| 6 ᠰᠠᠷ᠎ᠠ ᠶᠢᠨ 26 ᠤ ᠡᠳᠦᠷ᠂ ᠵᠠᠯᠠᠶᠢᠳ ᠬᠤᠰᠢᠭᠤᠨ ᠤ ᠨᠠᠮ ᠤᠨ ᠬᠤᠷᠢᠶᠡᠨ ᠤ ᠣᠨᠣᠯ ᠰᠤᠷᠤᠯᠴᠠᠬᠤ | ᠭᠤᠤᠯ ᠳᠤᠭᠤᠶᠢᠯᠠᠩ 2025 ᠣᠨ ᠤ ᠨᠠᠢᠮᠠᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠬᠢᠵᠦ᠂ ︽ᠦᠨᠡᠨ︾ | ᠰᠡᠳᠬᠦᠯ ᠤᠨ2025 ᠣᠨ ᠤ 12 ᠳ᠋ᠤᠭᠠᠷ ᠬᠤᠭᠤᠴᠠᠭᠠᠨ ᠳᠤ ᠨᠡᠶᠢᠳᠡᠯᠡᠭᠰᠡᠨ ᠶᠡᠷᠦᠩᠬᠡᠶ ᠱᠦᠵᠢ ᠰᠢ ᠶᠢᠨ | ᠫᠢᠩ ᠤᠨ ︽ᠲᠤᠮᠳᠠ ᠤᠷᠳᠤ ᠬᠤᠭᠤᠴᠠᠭᠠᠨ ᠤ ᠲᠦᠯᠤᠪᠵᠢᠬᠦᠯᠭᠡ ᠪᠠᠷ ᠠᠵᠤ ᠠᠬᠤᠶ ᠨᠡᠶᠢᠭᠡᠮ ᠤᠨ ᠬᠥᠭᠵᠢᠯᠲᠡ ᠶᠢ | ᠵᠢᠯᠣᠭᠤᠳᠬᠤ ᠪᠣᠯ ᠮᠠᠨ ᠤ ᠨᠠᠮ ᠤᠨ ᠲᠥᠷᠥ ᠶᠢ ᠵᠠᠰᠠᠵᠤ ᠵᠠᠰᠠᠭ ᠢ ᠡᠷᠭᠢᠯᠡᠬᠦ ᠨᠢᠭᠡ ᠵᠦᠢᠯ ᠤᠨ ᠴᠢᠬᠤᠯᠠ ᠠᠷᠭ᠎ᠠ | ᠬᠡᠯᠪᠡᠷᠢ ᠮᠥᠨ︾ ᠭᠡᠬᠦ ᠴᠢᠬᠤᠯᠠ ᠵᠤᠬᠢᠶᠠᠯ ᠵᠢᠴᠢ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ ᠶᠢᠨ ᠬᠠᠮᠢᠶ᠎ᠠ ᠪᠥᠬᠦᠶ ᠬᠤᠷᠠᠯ ᠪᠠ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ | ᠬᠤᠰᠢᠭᠤᠨ ᠤ ᠨᠠᠮ ᠤᠨ ᠬᠤᠷᠢᠶᠠᠨ ᠤ ᠱᠦᠵᠢ ᠴᠢ ᠯᠢᠨ ᠬᠤᠷᠠᠯ ᠡᠷᠭᠢᠯᠡᠵᠦ ᠶᠠᠷᠢᠶ᠎ᠠ ᠲᠠᠯᠪᠢᠪᠠ᠃ | ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠣᠬᠢᠶᠠᠯ ᠤᠨ ᠵᠣᠷᠢᠭ ᠰᠠᠨᠠᠭ᠎ᠠ ᠶᠢ | ᠰᠠᠶᠢᠳᠤᠷ ᠰᠤᠷᠤᠯᠴᠠᠨ ᠣᠶᠢᠯᠠᠭᠠᠵᠤ᠂ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢ | ᠨᠠᠶᠢᠷᠠᠭᠤᠯᠤᠨ ᠵᠣᠬᠢᠶᠠᠬᠤ ᠶᠢ ᠨᠢᠭᠡ ᠵᠦᠢᠯ ᠤᠨ ᠴᠢᠬᠤᠯᠠ ᠤᠯᠤᠰ ᠲᠦᠷᠦ ᠶᠢᠨ ᠡᠭᠦᠷᠭᠡ ᠪᠣᠯᠭᠠᠵᠤ᠂ ᠵᠣᠷᠢᠯᠲᠠ ᠶᠢᠨ | ᠤᠬᠠᠮᠰᠠᠷ ᠢᠶᠠᠨ ᠴᠢᠩᠭᠠᠳᠬᠠᠵᠤ᠂ ᠤᠯᠠᠨ ᠲᠦᠮᠡᠨ ᠤ ᠦᠨᠡᠨ ᠪᠣᠳᠠᠲᠠᠢ ᠬᠡᠷᠡᠭᠴᠡᠭᠡ ᠶᠢ ᠲᠥᠯᠥᠪᠵᠢᠭᠦᠯᠭᠡ ᠶᠢᠨ | ᠰᠢᠨᠵᠢᠯᠡᠬᠦ ᠤᠬᠠᠭᠠᠨᠴᠢ ᠠᠭᠤᠯᠭ᠎ᠠ ᠪᠠ ᠪᠣᠳᠠᠲᠠᠢ ᠶᠢ ᠡᠷᠬᠢᠮᠯᠡᠬᠦ ᠠᠷᠭ᠎ᠠ ᠬᠡᠮᠵᠢᠶ᠎ᠡ ᠪᠣᠯᠭᠠᠨ ᠬᠤᠪᠢᠷᠠᠭᠤᠯᠵᠤ᠂ | ᠵᠠᠰᠠᠭ ᠤᠨ ᠣᠷᠳᠣᠨ ᠤ ᠥᠷᠢ ᠥᠭᠴᠡᠭᠡ ᠶᠢ ᠰᠢᠢᠳᠪᠦᠷᠢᠯᠡᠬᠦ ᠠᠵᠢᠯ ᠢ ᠡᠮᠬᠢ ᠵᠢᠷᠤᠮ ᠲᠠᠢ ᠠᠬᠢᠭᠤᠯᠵᠤ᠂ ᠠᠵᠤ | ᠠᠬᠤᠢ ᠶᠢᠨ ᠡᠷᠡᠭᠦᠯ ᠢᠶᠠᠷ ᠠᠵᠢᠯᠯᠠᠬᠤ ᠶᠢ ᠪᠠᠲᠤᠯᠠᠬᠤ ᠬᠡᠷᠡᠭᠲᠡᠢ᠃ ᠦᠵᠡᠯ ᠰᠠᠨᠠᠭ᠎ᠠ ᠲᠠᠨᠢᠯᠲᠠ ᠪᠠᠨ ᠴᠢᠩᠭᠠᠳᠬᠠᠵᠤ᠂ | ᠰᠦᠨ ᠱᠤᠤ ᠴᠧᠩ ᠱᠦᠵᠢ ᠶᠢᠨ ᠶᠠᠷᠢᠶᠠᠨ ᠤ ᠵᠣᠷᠢᠭ ᠰᠠᠨᠠᠭ᠎ᠠ ᠶᠢ ᠰᠠᠶᠢᠳᠤᠷ ᠨᠠᠶᠢᠳᠠᠪᠤᠷᠢᠵᠢᠭᠤᠯᠵᠤ᠂ | ᠲᠣᠭᠲᠠᠭᠠᠯ ᠠᠴᠠ ᠵᠥᠷᠢᠴᠡᠭᠰᠡᠨ ᠪᠠ ᠲᠣᠭᠲᠠᠭᠠᠯ ᠳᠤ ᠨᠡᠶᠢᠴᠡᠭᠰᠡᠨ ᠵᠠᠭᠠᠭ ᠬᠢᠵᠠᠭᠠᠷ ᠢ ᠴᠢᠩᠭ᠎ᠠ ᠢᠯᠭᠠᠵᠤ᠂ | ᠲᠤᠪᠤᠶᠢᠮ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠦᠩᠭᠡᠨ ᠲᠠᠯ᠎ᠠ ᠪᠠ ᠦᠨᠳᠦᠰᠦ ᠠᠴᠠ ᠨᠢ ᠵᠠᠰᠠᠬᠤ᠂ | ᠨᠢᠭᠡ ᠠᠴᠠ ᠵᠦᠢᠴᠢᠯᠡᠵᠦ ᠨᠦᠬᠦᠭᠡ ᠶᠢ ᠮᠡᠳᠡᠬᠦ ᠶᠢ ᠪᠠᠷᠢᠮᠲᠠᠯᠠᠵᠤ᠂ ᠢᠯᠵᠠᠷᠠᠯ ᠢ ᠡᠰᠡᠷᠭᠦᠴᠡᠵᠦ ᠬᠤᠪᠢᠷᠠᠬᠤ ᠶᠢ | ᠰᠡᠷᠭᠡᠶᠢᠯᠡᠬᠦ ᠦᠵᠡᠯ ᠰᠠᠨᠠᠭᠠᠨ ᠤ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠵᠦ᠂ ᠰᠤᠷᠲᠠᠯ ᠤᠨ ᠪᠠᠶᠢᠭᠤᠯᠤᠯᠲᠠ ᠶᠢ | ᠲᠠᠰᠤᠷᠠᠯᠲᠠ ᠦᠭᠡᠢ ᠭᠦᠨᠵᠡᠭᠡᠶᠢᠷᠡᠭᠦᠯᠵᠦ᠂ ᠦᠷᠭᠦᠯᠵᠢᠯᠡᠨ ᠰᠠᠶᠢᠵᠢᠷᠠᠭᠤᠯᠬᠤ ᠶᠢ ᠠᠬᠢᠭᠤᠯᠬᠤ ᠬᠡᠷᠡᠭᠲᠡᠢ ᠭᠡᠵᠤ | ᠴᠢᠬᠤᠯᠠᠴᠢᠯᠠᠵᠠᠢ᠃ | ᠬᠤᠷᠠᠯ ᠳᠡᠭᠡᠷ᠎ᠡ᠂ ᠬᠤᠰᠢᠭᠤᠨ ᠤ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ ᠤᠨ | ᠪᠦᠷᠢᠯᠳᠤᠬᠦᠨ ᠰᠡᠷᠡᠮᠵᠢᠯᠡᠭᠦᠯᠬᠦ ᠬᠥᠮᠦᠵᠢᠯ ᠤᠨ ᠹᠢᠯᠢᠮ ᠢ ᠬᠠᠮᠳᠤᠪᠡᠷ ᠦᠵᠡᠪᠡ᠃ |