ᠵᠠᠯᠠᠶᠢᠳ ᠬᠤᠰᠢᠭᠤ ᠪᠠᠶᠢᠩᠭᠤ ᠶᠢᠨ ᠬᠤᠷᠢᠶᠠᠨ ᠤ ᠬᠤᠷᠠᠯ ᠵᠢᠴᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠢᠶᠠᠷ ᠨᠠᠶᠢᠳᠠᠪᠤᠷᠢᠵᠢᠭᠤᠯᠬᠤ ᠴᠡᠭᠴᠡᠯᠡᠨ ᠰᠠᠶᠢᠵᠢᠷᠠᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/6/26
    6 ᠰᠠᠷ᠎ᠠ ᠶᠢᠨ 23 ᠤ ᠡᠳᠦᠷ᠂ ᠵᠠᠯᠠᠶᠢᠳ ᠬᠤᠰᠢᠭᠤᠨ ᠤ ᠨᠠᠮ ᠤᠨ ᠬᠤᠷᠢᠶᠠᠨ ᠤ ᠱᠦᠵᠢ ᠴᠢ ᠯᠢᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠵᠠᠯᠠᠶᠢᠳ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠬᠤᠷᠢᠶ᠎ᠠ ᠶᠢᠨ ᠪᠠᠶᠢᠩᠭᠤ ᠶᠢᠨ ᠬᠤᠷᠢᠶᠠᠨ ᠤ 2025 ᠤᠨ ᠤ ᠠᠷᠪᠠᠨ ᠨᠠᠢᠮᠠᠳᠤᠭᠠᠷ ᠤᠳᠠᠭᠠᠨ ᠤ ᠬᠤᠷᠠᠯ ᠵᠢᠴᠢ ᠬᠤᠰᠢᠭᠤᠨ ᠤ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠥᠷᠪᠡᠳᠦᠭᠡᠷ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠢᠶᠠᠷ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠭᠢᠯᠡᠨ ᠬᠤᠷᠠᠯᠳᠤᠭᠤᠯᠵᠠᠢ᠃ ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠵᠢᠴᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠬᠠᠮᠢᠶ᠎ᠠ ᠪᠥᠬᠦᠶ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠠᠮᠢᠶ᠎ᠠ ᠪᠥᠬᠦᠶ ᠶᠠᠪᠤᠳᠠᠯ ᠢ ᠰᠤᠳᠤᠯᠤᠨ ᠬᠢᠨᠠᠨ ᠵᠥᠪᠯᠡᠵᠦ᠂ ᠲᠠᠷᠠᠭᠠᠴᠢ ᠶᠢᠨ ᠠᠯᠬᠤᠮ ᠤᠨ ᠠᠵᠢᠯ ᠢᠶᠠᠨ ᠳᠣᠭᠢᠷᠠᠭᠤᠯᠤᠨ ᠪᠠᠶᠢᠷᠢᠯᠠᠭᠤᠯᠪᠠ᠃    ᠬᠤᠷᠠᠯ ᠠᠴᠠ᠂ ᠴᠧᠨ ᠶᠦᠨ ᠨᠥᠬᠦᠷ ᠤᠨ ᠡᠷᠬᠢᠮ ᠳᠡᠭᠡᠳᠦ ᠵᠤᠷᠢᠭ ᠰᠠᠨᠠᠭᠠᠨ ᠤ ᠬᠡᠪ ᠨᠠᠮᠪᠠ ᠶᠢ ᠰᠠᠶᠢᠳᠤᠷ ᠰᠤᠷᠤᠯᠴᠠᠵᠤ᠂ ᠤᠳᠤᠷᠢᠳᠬᠤ ᠲᠤᠷᠰᠢᠯᠭ᠎ᠠ ᠪᠣᠯᠤᠨ ᠠᠵᠢᠯᠯᠠᠬᠤ ᠠᠷᠭ᠎ᠠ ᠶᠢ ᠪᠠᠶᠠᠯᠢᠭᠵᠢᠭᠤᠯᠵᠤ᠂ ᠠᠬᠠᠮᠠᠳ ᠨᠢᠭᠡ ᠦᠶ᠎ᠡ ᠶᠢᠨ ᠬᠢᠨ ᠤ ᠬᠤᠪᠢᠰᠬᠠᠯᠴᠢᠳ ᠤᠨ ᠪᠢᠳᠡᠨ ᠳᠤ ᠦᠯᠡᠳᠡᠭᠡᠵᠦ ᠥᠭᠭᠦᠭᠰᠡᠨ ᠡᠷᠬᠢᠮ ᠨᠠᠨᠳᠢᠨ ᠥᠪ ᠬᠦᠷᠦᠩᠭᠡ ᠶᠢ ᠵᠠᠯᠭᠠᠮᠵᠢᠯᠠᠵᠤ᠂ ᠡᠯ᠎ᠡ ᠵᠦᠢᠯ ᠤᠨ ᠠᠵᠢᠯ ᠤᠨ ᠨᠡᠩ ᠶᠡᠭᠡ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠢ᠃ ᠤᠢ ᠰᠢᠭᠤᠢ ᠨᠤᠳᠤᠭ ᠪᠡᠯᠴᠢᠭᠡᠷ ᠢ ᠡᠪᠳᠡᠵᠦ ᠰᠤᠶᠢᠳᠭᠡᠭᠰᠡᠨ ᠬᠠᠤᠯᠢ ᠲᠣᠭᠲᠠᠭᠠᠯ ᠠᠴᠠ ᠵᠥᠷᠢᠴᠡᠭᠰᠡᠨ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠪᠠᠶᠢᠳᠠᠯ ᠢ ᠢᠮᠠᠭᠲᠠ  ᠪᠠᠷᠢᠮᠳᠠᠯᠠᠵᠤ᠂ ︽ᠨᠢᠭᠡ ᠭᠠᠵᠠᠷ ᠲᠤ ᠤᠯᠠᠨ ᠨᠥᠬᠦᠪᠥᠷᠢ ᠤᠯᠭᠤᠬᠤ︾᠂ ︽ᠨᠢᠭᠡ ᠭᠠᠵᠠᠷ ᠲᠤ ᠤᠯᠠᠨ ᠦᠨᠡᠮᠯᠡᠯ ᠭᠦᠢᠴᠡᠳᠭᠡᠨ ᠦᠭᠬᠦ︾ ᠳᠤ ᠣᠷᠣᠰᠢᠵᠤ ᠪᠠᠶᠢᠭ᠎ᠠ ᠲᠡᠤᠭᠡᠨ ᠠᠴᠠ ᠦᠯᠡᠳᠡᠭᠳᠡᠵᠤ ᠢᠷᠡᠭᠰᠡᠨ ᠠᠰᠠᠭᠤᠳᠠᠯ ᠢ ᠰᠢᠢᠳᠪᠦᠷᠢᠯᠡᠵᠦ᠂ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯᠯᠠᠭ᠎ᠠ ᠶᠢ ᠦᠷᠭᠦᠯᠵᠢᠯᠡᠨ ᠭᠦᠨᠵᠡᠭᠡᠢ ᠥᠷᠨᠢᠭᠦᠯᠵᠦ᠂ ᠰᠢᠨ᠎ᠠ ᠪᠠᠷ ᠨᠡᠮᠡᠭᠳᠡᠭᠰᠡᠨ ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢ ᠡᠷᠡᠰ ᠬᠤᠷᠢᠭᠯᠠᠬᠤ ᠬᠡᠷᠡᠭᠲᠡᠢ᠃ ᠭᠠᠴᠠᠭ᠎ᠠ ᠲᠣᠰᠬᠤᠨ ᠢ ᠶᠡᠷᠦᠩᠬᠡᠶᠢᠯᠡᠨ ᠴᠡᠭᠴᠡᠯᠡᠨ  ᠵᠠᠰᠠᠵᠤ ᠲᠡᠭᠡᠭᠰᠢᠯᠡᠬᠦᠯᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠠᠵᠢᠯ ᠤᠨ ᠬᠠᠮᠳᠤᠷᠠᠯ ᠤᠨ ᠬᠦᠴᠦᠨ ᠢ ᠪᠦᠷᠢᠯᠳᠦᠭᠦᠯᠦᠨ᠂ ᠵᠥᠷᠢᠴᠡᠯ ᠵᠢᠭᠤᠷᠠᠯᠳᠤᠭᠠᠨ ᠢ ᠪᠦᠲᠦᠮᠵᠢᠲᠡᠶ ᠰᠢᠢᠳᠪᠦᠷᠢᠯᠡᠵᠦ᠂ ᠪᠥᠬᠦ ᠬᠤᠰᠢᠭᠤᠨ ᠤ ᠦᠨᠳᠦᠰᠦᠨ ᠱᠠᠲᠤᠨ ᠤ ᠵᠠᠰᠠᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠬᠡᠷᠡᠭᠲᠡᠶ᠃ ᠠᠮᠢᠨ ᠬᠡᠷᠡᠭ ᠢ ᠰᠡᠷᠭᠡᠶᠢᠯᠡᠨ ᠡᠵᠡᠮᠳᠡᠬᠦ ᠠᠵᠢᠯ ᠤᠨ ᠣᠶᠢᠯᠠᠭᠠᠭᠳᠠᠬᠤᠨ ᠢ ᠪᠠᠲᠤ ᠪᠤᠢ ᠪᠣᠯᠭᠠᠵᠤ᠂ ᠶᠡᠷᠦᠩᠬᠡᠶᠢᠯᠡᠨ ᠵᠠᠰᠠᠬᠤ ᠲᠥᠪ ᠤᠨ ᠪᠣᠳᠠᠲᠤ ᠪᠠᠶᠢᠯᠳᠤᠭᠠᠨᠴᠢᠯᠠᠭᠰᠠᠨ ᠠᠵᠢᠯᠯᠠᠭᠠᠨ ᠢ ᠠᠬᠢᠭᠤᠯᠬᠤ ᠬᠡᠷᠡᠭᠲᠡᠢ ᠭᠡᠵᠤ ᠴᠢᠬᠤᠯᠠᠴᠢᠯᠠᠵᠠᠢ᠃   ᠬᠤᠷᠠᠯ ᠠᠴᠠ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠰᠤᠷᠤᠯᠴᠠᠨ ᠪᠠᠶᠢᠴᠠᠭᠠᠵᠤ ᠰᠠᠶᠢᠵᠢᠷᠠᠭᠤᠯᠬᠤ ᠶᠢ ᠨᠢᠭᠡ ᠴᠤᠭᠴᠠᠵᠢᠭᠤᠯᠤᠨ ᠠᠬᠢᠭᠤᠯᠬᠤ ᠲᠠᠯ᠎ᠠ ᠪᠠᠷ ᠲᠠᠬᠢᠨ ᠭᠦᠨᠵᠡᠭᠡᠶᠢᠷᠡᠭᠦᠯᠵᠦ᠂ ᠰᠤᠷᠲᠠᠯ ᠤᠨ ᠪᠠᠶᠢᠭᠤᠯᠤᠯᠲᠠ ᠶᠢ ᠪᠠᠶᠢᠩᠭᠤᠵᠢᠭᠤᠯᠵᠤ ᠤᠷᠳᠤ ᠬᠤᠭᠤᠴᠠᠭ᠎ᠠ ᠪᠠᠷ ᠪᠦᠲᠦᠮᠵᠢᠲᠡᠢ ᠪᠣᠯᠭᠠᠬᠤ ᠶᠢ ᠠᠬᠢᠭᠤᠯᠬᠤ ᠬᠡᠷᠡᠭᠲᠡᠢ᠃ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠡᠯ᠎ᠡ ᠵᠦᠢᠯ ᠤᠨ ᠡᠭᠦᠷᠭᠡ ᠶᠢ ᠡᠷᠡᠰ ᠪᠡᠶᠡᠯᠡᠭᠦᠯᠵᠦ᠂ ᠪᠥᠬᠦ ᠬᠤᠰᠢᠭᠤᠨ ᠤ ︽ᠨᠢᠭᠡ ᠬᠥᠯᠭᠡ ᠰᠢᠲᠠᠷ᠎ᠠ︾ ᠶᠢᠨ ᠦᠵᠡᠯ ᠰᠠᠨᠠᠭ᠎ᠠ ᠶᠢ ᠪᠣᠶ ᠪᠣᠯᠭᠠᠵᠤ᠂ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ  ᠰᠠᠶᠢᠲᠤᠷ ᠠᠳᠬᠤᠵᠤ᠂ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠤᠨ ᠪᠣᠳᠠᠲᠤ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠶ᠃ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂ ᠰᠤᠮᠤ ᠰᠢᠶᠠᠩ ᠪᠠᠯᠭᠠᠰᠤ ᠶᠢᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠵᠦᠢᠯᠡᠰ ᠤᠨ ᠨᠠᠷᠢᠨ ᠬᠠᠭᠤᠳᠠᠰᠤ ᠶᠢ ᠳᠠᠬᠢᠨ ᠡᠮᠬᠢᠯᠡᠵᠦ᠂ ᠳᠠᠬᠢᠨ ᠬᠢᠨᠠᠨ ᠬᠠᠷᠭᠤᠭᠤᠯᠵᠤ᠂ ᠨᠠᠷᠢᠨ ᠲᠠᠩᠰᠠ ᠶᠢ ᠨᠠᠶᠢᠷᠠᠭᠤᠯᠤᠨ ᠵᠣᠬᠢᠶᠠᠬᠤ ᠠᠵᠢᠯ ᠢ ᠴᠠᠭ ᠲᠤᠬᠠᠶ ᠳᠤᠨᠢ ᠴᠢᠨᠠᠷ ᠰᠠᠶᠢᠲᠠᠶ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ ᠭᠡᠵᠤ ᠴᠢᠩᠭᠠᠳᠬᠠᠵᠠᠢ᠃     ᠡᠯ᠎ᠡ ᠰᠤᠮᠤ ᠰᠢᠶᠠᠩ ᠪᠠᠯᠭᠠᠰᠤ᠂ ᠡᠬᠦᠯᠳᠡᠷ ᠤᠨ ᠮᠠᠯ ᠢ ᠦᠷᠡᠵᠢᠭᠦᠯᠬᠦ ᠲᠥᠪ᠂ ᠨᠠᠮ ᠣᠯᠠᠨ ᠲᠦᠮᠡᠨ ᠤ ᠠᠵᠢᠯ  ᠤᠨ ᠦᠢᠯᠡᠴᠢᠯᠡᠭᠡᠨ ᠤ ᠲᠥᠪ ᠸᠢᠳᠢᠤ᠋ ᠬᠡᠯᠪᠡᠷᠢ ᠪᠠᠷ ᠬᠤᠷᠠᠯ ᠤᠨ ᠠᠭᠤᠯᠭ᠎ᠠ ᠶᠢ ᠬᠦᠯᠢᠶᠡᠨ ᠠᠪᠴᠤ ᠰᠤᠨᠤᠰᠴᠠᠢ᠃
 
ᠢᠷᠡᠯᠲᠡ᠄ ᠵᠠᠯᠠᠶᠢᠳ ᠤᠨ ᠸᠢᠴᠠᠲ ᠮᠡᠳᠡᠭᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号