| 5 ᠰᠠᠷ᠎ᠠ ᠶᠢᠨ 30 ᠤ ᠡᠳᠦᠷ᠂ ᠵᠠᠯᠠᠶᠢᠳ ᠬᠤᠰᠢᠭᠤᠨ ᠤ ᠨᠠᠮ ᠤᠨ ᠬᠤᠷᠢᠶᠠᠨ ᠤ ᠱᠦᠵᠢ ᠴᠢ ᠯᠢᠨ ᠤᠷᠢᠳ | ᠬᠤᠵᠢᠳ ᠨᠠ ᠯᠠᠨ ᠶᠠ ᠵᠢᠦᠢ ᠶᠤᠸᠠᠢ ᠶᠤᠸᠠᠨ ᠭᠤᠷᠪᠠᠳᠤᠭᠠᠷ ᠬᠤᠭᠤᠴᠠᠭᠠᠨ ᠤ A ᠲᠣᠭᠤᠷᠢᠭ ᠤᠨ ᠪᠠᠷᠢᠯᠭ᠎ᠠ ᠶᠢᠨ | ᠲᠤᠬᠠᠢ ᠶᠢᠨ ᠲᠠᠯᠠᠪᠠᠢ᠂ ᠢᠨᠳᠡᠷ ᠲᠠᠬᠢ ᠭᠤᠷᠪᠠᠳᠤᠭᠠᠷ ᠳᠤᠮᠳᠠᠳᠤ ᠰᠤᠷᠭᠠᠭᠤᠯᠢ᠂ ᠢᠨᠳᠡᠷ ᠵᠦᠩ ᠰᠢᠨ ᠨᠠᠰᠤᠲᠠᠨ ᠢ | ᠠᠰᠠᠷᠠᠬᠤ ᠬᠦᠷᠢᠶᠡᠯᠡᠩ ᠵᠡᠷᠭᠡ ᠭᠠᠵᠠᠷ ᠢᠶᠠᠷ ᠬᠦᠷᠴᠦ ᠠᠶᠤᠯᠭᠦᠢ ᠦᠢᠯᠡᠳᠪᠦᠷᠢᠯᠡᠯ ᠤᠨ ᠠᠵᠢᠯ ᠢ ᠪᠠᠶᠢᠴᠠᠭᠠᠨ | ᠵᠢᠯᠣᠭᠤᠳᠪᠠ᠃ | ᠪᠠᠶᠢᠴᠠᠭᠠᠨ ᠰᠤᠳᠤᠯᠤᠯᠲᠠ ᠳᠤ ᠴᠢ ᠯᠢᠨ᠂ ᠠᠶᠤᠯᠭᠦᠢ ᠦᠢᠯᠡᠳᠪᠦᠷᠢᠯᠡᠯ ᠤᠨ ᠤᠯᠤᠰ ᠲᠦᠷᠦ ᠶᠢᠨ | ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠠᠶᠤᠯᠭᠦᠢ ᠦᠢᠯᠡᠳᠪᠦᠷᠢᠯᠡᠯ ᠢ ᠭᠤᠣᠯᠳᠠᠯᠭ᠎ᠠ ᠶᠢᠨ ᠳᠣᠲᠣᠷᠠᠬᠢ | ᠭᠤᠣᠯᠳᠠᠯᠭ᠎ᠠ ᠪᠣᠯᠭᠠᠨ ᠴᠢᠩᠭ᠎ᠠ ᠠᠳᠬᠤᠵᠤ ᠪᠣᠳᠠᠲᠠᠢ ᠠᠳᠬᠤᠬᠤ ᠬᠡᠷᠡᠭᠲᠡᠢ᠃ ᠪᠠᠷᠢᠯᠭ᠎ᠠ ᠶᠢᠨ ᠠᠵᠢᠯ ᠵᠡᠷᠭᠡ | ᠭᠤᠣᠯᠳᠠᠯᠭ᠎ᠠ ᠲᠠᠢ ᠬᠦᠷᠢᠶ᠎ᠡ᠂ ᠵᠠᠩᠭᠢᠯᠠᠭ᠎ᠠ ᠶᠢᠨ ᠭᠤᠭᠴᠤᠭ᠎ᠠ ᠶᠢ ᠴᠢᠩᠭ᠎ᠠ ᠠᠩᠬᠠᠷᠴᠤ᠂ ᠵᠢᠯᠣᠭᠤᠳᠬᠤ | ᠦᠢᠯᠡᠴᠢᠯᠡᠭᠡ ᠶᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠭᠡᠮ ᠰᠣᠭᠤᠭ ᠢ ᠪᠦᠬᠦ ᠲᠠᠯ᠎ᠠ ᠪᠠᠷ ᠵᠢᠭᠰᠠᠭᠠᠨ | ᠪᠠᠶᠢᠴᠠᠭᠠᠵᠤ ᠴᠡᠭᠴᠡᠯᠡᠨ ᠵᠠᠰᠠᠵᠤ᠂ ᠬᠠᠮᠤᠭ ᠤᠨ ᠴᠢᠩᠭ᠎ᠠ ᠪᠠᠷᠢᠮᠵᠢᠶ᠎ᠠ᠂ ᠬᠠᠮᠤᠭ ᠤᠨ ᠪᠣᠳᠠᠲᠠᠢ ᠠᠷᠭ᠎ᠠ | ᠬᠡᠮᠵᠢᠶ᠎ᠡ ᠪᠠᠷ ᠬᠦᠨᠳᠦ ᠶᠡᠭᠡ ᠠᠮᠤᠷ ᠲᠦᠪᠰᠢᠨ ᠤ ᠠᠶᠤᠯ ᠲᠦᠭᠰᠢᠭᠦᠷᠢ ᠶᠢ ᠪᠦᠲᠦᠮᠵᠢᠲᠡᠢ ᠰᠡᠷᠭᠡᠶᠢᠯᠡᠨ ᠠᠷᠢᠯᠭᠠᠬᠤ | ᠬᠡᠷᠡᠭᠳᠡᠢ᠃ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠥᠬᠦ | ᠬᠦᠴᠦᠨ ᠢᠶᠠᠷ ᠢᠶᠠᠨ ᠪᠠᠬᠢᠵᠢᠭᠦᠯᠵᠦ᠂ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠪᠠ | ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ ᠠᠶᠤᠯ ᠲᠦᠭᠰᠢᠭᠦᠷᠢ ᠶᠢᠨ ᠬᠡᠮ ᠰᠣᠭᠤᠭ ᠢ ᠬᠢᠨᠠᠨ ᠬᠠᠮᠢᠶᠠᠷᠬᠤ | ᠠᠵᠢᠯ ᠢ ᠴᠢᠩᠭᠠᠳᠬᠠᠵᠤ᠂ ᠡᠷᠲᠡᠬᠡᠨ ᠲᠥᠯᠥᠪᠵᠢᠭᠦᠯᠵᠦ᠂ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ | ᠤᠯᠤᠰ ᠤᠨ ᠨᠢᠭᠡᠳᠦᠯᠲᠡᠶ ᠰᠢᠯᠭᠠᠯᠲᠠ ᠶᠢᠨ ᠠᠮᠤᠷ ᠲᠦᠪᠰᠢᠨ ᠤ ᠪᠠᠲᠤᠯᠠᠭ᠎ᠠ ᠶᠢᠨ ᠠᠵᠢᠯ ᠢ ᠭᠦᠢᠴᠡᠳ ᠰᠠᠶᠢᠲᠤᠷ | ᠬᠢᠵᠦ᠂ ᠪᠠᠭᠰᠢ ᠰᠤᠷᠤᠭᠴᠢᠳ ᠤᠨ ᠰᠡᠳᠬᠢᠴᠡ ᠶᠢᠨ ᠠᠮᠤᠷ ᠲᠦᠪᠰᠢᠨ ᠤ ᠪᠠᠶᠢᠭᠤᠯᠤᠯᠲᠠ ᠶᠢ ᠦᠷᠭᠦᠯᠵᠢᠯᠡᠨ | ᠠᠩᠬᠠᠷᠴᠤ᠂ ᠰᠤᠷᠤᠭᠴᠢᠳ ᠤᠨ ᠵᠠᠮ ᠬᠠᠷᠢᠯᠴᠠᠭᠠᠨ ᠤ ᠠᠮᠤᠷ ᠲᠦᠪᠰᠢᠨ ᠪᠠ ᠤᠰᠤᠨ ᠳᠤ ᠵᠢᠪᠬᠦ ᠶᠢ ᠰᠡᠷᠭᠡᠶᠢᠯᠡᠬᠦ | ᠬᠥᠮᠦᠵᠢᠯ ᠢ ᠪᠠᠶᠢᠩᠭᠤᠵᠢᠭᠤᠯᠤᠨ ᠰᠠᠶᠢᠲᠤᠷ ᠥᠷᠨᠢᠭᠦᠯᠬᠦ ᠬᠡᠷᠡᠭᠲᠡᠶ᠃ ᠬᠥᠮᠦᠨ ᠬᠠᠷ᠎ᠠ ᠲᠥᠪᠯᠡᠷᠡᠭᠰᠡᠨ ᠲᠠᠯᠠᠪᠤᠷ | ᠭᠠᠵᠠᠷ ᠤᠨ ᠠᠮᠤᠷ ᠲᠦᠪᠰᠢᠨ ᠤ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ᠨᠠᠷᠢᠯᠢᠬᠵᠢᠭᠤᠯᠤᠭᠰᠠᠨ | ᠬᠠᠮᠢᠶᠠᠷᠤᠯᠲᠠ ᠶᠢ ᠴᠢᠩᠭᠠᠳᠬᠠᠨ᠂ ᠭᠠᠯ ᠰᠡᠷᠭᠡᠶᠢᠯᠡᠵᠤ ᠤᠨᠲᠠᠷᠠᠭᠠᠬᠤ ᠠᠮᠤᠷ ᠲᠦᠪᠰᠢᠨ ᠢ ᠴᠢᠩᠭᠠᠳᠬᠠᠵᠤ᠂ | ᠭᠠᠯ ᠤᠨ ᠡ᠊ᠨᠳᠡᠯ ᠢ ᠴᠢᠩᠭ᠎ᠠ ᠰᠡᠷᠭᠡᠶᠢᠯᠡᠨ᠂ ᠣᠨᠴᠠᠭᠠᠶ ᠬᠥᠮᠦᠰ ᠢ ᠠᠩᠬᠠᠷᠤᠨ ᠬᠠᠮᠢᠶᠠᠷᠬᠤ ᠬᠠᠮᠢᠶᠠᠷᠤᠯᠳᠠ ᠪᠠᠨ | ᠴᠢᠩᠭᠠᠳᠬᠠᠵᠤ᠂ ᠣᠯᠠᠨ ᠨᠡᠶᠢᠲᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠶ ᠭᠡᠵᠤ | ᠴᠢᠬᠤᠯᠠᠴᠢᠯᠠᠵᠠᠢ᠃ | ᠵᠠᠯᠠᠶᠢᠳ ᠬᠤᠰᠢᠭᠤᠨ ᠤ ᠤᠳᠤᠷᠢᠳᠤᠯᠭ᠎ᠠ ᠵᠠᠩ ᠵᠢᠶᠦ᠋ᠨ ᠢᠦᠶ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠤᠨ | ᠬᠠᠷᠢᠭᠤᠴᠠᠯᠭᠠᠲᠠᠨ ᠬᠠᠮᠲᠤ ᠪᠠᠶᠢᠴᠠᠭᠠᠪᠠ᠃ |