᠤᠨ ᠤ ᠠᠮᠤ ᠲᠣᠰᠣᠨ ᠤ ᠨᠢᠭᠡᠴᠢ ᠲᠡᠯᠠᠪᠠᠢ ᠶᠢᠨ ᠤᠨᠠᠯᠲᠠ ᠶᠢ ᠳᠡᠭᠡᠭᠰᠢᠯᠡᠭᠦᠯᠬᠦ ᠠᠵᠢᠯ ᠳᠤ ᠬᠦᠴᠦᠨ ᠨᠡᠮᠡᠷᠢᠯᠡᠬᠦ ᠶᠢᠨ ᠲᠥᠯᠥᠭᠡ ᠶᠤᠮ᠃ ᠪᠣᠯᠪᠠᠰᠤᠷᠠᠯ ᠤᠨ ᠬᠢᠴᠢᠶᠡᠯ ᠢ ᠨᠠᠷᠢᠨ ᠨᠢᠮᠪᠠᠶ ᠪᠠᠶᠢᠷᠢᠯᠠᠭᠤᠯᠵᠤ᠂ ᠣᠨᠣᠯ ᠪᠠ ᠦᠢᠯᠡᠳᠦᠯᠭᠡ ᠶᠢ ᠤᠶᠠᠯᠳᠤᠭᠤᠯᠬᠤ ᠶᠢ ᠴᠢᠬᠤᠯᠠᠴᠢᠯᠠᠨ᠂ ᠣᠨᠣᠯ ᠤᠨ ᠲᠠᠶᠢᠯᠤᠮᠵᠢ ᠠᠴᠠ ᠭᠠᠳᠠᠨ᠎ᠠ ᠪᠠᠰᠠ ᠪᠣᠳᠠᠲᠠᠶ ᠠᠵᠢᠯᠯᠠᠬᠤ ᠭᠤᠭᠴᠤᠭ᠎ᠠ ᠶᠢ ᠳᠣᠭᠢᠷᠠᠭᠤᠯᠵᠤ᠂ ᠰᠤᠷᠤᠯᠴᠠᠭᠰᠠᠳ ᠨᠢᠭᠡᠪᠦᠷᠢ ᠶᠢᠨ ᠬᠠᠮᠢᠶ᠎ᠠ ᠪᠥᠬᠦᠶ ᠤᠷ᠎ᠠ ᠴᠢᠳᠠᠪᠤᠷᠢ ᠶᠢ ᠪᠣᠯᠪᠠᠰᠤᠷᠠᠩᠭᠤᠶ ᠡᠵᠡᠮᠰᠢᠬᠦ ᠶᠢ ᠦᠨᠡᠨ ᠬᠦ ᠪᠠᠲᠤᠯᠠᠵᠠᠢ᠃
222.jpg
     ᠲᠣᠰ ᠤᠳᠠᠭᠠᠨ ᠤ ᠪᠣᠯᠪᠠᠰᠤᠷᠠᠯ ᠨᠢ 9 ᠡᠳᠦᠷ ᠶᠠᠪᠤᠭᠳᠠᠵᠤ᠂ ᠬᠢᠴᠢᠶᠡᠯ ᠤᠨ ᠠᠭᠤᠯᠭ᠎ᠠ ᠨᠢ ᠡᠯᠪᠡᠭ ᠪᠠᠶᠠᠯᠢᠭ ᠪᠣᠳᠠᠲᠤ ᠬᠡᠷᠡᠭᠴᠡᠭᠡ ᠲᠠᠢ᠃ ᠣᠨᠣᠯ ᠤᠨ ᠵᠢᠭᠠᠨ ᠰᠤᠷᠭᠠᠯᠲᠠ ᠳᠤ ᠲᠥᠪ ᠤᠨ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ ᠤᠨ ᠲᠠᠶᠢᠯᠤᠮᠵᠢ᠂ ᠲᠠᠷᠢᠮᠠᠯ ᠤᠨ ᠡᠪᠡᠳᠴᠢᠨ ᠬᠤᠷᠣᠬᠠᠶ ᠶᠢᠨ ᠬᠥᠨᠥᠭᠡᠯ ᠢ ᠰᠡᠷᠭᠡᠶᠢᠯᠡᠨ ᠵᠠᠰᠠᠬᠤ᠂ ᠲᠠᠷᠢᠶᠠᠯᠠᠩ ᠤᠨ ᠮᠡᠷᠭᠡᠵᠢᠯ ᠤᠨ ᠭᠤᠤᠯᠳᠠᠯᠭ᠎ᠠ᠂ ᠲᠠᠷᠢᠶᠠᠯᠠᠩ ᠤᠨ ᠪᠦᠲᠦᠭᠡᠭᠳᠡᠬᠦᠨ ᠤ ᠡᠯᠧᠺᠲᠷᠤᠨ ᠬᠤᠳᠠᠯᠳᠤᠭᠠᠨ ᠤ ᠡᠵᠡᠩᠨᠡᠨ ᠪᠣᠷᠣᠯᠠᠭᠤᠯᠤᠯᠲᠠ᠂ ᠮᠠᠯ ᠠᠵᠤ ᠠᠬᠤᠶ ᠲᠡᠵᠢᠭᠡᠨ ᠦᠷᠡᠵᠢᠭᠦᠯᠬᠦ ᠰᠢᠨ᠎ᠡ ᠮᠡᠷᠭᠡᠵᠢᠯ ᠵᠡᠷᠭᠡ ᠪᠠᠭᠳᠠᠨ᠎ᠠ᠃ ᠦᠢᠯᠡᠳᠦᠯᠭᠡ ᠶᠢᠨ ᠵᠢᠭᠠᠨ ᠰᠤᠷᠭᠠᠯᠲᠠ ᠳᠤ ᠰᠤᠷᠤᠯᠴᠠᠭᠰᠠᠳ ᠢ  ᠲᠤᠬᠠᠶ ᠶᠢᠨ ᠭᠠᠵᠠᠷ ᠤᠨ ᠲᠠᠷᠢᠶᠠᠯᠠᠩ ᠮᠠᠯ ᠠᠵᠤ ᠠᠬᠤᠶ ᠶᠢᠨ ᠠᠵᠤ ᠠᠬᠤᠶᠢᠯᠠᠯ᠂ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢᠶᠠᠷ ᠭᠦᠨᠵᠡᠭᠡᠶᠢᠷᠡᠬᠦᠯᠤᠨ ᠲᠣᠭᠤᠷᠢᠨ ᠦᠵᠡᠬᠦᠯᠵᠤ ᠰᠤᠷᠤᠯᠴᠠᠭᠤᠯᠬᠤ ᠶᠢ ᠲᠤᠬᠢᠷᠠᠭᠤᠯᠵᠤ᠂ ᠲᠠᠷᠢᠶᠠᠨ ᠭᠠᠵᠠᠷ᠂ ᠲᠡᠵᠢᠭᠡᠨ ᠦᠷᠡᠵᠢᠭᠦᠯᠬᠦ ᠲᠠᠯᠠᠪᠠᠶ ᠶᠢᠨ ᠪᠣᠳᠠᠲᠠᠶ ᠪᠣᠯᠪᠠᠰᠤᠷᠠᠯ ᠳᠤ ᠣᠷᠣᠯᠴᠠᠭᠤᠯᠵᠤ᠂ ᠰᠤᠷᠤᠯᠴᠠᠭᠰᠠᠳ ᠤᠨ ᠭᠠᠷ ᠬᠥᠳᠡᠯᠬᠦ ᠴᠢᠳᠠᠪᠤᠷᠢ ᠬᠢᠭᠡᠳ ᠪᠣᠳᠠᠲᠠᠶ ᠠᠰᠠᠭᠤᠳᠠᠯ ᠢ ᠰᠢᠢᠳᠪᠤᠷᠢᠯᠡᠬᠦ ᠴᠢᠳᠠᠪᠤᠷᠢ ᠶᠢ ᠨᠡᠮᠡᠭᠳᠡᠭᠦᠯᠪᠡ᠃
 
ᠢᠷᠡᠯᠲᠡ᠄ ᠵᠠᠯᠠᠶᠢᠳ ᠤᠨ ᠸᠢᠴᠠᠲ ᠮᠡᠳᠡᠭᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号