ᠵᠠᠯᠠᠶᠢᠳ ᠬᠤᠰᠢᠭᠤ ᠤᠶᠤᠨᠴᠢ ᠵᠠᠰᠠᠬ ᠤᠨ ᠶᠠᠪᠤᠳᠠᠯ ᠢᠶᠠᠷ ᠤᠯᠠᠨ ᠲᠦᠮᠡᠨ ᠳᠤ ᠰᠢᠯᠢᠳᠡᠭ ᠦᠢᠯᠡᠴᠢᠯᠡᠭᠡ ᠬᠠᠨᠭ᠍ᠭᠠᠵᠤ ᠪᠤᠢ
ᠨᠡᠶᠢᠲᠡᠯᠡᠭᠰᠡᠨ ᠴᠠᠭ᠄
2025/6/3
     ᠡᠨᠡ ᠵᠢᠯ᠂ ᠵᠠᠯᠠᠶᠢᠳ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠪᠠ ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ ᠲᠣᠭᠠᠴᠢᠯᠠᠭᠰᠠᠨ ᠬᠤᠪᠢᠰᠤᠯᠲᠠ ᠪᠠᠷ ᠵᠢᠯᠣᠭᠤᠳᠤᠮᠵᠢ ᠪᠣᠯᠭᠠᠵᠤ᠂ ᠡᠯ᠎ᠡ ᠲᠥᠷᠥᠯ ᠤᠨ ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠡᠯᠧᠮᠧᠨ᠋ᠲ ᠢ ᠡᠮᠬᠢᠯᠡᠨ ᠨᠡᠶᠢᠯᠡᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠪᠠᠷᠢᠮᠵᠢᠶᠠᠵᠢᠭᠤᠯᠤᠯᠲᠠ᠂ ᠵᠢᠷᠤᠮᠵᠢᠭᠤᠯᠤᠯᠲᠠ᠂ ᠳᠥᠭᠦᠮᠴᠢᠯᠡᠯᠲᠡ᠂ ᠲᠣᠭᠠᠴᠢᠯᠠᠭᠰᠠᠨ ᠪᠠᠶᠢᠭᠤᠯᠤᠯᠲᠠ ᠶᠢ ᠠᠬᠢᠭᠤᠯᠵᠤ᠂ ᠠᠵᠢᠯ ᠶᠠᠪᠤᠳᠠᠯ ᠭᠦᠢᠴᠡᠳᠭᠡᠬᠦ ᠠᠵᠤ ᠠᠬᠤᠶᠢᠯᠠᠯ ᠪᠤᠯᠤᠨ ᠣᠯᠠᠨ ᠲᠦᠮᠡᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠣᠶᠢᠯᠠᠭᠠᠯᠲᠠ ᠲᠥᠷᠥᠭᠳᠡᠯ ᠢ ᠲᠠᠰᠤᠷᠠᠯᠲᠠ ᠥᠬᠡᠶ ᠳᠡᠭᠡᠭᠰᠢᠯᠡᠭᠦᠯᠪᠡ᠃     ᠥᠩᠭᠡᠷᠡᠭᠰᠡᠨ ᠳᠤ᠂ ᠤᠯᠠᠨ ᠲᠦᠮᠡᠨ ︽ᠦᠢᠯᠡᠴᠢᠯᠡᠭᠡᠨ ᠤ ᠴᠣᠩᠬᠤᠪᠴᠢ ᠳᠤ ᠠᠵᠢᠯ ᠶᠠᠪᠤᠳᠠᠯ ᠭᠦᠢᠴᠡᠳᠭᠡᠬᠦ︾᠎ ᠳᠤ ᠨᠠᠭᠠᠰᠢ ᠴᠠᠭᠠᠰᠢ ᠬᠦᠶᠦᠵᠦ ᠮᠠᠰᠢ ᠤᠯᠠᠨ ᠴᠠᠭ ᠵᠠᠷᠤᠴᠠᠭᠤᠯᠵᠤ᠂ ︽ᠰᠦᠯᠵᠢᠶᠡᠨ ᠳᠡᠭᠡᠷ᠎ᠡ ᠠᠵᠢᠯ ᠶᠠᠪᠤᠳᠠᠯ ᠭᠦᠢᠴᠡᠳᠭᠡᠬᠦ︾᠎ ᠨᠢ ᠪᠠᠰᠠ ᠬᠦᠳᠤᠯᠤᠨ ᠵᠢᠯᠤᠭᠤᠳᠬᠤ ᠬᠦᠮᠦᠨ ᠪᠠᠶᠢᠬᠤ ᠦᠭᠡᠢ ᠠᠴᠠ ᠭᠡᠷᠬᠢᠨ ᠬᠦᠢᠴᠡᠳᠭᠡᠬᠦ ᠪᠠᠨ ᠮᠡᠳᠡᠬᠦ ᠦᠭᠡᠢ ᠪᠠᠶᠢᠯ᠎ᠠ᠃ ᠡᠨᠡᠬᠦ ᠪᠠᠶᠢᠳᠠᠯ ᠳᠤ ᠴᠢᠭᠯᠡᠭᠦᠯᠦᠨ᠂ ᠵᠠᠯᠠᠶᠢᠳ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠪᠠ ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ ︽ᠸᠢᠳᠢᠤ᠋ ᠪᠠᠷ ᠭᠦᠢᠴᠡᠳᠭᠡᠬᠦ︾ ᠴᠣᠩᠬᠤᠪᠴᠢ ᠭᠠᠷᠭᠠᠵᠤ᠂ ᠲᠠᠭᠤ ᠸᠢᠳᠢᠤ᠋ ᠶᠢ ᠬᠤᠯᠪᠣᠬᠤ᠂ ᠳᠡᠯᠭᠡᠴᠡ ᠪᠠᠷ ᠲᠠᠮᠵᠢᠭᠤᠯᠵᠦ ᠬᠠᠮᠲᠤ ᠪᠠᠷ ᠡᠳ᠋ᠯᠡᠬᠦ᠂ ᠪᠢᠴᠢᠭ ᠮᠠᠲ᠋ᠧᠷᠢᠶᠠᠯ ᠢ ᠳᠠᠮᠵᠢᠭᠤᠯᠬᠤ᠂ ᠠᠯᠤᠰ ᠡᠵᠡᠮᠰᠢᠯ ᠢᠶᠠᠷ ᠬᠠᠪᠰᠤᠷᠤᠨ ᠬᠦᠢᠴᠡᠳᠭᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠣᠨᠳᠣᠤ ᠭᠠᠵᠠᠷ ᠲᠤ ᠮᠠᠳᠠᠭ ᠲᠠᠢ ᠠᠰᠠᠭᠤᠳᠠᠯ ᠢ ᠰᠢᠢᠳᠪᠦᠷᠢᠯᠡᠬᠦ ᠶᠢ ᠪᠡᠶᠡᠯᠡᠬᠦᠯᠵᠦ᠂ ᠣᠯᠠᠨ ᠲᠦᠮᠡᠨ ᠤ ᠠᠵᠢᠯ ᠶᠠᠪᠤᠳᠠᠯ ᠭᠦᠢᠴᠡᠳᠭᠡᠬᠦ ᠬᠡᠷᠡᠭᠴᠡᠭᠡ ᠱᠠᠭᠠᠷᠳᠠᠯᠭ᠎ᠠ ᠶᠢ ᠬᠠᠩᠭᠠᠪᠠ᠃     ︽︿ᠸᠢᠳᠢᠤ᠋ ᠪᠠᠷ ᠭᠦᠢᠴᠡᠳᠭᠡᠬᠦ﹀᠎ ᠨᠢ ᠳᠤᠬᠠᠶᠢᠯᠠᠬᠰᠠᠨ ᠠᠵᠢᠯ ᠤᠨ ᠲᠤᠰᠬᠠᠢ ᠮᠡᠷᠭᠡᠵᠢᠯ ᠤᠨ ᠬᠥᠮᠥᠨ ᠢᠶᠠᠷ ᠬᠠᠪᠰᠤᠷᠤᠨ ᠭᠦᠢᠴᠡᠳᠭᠡᠬᠦ ᠪᠠ ᠣᠷᠣᠯᠠᠨ ᠭᠦᠢᠴᠡᠳᠭᠡᠬᠦ ᠶᠢ ᠪᠡᠶᠡᠯᠡᠭᠦᠯᠵᠦ᠂ ᠠᠵᠤ ᠠᠬᠤᠶᠢᠯᠠᠯ ᠪᠠ ᠣᠯᠠᠨ ᠲᠦᠮᠡᠨ ᠤ ᠰᠦᠯᠵᠢᠶᠡᠨ ᠳᠡᠭᠡᠷ᠎ᠡ ᠠᠵᠢᠯᠯᠠᠬᠤ᠂ ᠮᠠᠲ᠋ᠧᠷᠢᠶᠠᠯ ᠢ ᠳᠡᠭᠡᠭᠰᠢ ᠳᠠᠮᠵᠢᠭᠤᠯᠬᠤ᠂ ᠲᠤᠬᠠᠶᠢᠯᠠᠭᠰᠠᠨ ᠠᠵᠢᠯ ᠢ ᠭᠦᠢᠴᠡᠳᠭᠡᠬᠦ ᠵᠡᠷᠭᠡ ᠲᠠᠯ᠎ᠠ ᠪᠠᠷ ᠲᠤᠯᠭᠠᠷᠠᠭᠰᠠᠨ ᠠᠰᠠᠭᠤᠳᠠᠯ ᠢ ᠰᠢᠢᠳᠪᠦᠷᠢᠯᠡᠨ ᠦᠭᠴᠤ ᠪᠤᠢ︾ ᠭᠡᠵᠦ ᠵᠠᠯᠠᠶᠢᠳ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠪᠠ ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ ᠶᠢᠨ ᠸᠢᠳᠢᠤ᠋ ᠪᠠᠷ ᠭᠦᠢᠴᠡᠳᠭᠡᠬᠦ ᠴᠣᠩᠬᠤᠪᠴᠢ ᠶᠢᠨ ᠠᠵᠢᠯᠲᠠᠨ ᠵᠢᠶᠠᠩ ᠸᠧᠨ ᠶᠢᠨ ᠶᠠᠷᠢᠯ᠎ᠠ᠃     DeepSeek᠎ ᠶᠢᠨ ᠭᠡᠷᠡᠭᠯᠡᠯᠳᠡ ᠨᠢ ᠨᠠᠩ ᠴᠤ ᠵᠠᠯᠠᠶᠢᠳ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠳᠤ ᠪᠥᠬᠦ ᠲᠠᠯ᠎ᠠ ᠶᠢᠨ ᠣᠶᠤᠨᠴᠢ ᠳᠡᠰ ᠳᠠᠪᠰᠢᠯᠲᠠ ᠶᠢ ᠠᠪᠴᠢᠷᠠᠵᠤ ᠥᠭᠭᠦᠭᠰᠡᠨ ᠪᠠᠶᠢᠨ᠎ᠠ᠃ AI ᠵᠠᠰᠠᠭ ᠤᠨ ᠶᠠᠪᠤᠳᠠᠯ ᠤᠨ ᠣᠶᠤᠨᠴᠢ ᠦᠢᠯᠡᠴᠢᠯᠡᠭᠡ ᠨᠢ ᠬᠤᠪᠢ ᠬᠥᠮᠦᠨ ᠪᠠ ᠠᠵᠤ ᠠᠬᠤᠶᠢᠯᠠᠯ ᠤᠨ ᠠᠵᠢᠯ ᠶᠠᠪᠤᠳᠠᠯ ᠭᠦᠢᠴᠡᠳᠭᠡᠬᠦ ᠬᠡᠷᠡᠭᠴᠡᠭᠡ ᠱᠠᠭᠠᠷᠳᠠᠯᠭ᠎ᠠ ᠶᠢ ᠣᠶᠤᠨᠴᠢ ᠪᠠᠷ ᠢᠯᠭᠠᠨ ᠲᠠᠨᠢᠬᠤ ᠪᠠᠷ ᠳᠠᠮᠵᠢᠭᠤᠯᠤᠨ᠂ ᠬᠡᠷᠡᠭᠰᠡᠬᠦ ᠮᠠᠲ᠋ᠧᠷᠢᠶᠠᠯ᠂ ᠭᠦᠢᠴᠡᠳᠭᠡᠬᠦ ᠶᠠᠪᠤᠴᠠ᠂ ᠭᠦᠢᠴᠡᠳᠭᠡᠬᠦ ᠴᠠᠭ ᠪᠠ ᠭᠠᠵᠠᠷ ᠣᠷᠣᠨ ᠵᠡᠷᠭᠡ ᠵᠠᠩᠭᠢᠯᠠᠭ᠎ᠠ ᠶᠢᠨ ᠮᠡᠳᠡᠭᠡ ᠵᠠᠩᠭᠢ ᠶᠢ ᠣᠨᠣᠪᠴᠢᠲᠠᠶ ᠵᠣᠬᠢᠴᠠᠭᠤᠯᠵᠤ᠂ ᠨᠢᠭᠡ ᠳᠠᠷᠤᠪᠴᠢ ᠪᠠᠷ ᠬᠠᠷᠢᠭᠤᠯᠲᠠ ᠥᠭᠬᠦ ᠪᠠ ᠣᠶᠤᠨᠴᠢ ᠪᠠᠷ ᠬᠥᠲᠥᠯᠦᠨ ᠵᠢᠯᠣᠭᠤᠳᠬᠤ ᠦᠢᠯᠡᠴᠢᠯᠡᠭᠡ ᠬᠠᠩᠭᠠᠵᠤ᠂ ︽ᠣᠯᠠᠨ ᠲᠦᠮᠡᠨ ᠢ ᠭᠦᠶᠦᠯᠭᠡᠬᠦ︾᠎ ᠠᠴᠠ ︽ᠲᠤᠭ᠎ᠠ ᠪᠠᠷᠢᠮᠲᠠ ᠶᠢ ᠭᠦᠶᠦᠯᠭᠡᠬᠦ︾ ᠪᠣᠯᠭᠠᠨ ᠬᠤᠪᠢᠷᠠᠭᠤᠯᠬᠤ ᠶᠢ ᠦᠨᠡᠨᠬᠦ ᠪᠡᠶᠡᠯᠡᠭᠦᠯᠵᠦ᠂ ᠠᠵᠤ ᠠᠬᠤᠶᠢᠯᠠᠯ ᠪᠠ ᠣᠯᠠᠨ ᠲᠦᠮᠡᠨ ᠤ ᠠᠵᠢᠯ ᠶᠠᠪᠤᠳᠠᠯ ᠭᠦᠢᠴᠡᠳᠭᠡᠬᠦ ᠳᠤ ᠨᠠᠩ ᠲᠥᠬᠦᠮ᠂ ᠨᠠᠩ ᠲᠦᠷᠭᠡᠨ ᠪᠣᠯᠭᠠᠪᠠ᠃     ︽ᠡᠵᠡᠩᠨᠡᠯᠲᠡ ᠶᠢᠨ ᠦᠨᠡᠮᠯᠡᠯ ᠢ ᠭᠦᠢᠴᠡᠳᠭᠡᠬᠦ ᠳᠤ ᠶᠠᠮᠠᠷ ᠮᠠᠲ᠋ᠧᠷᠢᠶᠠᠯ ᠭᠡᠷᠡᠭᠰᠡᠵᠦ᠂ ᠶᠠᠮᠠᠷ ᠮᠠᠲ᠋ᠧᠷᠢᠶᠠᠯ ᠪᠡᠯᠡᠳᠭᠡᠬᠦ ᠶᠢ ᠮᠡᠳᠡᠬᠦ ᠦᠭᠡᠢ᠂ ᠵᠠᠰᠠᠭ ᠤᠨ ᠶᠠᠪᠤᠳᠠᠯ ᠤᠨ AI᠎ ᠠᠴᠠ ᠰᠤᠷᠠᠬᠯᠠᠬᠰᠠᠨ ᠤ ᠳ᠋ᠦᠡᠭ ᠳᠤ᠂ ᠲᠡᠷᠡ ᠨᠢ ᠶᠠᠮᠠᠷ ᠮᠠᠲ᠋ᠧᠷᠢᠶᠠᠯ ᠪᠡᠯᠡᠳᠭᠡᠬᠦ ᠶᠢ ᠬᠢᠨᠠᠮᠠᠭᠠᠢ ᠭᠡᠯᠡᠵᠦ ᠦᠭᠬᠦᠯ᠎ᠠ᠂ ᠮᠠᠲ᠋ᠧᠷᠢᠶᠠᠯ ᠢᠶᠠᠨ ᠪᠦᠷᠢᠨ ᠪᠤᠯᠭᠠᠬᠰᠠᠨ ᠤ ᠰᠠᠬᠦᠯᠡᠷ ᠨᠢᠭᠡ ᠯᠡ ᠤᠳᠠᠭ᠎ᠠ ᠳᠤ ᠰᠶᠢᠳᠪᠦᠷᠢᠯᠡᠵᠠᠢ︾ ᠭᠡᠵᠦ ᠶᠠᠪᠤᠳᠠᠯ ᠬᠦᠢᠴᠡᠳᠭᠡᠬᠦ ᠪᠠᠷ ᠢᠷᠡᠭᠰᠡᠨ ᠸᠠᠩ ᠸᠧᠨ ᠹᠸᠡᠭ ᠶᠠᠷᠢᠵᠦ ᠪᠠᠶᠢᠯ᠎ᠠ᠃     ᠡᠭᠦᠨ ᠠᠴᠠ ᠭᠠᠳᠠᠨ᠎ᠠ᠂ ᠣᠯᠠᠨ ᠲᠦᠮᠡᠨ ᠤ ᠠᠮᠢᠳᠤᠷᠠᠯ ᠳᠤ ᠲᠣᠬᠢᠶᠠᠯᠳᠤᠭᠰᠠᠨ ᠪᠤᠰᠤᠳ ᠵᠦᠢᠯ ᠤᠨ ᠲᠡᠷᠭᠡ ᠬᠥᠰᠭᠡ ᠶᠢᠨ ᠨᠡᠪᠲᠡᠷᠡᠬᠦ ᠶᠢ ᠬᠠᠷᠰᠢᠯᠠᠬᠤ᠂ ᠲᠡᠷᠭᠡᠨ ᠵᠣᠭᠰᠣᠭᠠᠯ ᠢ ᠲᠤᠭᠳᠠᠭᠠᠯ ᠪᠤᠰᠤ ᠪᠠᠷ ᠡᠵᠡᠯᠡᠬᠦ ᠵᠡᠷᠭᠡ ᠦᠵᠡᠭᠳᠡᠯ ᠢ ᠰᠢᠢᠳᠪᠦᠷᠢᠯᠡᠬᠦ ᠶᠢᠨ ᠲᠥᠯᠥᠭᠡ᠂ ᠳᠤᠰ ᠳᠤᠪᠴᠢᠶ᠎ᠠ ᠶᠢᠨ ᠬᠢᠨ 12345 ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠬᠠᠯᠠᠮᠰᠢᠯ ᠤᠲᠠᠰᠤ ᠳᠤ ᠲᠡᠷᠭᠡ ᠨᠡᠭᠦᠯᠭᠡᠬᠦ ᠦᠢᠯᠡᠴᠢᠯᠡᠭᠡᠨ ᠤ ᠴᠢᠳᠠᠮᠵᠢ ᠶᠢ ᠨᠡᠮᠡᠵᠦ ᠲᠣᠬᠢᠷᠠᠭᠤᠯᠪᠠ᠃ ᠬᠠᠯᠠᠮᠰᠢᠯ ᠤᠲᠠᠰᠤ ᠪᠠᠷ ᠲᠡᠷᠭᠡ ᠨᠡᠭᠦᠯᠭᠡᠬᠦ ᠦᠢᠯᠡᠴᠢᠯᠡᠭᠡ ᠨᠢ ᠬᠤᠲᠠ ᠶᠢᠨ ᠬᠠᠮᠢᠶᠠᠷᠤᠯᠲᠠ ᠳᠤᠮᠳᠠᠬᠢ ᠲᠡᠷᠭᠡ ᠨᠡᠭᠦᠯᠭᠡᠬᠦ ᠳᠤ ᠬᠦᠴᠢᠷᠲᠡᠶ ᠪᠠᠶᠢᠬᠤ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠵᠦ᠂ ᠣᠯᠠᠨ ᠲᠦᠮᠡᠨ ᠤ ᠶᠠᠪᠤᠵᠦ ᠰᠠᠭᠤᠬᠤ ᠳᠤ ᠲᠦᠬᠦᠮ ᠦᠵᠡᠬᠦᠯᠪᠡ᠃     ︽ᠲᠠᠷᠠᠭᠠᠴᠢ ᠪᠠᠷ᠂ ᠬᠤᠰᠢᠭᠤᠨ ᠤ ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠬᠠᠮᠢᠶᠠᠷᠤᠯᠳᠠ ᠶᠢᠨ ᠲᠣᠪᠴᠢᠶ᠎ᠠ ᠨᠠᠮ ᠤᠨ ᠭᠡᠰᠢᠬᠦᠨ ᠤᠯᠠᠨ ᠲᠦᠮᠡᠨ ᠳᠤ ᠦᠢᠯᠡᠴᠢᠯᠡᠬᠦ ᠡᠯ᠎ᠡ ᠵᠦᠢᠯ ᠤᠨ ᠥᠭᠡᠷᠡᠴᠢᠯᠡᠯᠲᠡ ᠶᠢᠨ ᠡᠭᠦᠷᠭᠡ ᠶᠢᠨ ᠲᠣᠭᠤᠷᠢᠨ ᠳᠤ᠂ ᠰᠦᠯᠵᠢᠶ᠎ᠡ ᠪᠠᠷ ᠭᠦᠢᠴᠡᠳᠭᠡᠬᠦ ᠨᠣᠷᠮ᠎ᠠ ᠥᠨᠳᠥᠷ ᠪᠤᠰᠤ᠂ ᠦᠨᠳᠦᠰᠦᠨ ᠱᠠᠲᠤᠨ ᠤ ᠣᠯᠠᠨ ᠲᠦᠮᠡᠨ ᠤ ᠠᠵᠢᠯ ᠶᠠᠪᠤᠳᠠᠯ ᠭᠦᠢᠴᠡᠳᠭᠡᠬᠦ ᠳᠤ ᠲᠥᠬᠦᠮ ᠥᠬᠡᠶ ᠵᠡᠷᠭᠡ ᠠᠰᠠᠭᠤᠳᠠᠯ ᠢ ᠭᠤᠤᠯᠳᠠᠯᠭ᠎ᠠ ᠲᠠᠢ ᠰᠢᠢᠳᠪᠦᠷᠢᠯᠡᠵᠦ᠂ ᠬᠤᠰᠢᠭᠤ᠂ ᠰᠤᠮᠤ ᠰᠢᠶᠠᠩ ᠪᠠᠯᠭᠠᠰᠤ᠂ ᠭᠠᠴᠠᠭ᠎ᠠ ᠲᠣᠰᠬᠤᠨ᠂ ᠠᠶᠢᠯ ᠳᠥᠷᠪᠡᠨ ᠱᠠᠲᠤᠨ ᠤ ᠦᠢᠯᠡᠴᠢᠯᠡᠭᠡᠨ ᠤ ᠲᠣᠤᠷ ᠢ ᠪᠥᠬᠦ ᠬᠦᠴᠦᠨ ᠢᠶᠠᠷ ᠢᠶᠠᠨ ᠪᠠᠶᠢᠭᠤᠯᠵᠤ᠂ ᠣᠯᠠᠨ ᠲᠦᠮᠡᠨ ᠤ ᠠᠵᠢᠯ ᠶᠠᠪᠤᠳᠠᠯ ᠭᠦᠢᠴᠡᠳᠭᠡᠬᠦ ᠳᠤ ᠣᠶᠢᠷ᠎ᠠ ᠬᠠᠪᠢ ᠳᠠᠭᠠᠨ ᠭᠦᠢᠴᠡᠳᠭᠡᠬᠦ᠂ ᠬᠡᠷ ᠤᠨ ᠡᠭᠦᠳᠡᠨ ᠳᠡᠭᠡᠨ ᠭᠦᠢᠴᠡᠳᠭᠡᠬᠦ᠂ ᠰᠦᠯᠵᠢᠶᠡᠨ ᠳᠡᠭᠡᠷ᠎ᠠ ᠭᠦᠢᠴᠡᠳᠭᠡᠬᠦ ᠶᠢ ᠪᠡᠶᠡᠯᠡᠭᠦᠯᠵᠦ᠂ ᠨᠠᠮ ᠤᠨ ᠭᠡᠰᠢᠬᠦᠨ ᠣᠯᠠᠨ ᠲᠦᠮᠡᠨ ᠳᠤ ᠦᠢᠯᠡᠴᠢᠯᠡᠬᠦ ᠶᠢ ᠦᠨᠡᠨᠬᠦ ᠣᠯᠠᠨ ᠲᠦᠮᠡᠨ ᠤ ︿ᠰᠡᠳᠭᠢᠯ ᠳᠤ ᠬᠠᠳᠠᠩᠰᠢᠭᠤᠯᠤᠨ᠎ᠠ﹀︾ ᠭᠡᠵᠦ ᠵᠠᠯᠠᠶᠢᠳ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠪᠠ ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠯᠢ ᠴᠠᠩ ᠷᠦᠨ ᠶᠠᠷᠢᠯ᠎ᠠ᠃                  ᠬᠣ᠋ ᡁᠢ ᠮᠢᠨ    ᠵᠢᠩ ᠶᠤᠸᠠᠢ ᠮᠡᠳᠡᠭᠡᠯᠡᠪᠡ
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号