ᠯᠢ ᠬᠤᠤ ᠠᠶᠤᠯᠭᠦᠢ ᠦᠢᠯᠡᠳᠪᠦᠷᠢᠯᠡᠯ ᠢ ᠱᠠᠯᠠᠪᠳᠠᠭᠤᠯᠤᠨ ᠵᠢᠯᠣᠭᠤᠳᠴᠤ ᠪᠠᠶᠢᠴᠠᠭᠠᠬᠤ ᠠᠵᠢᠯ ᠥᠷᠨᠢᠭᠦᠯᠪᠡ
ᠨᠡᠶᠢᠲᠡᠯᠡᠭᠰᠡᠨ ᠴᠠᠭ᠄
2025/6/3
     5 ᠰᠠᠷ᠎ᠠ ᠶᠢᠨ 31᠎ ᠤ ᠡᠳᠦᠷ᠂ ᠵᠠᠯᠠᠶᠢᠳ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠯᠢ ᠬᠤᠤ ᠨᠠᠷ ᠹᠠᠨ ᠷᠦᠩ ᠵᠠᠬ᠎ᠠ ᠳᠡᠯᠭᠡᠭᠦᠷ᠂ ᠲᠣᠰᠣ ᠨᠡᠮᠡᠬᠦ ᠥᠷᠲᠡᠭᠡ ᠵᠡᠷᠭᠡ ᠭᠠᠵᠠᠷ ᠢᠶᠠᠷ ᠭᠦᠨᠵᠡᠭᠡᠶᠢᠷᠡᠵᠦ᠂ ᠪᠠᠶᠠᠷ ᠤᠨ ᠡᠳᠦᠷ ᠤᠨ ᠠᠶᠤᠯᠭᠦᠶ ᠦᠢᠯᠡᠳᠪᠦᠷᠢᠯᠡᠯ ᠤᠨ ᠠᠵᠢᠯ ᠢ ᠱᠠᠯᠠᠪᠳᠠᠭᠤᠯᠤᠨ ᠵᠢᠯᠣᠭᠤᠳᠴᠤ ᠪᠠᠶᠢᠴᠠᠭᠠᠪᠠ᠃     ᠯᠢ ᠬᠤᠤ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠠᠮᠤᠷ ᠲᠦᠪᠰᠢᠨ ᠤ ᠤᠬᠠᠮᠰᠠᠷ ᠢᠶᠠᠨ ᠲᠡᠭᠡᠭᠰᠢᠯᠡᠬᠦᠯᠵᠤ᠂ ᠠᠶᠤᠯᠭᠦᠢ ᠦᠢᠯᠡᠳᠪᠦᠷᠢᠯᠡᠯ ᠤᠨ ᠡᠨᠡᠬᠦ ᠬᠥᠪᠴᠢ ᠶᠢ ᠴᠠᠭ ᠢᠮᠠᠭᠲᠠ ᠴᠢᠩᠭᠠᠷᠠᠭᠤᠯᠵᠤ᠂ ᠰᠠᠯᠠᠭ᠎ᠠ ᠮᠥᠴᠢᠷ ᠤᠨ ᠬᠢᠨᠠᠨ ᠬᠠᠮᠢᠶᠠᠷᠬᠤ ᠬᠠᠷᠢᠭᠤᠴᠠᠯᠭ᠎ᠠ ᠪᠣᠯᠤᠨ ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠠᠶᠤᠯᠭᠦᠢ ᠦᠢᠯᠡᠳᠪᠦᠷᠢᠯᠡᠯ ᠤᠨ ᠲᠦᠷᠢᠮ ᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠠᠮᠤᠷ ᠲᠦᠪᠰᠢᠨ ᠤ  ᠲᠤᠨᠤᠭ ᠲᠥᠬᠦᠭᠡᠷᠦᠮᠵᠢ ᠶᠢ ᠪᠦᠷᠢᠨ ᠭᠦᠢᠴᠡᠳ ᠲᠡᠭᠦᠯᠳᠡᠷᠵᠢᠭᠦᠯᠤᠨ᠂ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢ ᠴᠢᠩᠭᠠᠳᠬᠠᠵᠤ᠂ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠪᠡᠯᠡᠳᠬᠡᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠡᠯ᠎ᠡ ᠲᠦᠷᠦᠯ ᠤᠨ ᠠᠮᠤᠷ ᠲᠦᠪᠰᠢᠨ ᠤ ᠡ᠊ᠨᠳᠡᠯ ᠭᠠᠷᠬᠤ ᠶᠢ ᠴᠢᠩᠭ᠎ᠠ ᠰᠡᠷᠭᠡᠶᠢᠯᠡᠬᠦ ᠬᠡᠷᠡᠭᠲᠡᠢ᠃ ᠤᠯᠠᠨ ᠲᠦᠮᠡᠨ ᠤ ᠰᠡᠳᠬᠢᠯ ᠬᠠᠨᠤᠮᠵᠢᠲᠠᠶ ᠪᠠᠶᠢᠬᠤ ᠪᠠᠷ ᠬᠠᠷᠠᠯᠲᠠ ᠪᠣᠯᠭᠠᠵᠤ᠂ ᠦᠨ᠎ᠡ ᠬᠠᠩᠰᠢ ᠶᠢᠨ ᠬᠢᠨᠠᠨ ᠬᠡᠮᠵᠢᠯᠲᠡ ᠶᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ᠂ ᠦᠢᠯᠡᠳᠪᠦᠷᠢᠯᠡᠯ ᠪᠣᠷᠣᠯᠠᠭᠤᠯᠭ᠎ᠠ ᠶᠢ ᠵᠣᠯᠭᠠᠭᠤᠯᠬᠤ ᠶᠢ ᠴᠢᠩᠭᠠᠳᠬᠠᠵᠤ᠂ ᠵᠠᠬ᠎ᠠ ᠳᠡᠯᠭᠡᠭᠦᠷ ᠤᠨ ᠡᠵᠡᠩᠨᠡᠯᠲᠡ ᠬᠠᠮᠢᠶᠠᠷᠤᠯᠲᠠ ᠶᠢ ᠴᠢᠩᠭᠠᠳᠬᠠᠵᠤ᠂ ᠲᠠᠷᠢᠶᠠᠯᠠᠩ ᠲᠤᠰᠠᠯᠠᠬᠤ ᠠᠵᠤ ᠠᠬᠤᠢ ᠶᠢᠨ ᠪᠦᠲᠦᠭᠡᠭᠳᠡᠬᠦᠨ ᠤ ᠬᠠᠩᠭᠠᠯᠭ᠎ᠠ ᠭᠦᠢᠴᠡᠳ᠂ ᠲᠦᠷᠦᠯ ᠵᠦᠢᠯ ᠡᠯᠪᠡᠭ ᠪᠠᠶᠠᠯᠢᠭ᠂ ᠶᠠᠰᠤ ᠴᠢᠨᠠᠷ ᠰᠠᠨᠠᠭ᠎ᠠ ᠠᠮᠤᠷ᠂ ᠦᠨ᠎ᠡ ᠬᠠᠩᠰᠢ ᠲᠣᠭᠲᠠᠭᠤᠨ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠢᠳᠡᠭᠡᠨ ᠤᠮᠳᠠᠭᠠᠨ ᠤ ᠠᠮᠤᠷ ᠲᠦᠪᠰᠢᠨ ᠤ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠪᠠᠲᠤ ᠡᠭᠦᠷᠭᠡᠯᠡᠵᠦ᠂ ᠬᠤᠷᠢᠭ᠎ᠠ ᠱᠤᠭᠤᠮ ᠤᠨ ᠰᠡᠳᠬᠢᠬᠦᠢ ᠶᠢ ᠪᠤᠢ ᠪᠣᠯᠭᠠᠵᠤ᠂ ᠡᠯ᠎ᠡ ᠲᠦᠷᠦᠯ ᠤᠨ ᠢᠳᠡᠭᠡᠨ ᠤᠮᠳᠠᠭᠠᠨ ᠤ ᠠᠮᠤᠷ ᠲᠦᠪᠰᠢᠨ ᠤ ᠬᠠᠤᠯᠢ ᠠᠴᠠ ᠵᠥᠷᠢᠴᠡᠭᠰᠡᠨ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠠᠷᠠᠳ ᠤᠯᠠᠨ ᠤ ︽ᠢᠳᠡᠭᠡᠨ ᠤᠮᠳᠠᠭᠠᠨ ᠤ ᠠᠮᠤᠷ ᠲᠦᠪᠰᠢᠨ︾᠎ ᠢ ᠪᠦᠬᠦ ᠬᠦᠴᠦᠨ ᠢᠶᠠᠷ ᠢᠶᠠᠨ ᠰᠠᠬᠢᠨ ᠬᠠᠮᠠᠭᠠᠯᠠᠬᠤ ᠬᠡᠷᠡᠭᠲᠡᠢ ᠭᠡᠵᠠᠢ᠃
 
ᠢᠷᠡᠯᠲᠡ᠄ ᠵᠠᠯᠠᠶᠢᠳ ᠤᠨ ᠸᠢᠴᠠᠲ ᠮᠡᠳᠡᠭᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号